ᠳᠠᠷᠠᠭ᠎ᠠ ᠵᠢᠯ ᠡᠴᠡ ᠬᠦᠩᠭᠡᠵᠢᠭᠦ᠎ᠳᠦ ᠦᠨᠳᠦᠰᠦᠨ᠎ᠳᠡᠭᠡᠨ 《ᠵᠣᠭᠣᠰ ᠵᠠᠷᠤᠬᠤ ᠦᠭᠡᠢ》 ᠵᠢ ᠴᠢᠷᠮᠠᠢᠨ ᠪᠡᠶᠡᠯᠡᠭᠦᠯᠦᠨ᠎ᠡ
2025-12-15 15:34:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠥᠬᠥ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠠᠵᠢᠯ᠎ᠤᠨ ᠬᠤᠷᠠᠯ 13 ᠎ᠤ ᠡᠳᠦᠷ ᠪᠡᠭᠡᠵᠢᠩ᠎ᠳᠦ ᠬᠤᠷᠠᠯᠳᠤᠵᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠬᠤᠷᠠᠯ ᠳᠡᠭᠡᠷ᠎ᠡ ᠣᠯᠠᠨ ᠲᠦᠷᠦᠯ᠎ᠦᠨ ᠲᠣᠭ᠎ᠠ ᠪᠠᠷᠢᠮᠲᠠ ᠪᠠ ᠠᠷᠭ᠎ᠠ ᠬᠡᠮᠵᠢᠶ᠎ᠡ ᠵᠢ ᠨᠡᠢᠲᠡᠯᠡᠪᠡ᠃ ᠡᠭᠦᠨ᠎ᠳᠦ᠂ 2026 ᠣᠨ᠎ᠳᠤ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ ᠳᠣᠲᠣᠷᠠᠬᠢ ᠬᠥᠩᠭᠡᠵᠢᠬᠦ ᠬᠤᠪᠢ ᠬᠥᠮᠥᠨ᠎ᠤ 《ᠥᠪᠡᠷ᠎ᠲᠡᠬᠡᠨ ᠵᠤᠭᠤᠰ ᠲᠦᠯᠦᠬᠦ ᠦᠭᠡᠢ》 ᠪᠠᠢᠬᠤ᠎ᠶᠢ ᠪᠦᠬᠦ ᠤᠯᠤᠰ᠎ᠲᠤ ᠦᠨᠳᠦᠰᠦᠨ᠎ᠳᠡᠭᠡᠨ ᠪᠡᠶᠡᠯᠡᠭᠦᠯᠬᠦ᠎ᠪᠡᠷ ᠴᠢᠷᠮᠠᠢᠨ᠎ᠡ ᠬᠡᠭᠦ ᠠᠭᠤᠯᠭ᠎ᠠ ᠪᠤᠢ᠃


2efe3f1b8cdf1b99c0299c59ae70ad3d.jpg


ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠵᠢᠨ ᠬᠢᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ ᠤᠯᠤᠰ᠎ᠤᠨ ᠦᠷᠡᠵᠢᠯ᠎ᠦᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ 2.55 ᠳ᠋ᠦᠩᠰᠢᠭᠤᠷ᠎ᠲᠤ ᠬᠦᠷᠴᠡᠢ᠃ ᠪᠥᠬᠥ ᠤᠯᠤᠰ᠎ᠲᠤ ᠨᠥᠬᠥᠴᠡᠯ᠎ᠳᠦ ᠨᠡᠢᠴᠡᠬᠦ ᠲᠤᠰᠠᠯᠠᠬᠤ ᠦᠷᠡᠵᠢᠯ᠎ᠦᠨ ᠵᠦᠢᠯᠡᠰ᠎ᠢ ᠴᠦᠮ ᠡᠮ ᠡᠮᠨᠡᠯᠭᠡ᠎ᠶᠢᠨ ᠳᠠᠭᠠᠳᠬᠠᠯ᠎ᠤᠨ ᠲᠥᠯᠥᠬᠦ ᠬᠡᠪᠴᠢᠶᠡᠨ᠎ᠳᠦ ᠣᠷᠣᠭᠤᠯᠵᠤ᠂ 7 ᠮᠤᠵᠢ ᠣᠷᠣᠨ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠵᠤ ᠬᠥᠩᠭᠡᠵᠢᠬᠦ ᠡᠮᠴᠢᠯᠡᠭᠡᠨ᠎ᠦ ᠵᠠᠷᠤᠳᠠᠯ᠎ᠢ ᠪᠥᠬᠥ ᠲᠣᠭ᠎ᠠ᠎ᠪᠠᠷ ᠨᠢ ᠪᠠᠲᠤᠯᠠᠵᠤ᠂ 95% ᠤᠷᠴᠢᠮ᠎ᠤᠨ ᠨᠢᠭᠡᠳᠦᠯᠲᠡᠢ ᠲᠥᠯᠥᠪᠵᠢᠭᠦᠯᠬᠦ ᠣᠷᠣᠨ᠎ᠳᠤ ᠦᠷᠡᠵᠢᠯ᠎ᠦᠨ ᠨᠡᠮᠡᠭᠦᠷᠢ ᠵᠢ ᠰᠢᠭᠤᠳ ᠳᠠᠭᠠᠳᠬᠠᠯ᠎ᠳᠤ ᠣᠷᠣᠯᠴᠠᠭᠰᠠᠳ᠎ᠲᠤ ᠣᠯᠭᠣᠪᠠ ᠭᠡᠵᠦ ᠢᠯᠡᠷᠬᠡᠢᠯᠡᠵᠡᠢ᠃

2026 ᠣᠨ᠎ᠳᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠠᠮᠢᠳᠤᠯᠢᠭ᠋᠎ᠢᠶᠠᠷ ᠠᠵᠢᠯ ᠣᠯᠬᠤ ᠬᠥᠮᠥᠰ᠂ ᠬᠥᠯᠥᠰᠦᠨ ᠲᠠᠷᠢᠶᠠᠴᠢᠨ᠂ ᠰᠢᠨ᠎ᠡ ᠠᠵᠢᠯ ᠣᠯᠭᠤᠯᠳᠠ ᠵᠢᠨ ᠬᠡᠯᠪᠡᠷᠢ᠎ᠶᠢᠨ ᠬᠥᠮᠥᠰ᠎ᠢ ᠦᠷᠡᠵᠢᠯ᠎ᠦᠨ ᠳᠠᠭᠠᠳᠬᠠᠯ᠎ᠤᠨ ᠬᠠᠮᠤᠷᠬᠤ ᠬᠡᠪᠴᠢᠶᠡᠨ᠎ᠳᠦ ᠣᠷᠣᠭᠤᠯᠬᠤ᠎ᠶᠢ ᠠᠬᠢᠭᠤᠯᠤᠨ᠎ᠠ᠃ ᠬᠥᠩᠭᠡᠵᠢᠬᠦ᠎ᠡᠴᠡ ᠡᠮᠦᠨᠡᠬᠢ ᠪᠠᠢᠴᠠᠭᠠᠯᠲᠠ᠎ᠶᠢᠨ ᠡᠮᠴᠢᠯᠡᠭᠡᠨ᠎ᠦ ᠵᠠᠷᠤᠳᠠᠯ᠎ᠤᠨ ᠪᠠᠲᠤᠯᠠᠭ᠎ᠠ᠎ᠶᠢᠨ ᠬᠢᠷᠢ ᠲᠦᠪᠰᠢᠨ᠎ᠢ ᠵᠦᠢ ᠵᠣᠬᠢᠰᠲᠠᠢ ᠳᠡᠭᠡᠭᠰᠢᠯᠡᠭᠦᠯᠵᠦ᠂ ᠪᠦᠬᠦ ᠤᠯᠤᠰ᠎ᠲᠤ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ ᠳᠣᠲᠣᠷᠠᠬᠢ ᠬᠥᠩᠭᠡᠵᠢᠬᠦ᠎ᠬᠤᠪᠢ ᠬᠥᠮᠥᠨ 《ᠥᠪᠡᠷ᠎ᠲᠡᠬᠡᠨ ᠵᠤᠭᠤᠰ ᠲᠦᠯᠦᠬᠦ ᠦᠭᠡᠢ》 ᠪᠠᠢᠬᠤ᠎ᠶᠢ ᠦᠨᠳᠦᠰᠦᠨ ᠎ᠳᠡᠭᠡᠨ ᠪᠡᠶᠡᠯᠡᠭᠦᠯᠬᠦ᠎ᠪᠡᠷ ᠴᠢᠷᠮᠠᠢᠨ᠎ᠠ᠃ ᠬᠥᠩᠭᠡᠵᠢᠯᠲᠡ᠎ᠶᠢᠨ ᠡᠪᠡᠳᠬᠦ᠎ᠶᠢ ᠵᠣᠭᠰᠤᠭᠠᠬᠤ ᠲᠣᠬᠢᠷᠠᠮᠵᠢᠲᠠᠢ ᠵᠦᠢᠯᠡᠰ᠎ᠢ ᠲᠡᠰ ᠲᠠᠷᠠᠭᠠᠯᠠᠯ ᠶᠣᠰᠣᠭᠠᠷ ᠰᠠᠭᠤᠷᠢ ᠮᠥᠩᠭᠥ᠎ᠶᠢᠨ ᠥᠭᠬᠦ ᠬᠡᠪᠴᠢᠶᠡᠨ᠎ᠳᠦ ᠣᠷᠣᠭᠤᠯᠤᠨ᠎ᠠ᠃ ᠦᠷᠡᠵᠢᠯ᠎ᠦᠨ ᠨᠡᠮᠡᠭᠦᠷᠢ᠎ᠶᠢ ᠲᠠᠰ ᠳᠠᠷᠠᠭᠠᠯᠠᠯ ᠶᠣᠰᠣᠭᠠᠷ ᠰᠢᠭᠤᠳ ᠳᠠᠭᠠᠳᠬᠠᠯ᠎ᠳᠤ ᠣᠷᠣᠯᠴᠠᠭᠰᠠᠳ᠎ᠲᠤ ᠣᠯᠭᠣᠬᠤ ᠎ᠶᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号