ᠥᠪᠥᠷ ᠮᠣᠩᠭᠣᠯ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠪᠡ
2025-12-15 15:42:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠥᠬᠥ ᠣᠷᠣᠨ᠎ᠤ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ ᠎ᠶᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠳᠡᠯ


ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠡᠳ᠋᠎ᠦᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠡᠳ᠋᠎ᠦᠨ ᠵᠠᠰᠠᠭ᠎ᠤᠨ ᠲᠣᠪᠴᠢᠶ᠎ᠠ᠄

ᠠᠵᠢᠯ ᠠᠯᠳᠠᠯᠲᠠ᠎ᠶᠢᠨ ᠪᠠᠲᠤᠯᠠᠭ᠎ᠠ᠎ᠶᠢᠨ ᠬᠢᠷᠢ ᠲᠦᠪᠰᠢᠨ ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠠᠯᠳᠠᠭᠰᠠᠳ᠎ᠤᠨ ᠠᠵᠢᠯ ᠠᠯᠳᠠᠭᠰᠠᠨ ᠬᠤᠭᠤᠴᠠᠭᠠᠨ᠎ᠳᠠᠬᠢ ᠦᠨᠳᠦᠰᠦᠨ ᠠᠮᠢᠳᠤᠷᠠᠯ᠎ᠢ ᠨᠠᠩ ᠰᠠᠢᠲᠤᠷ ᠪᠠᠲᠤᠯᠠᠬᠤ᠎ᠶᠢᠨ ᠲᠤᠰᠠᠳᠠ᠂ 《ᠠᠵᠢᠯ ᠠᠯᠳᠠᠯᠲᠠ᠎ᠶᠢᠨ ᠳᠠᠭᠠᠳᠬᠠᠯ᠎ᠤᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠯᠲᠠ᠎ᠶᠢᠨ ᠳᠠᠭᠠᠳᠬᠠᠯ᠎ᠤᠨ ᠬᠡᠷᠡᠭᠵᠢᠭᠦᠯᠬᠦ ᠠᠷᠭ᠎ᠠ》᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ 《ᠥᠪᠡᠷᠲᠡᠭᠡᠨ ᠵᠠᠰᠠᠬᠤ ᠣᠷᠣᠨ᠎ᠤ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ》(ᠥᠪᠥᠷ ᠮᠤᠩᠭᠤᠯ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠲᠠᠷᠬᠠᠭᠠᠭᠰᠠᠨ [2025] 40 ᠳ᠋ᠤᠭᠡᠷ ᠲᠣᠭᠠᠲᠤ) ᠎ᠤᠨ ᠬᠣᠯᠪᠣᠭᠳᠠᠯ ᠪᠦᠬᠦᠢ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠲᠠᠢ ᠤᠶᠠᠯᠳᠤᠭᠤᠯᠵᠤ᠂ ᠡᠳᠦᠭᠡ ᠪᠥᠬᠥ ᠣᠷᠣᠨ᠎ᠤ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠪᠣᠳᠠᠲᠠᠢ ᠵᠦᠢᠯᠡᠰ᠎ᠢ ᠳᠣᠣᠷᠠᠬᠢ ᠮᠡᠲᠦ ᠮᠡᠳᠡᠭᠳᠡᠶ᠎ᠡ᠃

ᠨᠢᠭᠡ᠂  ᠪᠠᠷᠢᠮᠵᠢᠶ᠎ᠠ ᠵᠢᠨ ᠳᠤᠬᠢᠷᠠᠭᠤᠯᠤᠯᠲᠠ

ᠪᠦᠬᠦ ᠣᠷᠣᠨ᠎ᠤ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ ᠲᠣᠬᠢᠷᠠᠭᠤᠯᠤᠭᠰᠠᠨ᠎ᠤ ᠳᠠᠷᠠᠭᠠᠬᠢ ᠨᠢᠭᠡᠳᠦᠭᠡᠷ ᠲᠥᠷᠥᠯ᠎ᠦᠨ ᠭᠠᠵᠠᠷ ᠣᠷᠣᠨ᠎ᠤ ᠪᠦᠬᠦᠯᠢ ᠡᠳᠦᠷ᠎ᠦᠨ ᠳᠦᠷᠢᠮᠲᠦ ᠠᠵᠢᠯᠴᠢᠨ ᠬᠡᠷᠡᠭᠯᠡᠬᠦ ᠰᠠᠷ᠎ᠠ᠎ᠶᠢᠨ ᠨᠠᠭᠠᠲᠤ ᠵᠠᠬ᠎ᠠ᠎ᠶᠢᠨ ᠴᠠᠯᠢᠩ 2380 ᠲᠥᠭᠥᠷᠢᠭ᠎ᠢᠶᠡᠷ ᠰᠠᠭᠤᠷᠢ ᠲᠣᠭ᠎ᠠ ᠪᠣᠯᠭᠠᠨ ᠬᠠᠷᠢᠴᠠᠯ᠎ᠢᠶᠠᠷ ᠪᠣᠳᠣᠵᠤ ᠣᠯᠭᠣᠨ᠎ᠠ᠂ ᠡᠭᠦᠨ᠎ᠳᠦ 1 — 12 ᠳ᠋ᠤᠭᠠᠷ ᠰᠠᠷ᠎ᠠ᠎ᠶᠢᠨ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ 95% ᠪᠡᠷ ᠣᠯᠭᠣᠨ᠎ᠠ; 13 ᠰᠠᠷ᠎ᠠ (ᠪᠠᠭᠲᠠᠨ᠎ᠠ)᠎ᠠᠴᠠ ᠳᠡᠭᠡᠭᠰᠢᠬᠢ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ 85% ᠪᠠᠷ ᠣᠯᠭᠣᠨ᠎ᠠ᠃ ᠠᠵᠢᠯ ᠠᠯᠳᠠᠯᠲᠠ᠎ᠶᠢᠨ ᠳᠠᠭᠠᠳᠬᠠᠯ ᠲᠤᠰᠢᠶᠠᠭᠠᠳ ᠪᠦᠬᠦᠯᠢ 10 ᠵᠢᠯ ᠪᠣᠯᠤᠭᠰᠠᠨ ᠮᠥᠷᠲᠡᠭᠡᠨ ᠪᠦᠬᠦᠯᠢ ᠲᠠᠪᠢᠨ ᠨᠠᠰᠤ ᠬᠦᠷᠦᠭᠰᠡᠨ ᠡᠷᠡᠭᠲᠡᠢ᠂ ᠪᠦᠬᠦᠯᠢ ᠳᠥᠴᠢᠨ ᠲᠠᠪᠤᠨ ᠨᠠᠰᠤ ᠬᠦᠷᠦᠭᠰᠡᠨ ᠡᠮᠡᠭᠲᠡᠢ ᠵᠢᠴᠢ ᠡᠷ᠎ᠡ ᠡᠮ᠎ᠡ ᠬᠣᠶᠠᠷ ᠲᠠᠯ᠎ᠠ᠎ᠪᠠᠷ᠎ᠢᠶᠠᠨ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢ ᠵᠡᠷᠭᠡ ᠳ᠋ᠦ᠍ᠨᠢ ᠠᠪᠤᠭᠰᠠᠨ ᠬᠥᠮᠥᠰ᠎ᠦᠨ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ ᠎ᠶᠢ ᠡᠮᠦᠨᠡᠬᠢ ᠵᠤᠷᠪᠤᠰ᠎ᠤᠨ ᠰᠠᠭᠤᠷᠢᠨ ᠳᠡᠭᠡᠷ᠎ᠡ ᠬᠠᠷᠢᠴᠠᠩᠭᠤᠢ᠎ᠪᠠᠷ 3% ᠪᠡᠷ ᠨᠡᠮᠡᠭᠳᠡᠭᠦᠯᠦᠨ᠎ᠡ᠃

ᠬᠣᠶᠠᠷ᠂ ᠬᠡᠷᠡᠭᠵᠢᠭᠦᠯᠭᠦ ᠴᠠᠭ

ᠲᠣᠬᠢᠷᠠᠭᠤᠯᠤᠯᠲᠠ ᠬᠢᠭᠰᠡᠨ᠎ᠦ ᠳᠠᠷᠠᠭᠠᠬᠢ ᠠᠵᠢᠯ ᠠᠯᠳᠠᠯᠲᠠ ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ 2025 ᠣᠨ᠎ᠤ 12 ᠰᠠᠷ᠎ᠠ᠎ᠠᠴᠠ ᠡᠬᠢᠯᠡᠵᠦ ᠬᠡᠷᠡᠭᠵᠢᠭᠦᠯᠦᠨ᠎ᠡ᠃

ᠭᠤᠷᠪᠠ᠂ ᠠᠵᠢᠯ᠎ᠤᠨ ᠱᠠᠭᠠᠷᠳᠠᠯᠭ᠎ᠠ

ᠡᠯ᠎ᠡ ᠠᠢᠮᠠᠭ ᠬᠣᠲᠠ ᠵᠢᠨ ᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠠᠷᠤᠢ ᠲᠦᠷᠭᠡᠨ ᠪᠠᠢᠷᠢᠯᠠᠭᠤᠯᠤᠨ ᠰᠠᠢᠲᠤᠷ ᠠᠳᠬᠤᠵᠤ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠳᠤ ᠴᠠᠭ ᠲᠤᠬᠠᠢ ᠳ᠋ᠤᠨᠢ ᠲᠣᠬᠢᠷᠠᠭᠤᠯᠤᠯᠲᠠ ᠬᠢᠵᠦ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ ᠴᠠᠭ ᠬᠤᠭᠤᠴᠠᠭ᠎ᠠ ᠶᠣᠰᠣᠭᠠᠷ ᠪᠤᠳᠠᠳᠠᠢ ᠎ᠳᠦ ᠨᠡᠢᠳᠡᠪᠦᠷᠢᠵᠢᠭᠤᠯᠬᠤ ᠵᠢ ᠦᠨᠡᠨᠬᠦ ᠪᠠᠲᠤᠯᠠᠵᠤ᠂ ᠠᠵᠢᠯ ᠠᠯᠳᠠᠭᠰᠠᠳ᠎ᠤᠨ ᠦᠨᠳᠦᠰᠦᠨ ᠡᠷᠬᠡ ᠠᠰᠢᠭ᠋᠎ᠢ ᠦᠨᠡᠨᠬᠦ ᠪᠠᠲᠤᠯᠠᠬᠤ ᠬᠡᠷᠡᠭᠲᠡᠢ᠃ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ ᠶᠠᠪᠤᠴᠠ᠎ᠳᠤ᠂ ᠠᠰᠠᠭᠤᠳᠠᠯ ᠲᠤᠯᠭᠠᠷᠠᠪᠠᠯ ᠴᠠᠭ ᠲᠤᠬᠠᠢ ᠳ᠋ᠤᠨᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠳᠦ ᠮᠡᠳᠡᠭᠦᠯᠦᠭᠡᠷᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ

                       2025 ᠣᠨ᠎ᠤ 12 ᠰᠠᠷ᠎ᠠ᠎ᠶᠢᠨ 10 ᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠯᠪᠠᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号