ᠨᠠᠮ᠎ᠤᠨ ᠲᠥᠪ ᠬᠣᠷᠢᠶ᠎ᠠ
ᠵᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ
ᠶᠢᠨ《ᠰᠠᠨᠠᠭᠤᠯᠭ᠎ᠠ》᠎ᠳᠠᠬᠢ
ᠥᠭᠡᠷᠡᠴᠢᠯᠡᠯᠲᠡ᠎ᠶᠢᠨ ᠪᠠᠢᠷᠢᠯᠠᠭᠤᠯᠤᠯᠲᠠ ᠪᠣᠯᠣᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠭᠡᠷᠡᠴᠢᠯᠡᠯᠲᠡ᠎ᠶᠢᠨ
ᠠᠷᠭ᠎ᠠ ᠬᠡᠮᠵᠢᠶ᠎ᠡ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ 《ᠰᠠᠨᠠᠭᠤᠯᠭ᠎ᠠ》᠎ᠳᠤ ᠲᠣᠭᠲᠠᠭᠠᠭᠰᠠᠨ ᠬᠠᠷᠠᠯᠲᠠ ᠠᠷᠭ᠎ᠠ ᠠᠪᠴᠠᠯ᠎ᠢ ᠨᠠᠢᠳᠠᠪᠤᠷᠢᠵᠢᠭᠤᠯᠬᠤ᠎ᠶᠢ
ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ᠎ᠶᠢᠨ
ᠠᠯᠪᠠᠨ ᠭᠡᠷ ᠡᠳᠦᠭᠡ ᠨᠡᠢᠭᠡᠮ ᠨᠡᠢᠳᠡ᠎ᠳᠦ ᠬᠠᠨᠳᠤᠭᠤᠯᠤᠨ ᠮᠠᠨ᠎ᠤ ᠣᠷᠣᠨ᠎ᠤ ᠥᠭᠡᠷᠡᠴᠢᠯᠡᠯᠲᠡ᠎ᠶᠢ ᠤᠯᠠᠮ ᠨᠢᠭᠡ
ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠭᠣᠣᠯᠳᠠᠯᠭ᠎ᠠ᠎ᠲᠠᠢ ᠵᠦᠢᠯᠡᠰ᠎ᠦᠨ ᠲᠤᠬᠠᠢ ᠰᠠᠨᠠᠯ ᠰᠠᠨᠠᠭᠤᠯᠭ᠎ᠠ᠎ᠶᠢ
ᠢᠯᠡ᠎ᠪᠡᠷ ᠬᠤᠷᠢᠶᠠᠵᠦ ᠪᠠᠢᠨ᠎ᠠ᠃ ᠨᠡᠢᠭᠡᠮ᠎ᠦᠨ ᠡᠯ᠎ᠡ ᠡᠲᠡᠭᠡᠳ᠎ᠦᠨ ᠢᠳᠡᠪᠬᠢᠲᠡᠢ ᠣᠷᠣᠯᠴᠠᠵᠤ ᠠᠷᠭ᠎ᠠ ᠤᠬᠠᠭᠠᠨ
ᠭᠠᠷᠭᠠᠬᠤ᠎ᠶᠢ ᠴᠢᠩ ᠰᠡᠳᠬᠢᠯ᠎ᠡᠴᠡ᠎ᠪᠡᠨ ᠤᠷᠢᠵᠤ ᠪᠠᠢᠨ᠎ᠠ᠃ ᠰᠠᠨᠠᠯ ᠬᠤᠷᠢᠶᠠᠬᠤ ᠠᠵᠢᠯ 2025 ᠣᠨ᠎ᠤ 12 ᠰᠠᠷ᠎ᠠ᠎ᠶᠢᠨ
20 ᠤ ᠡᠳᠦᠷ᠎ᠦᠨ 20 ᠴᠠᠭ ᠪᠣᠯᠲᠠᠯ᠎ᠠ ᠶᠠᠪᠤᠭᠳᠠᠨ᠎ᠠ᠃
ᠰᠠᠨᠠᠯ ᠰᠠᠨᠠᠭᠤᠯᠭ᠎ᠠ ᠬᠤᠷᠢᠶᠠᠬᠤ ᠬᠦᠷᠢᠶ᠎ᠡ ᠴᠠᠷᠠᠭ᠎ᠠ
1.《ᠳᠤᠮᠳᠠᠳᠤ ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ
ᠴᠤᠬᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ》᠎ᠶᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
2. 《ᠠᠮᠢ ᠠᠬᠤᠢ᠎ᠶᠢ ᠤᠷᠢᠳ ᠵᠢᠨᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂
ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ ᠦ ᠬᠠᠯᠬᠠᠪᠴᠢ᠎ᠶᠢ ᠪᠡᠭᠢᠵᠢᠭᠦᠯᠭᠦ》᠎ᠶᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
3. 《ᠤᠯᠤᠰ᠎ᠤᠨ ᠠᠮᠤᠷ ᠲᠦᠪᠰᠢᠨ᠎ᠦ ᠰᠢᠰᠲᠧᠮ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂
ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠭᠦ》᠎ᠶᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
4.《ᠣᠳᠣ᠌ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠶᠡᠬᠡᠪᠡᠷ ᠬᠥᠭᠵᠢᠭᠦᠯᠵᠦ᠂ ᠤᠯᠤᠰ᠎ᠤᠨ
ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠢ ᠪᠦᠲᠦᠭᠡᠨ ᠪᠠᠶ᠋ᠢᠭᠤᠯᠬᠤ》᠎ᠶᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
5. 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶᠢ
ᠲᠦᠷᠭᠡᠳᠬᠡᠵᠦ᠂ ᠤᠯᠤᠰ᠎ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ
ᠦᠢᠯᠡᠳᠪᠦᠷᠢᠯᠡᠯ ᠦᠨ ᠰᠠᠭᠤᠷᠢᠨ ᠢ ᠪᠦᠲᠦᠭᠡᠨ ᠪᠠᠶ᠋ᠢᠭᠤᠯᠬᠤ》᠎ᠶᠢᠨ
ᠲᠣᠭᠣᠷᠢᠨ᠎ᠳᠤ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
6.《ᠳᠣᠲᠣᠭᠠᠳᠤ ᠭᠠᠳᠠᠭᠠᠳᠤ ᠨᠡᠭᠡᠭᠡᠯᠲᠡ᠎ᠶᠢ ᠪᠥᠬᠥ ᠲᠠᠯ᠎ᠠ᠎ᠪᠠᠷ ᠥᠷᠭᠡᠳᠬᠡᠵᠦ᠂ ᠮᠠᠨ᠎ᠤ ᠤᠯᠤᠰ᠎ᠤᠨ
ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠠᠢᠭᠤᠯᠬᠤ》᠎ᠶᠢᠨ
ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
7.《ᠥᠪᠥᠷ ᠮᠣᠩᠭᠣᠯ᠎ᠤᠨ ᠣᠨᠴᠠᠯᠢᠬ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ
ᠠᠵᠤ ᠦᠢᠯᠡᠰ᠎ᠦᠨ ᠰᠢᠰᠲᠧᠮ ᠢ ᠪᠠᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ
ᠪᠤᠵᠠᠭᠠᠢᠷᠠᠭᠤᠯᠬᠤ》ᠵᠢᠨ ᠲᠤᠭᠤᠷᠢᠨ ᠳ᠋ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ
ᠪᠣᠳᠠᠲᠠᠢ ᠵᠦᠢᠯᠡᠰ;
8.《ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ
ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ
ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ》ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ
ᠵᠦᠢᠯᠡᠰ;
9.《ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠭᠦᠨᠵᠡᠭᠡᠢ ᠵᠣᠯᠭᠠᠭᠤᠯᠵᠤ᠂
ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠨᠠᠩ ᠰᠠᠢᠲᠤᠷ ᠠᠭᠤᠰᠤᠯᠴᠠᠬᠤ ᠪᠠ ᠦᠢᠯᠡᠴᠢᠯᠡᠬᠦ》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
10.《ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ
ᠪᠠᠢᠭᠤᠯᠤᠯ᠎ᠢ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠨᠡᠮᠡᠭᠳᠡᠭᠦᠯᠬᠦ》᠎ᠶᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
11.《ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠣᠷᠣᠨ ᠪᠦᠰᠡ᠎ᠶᠢᠨ
ᠵᠣᠬᠢᠴᠠᠩᠭᠤᠢ ᠬᠥᠭᠵᠢᠯᠲᠡ᠎ᠶᠢ ᠠᠬᠢᠭᠤᠯᠬᠤ》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ
ᠭᠦᠨᠵᠡᠭᠡᠢᠷᠡᠭᠦᠯᠬᠦ ᠪᠣᠳᠠᠲᠠᠢ ᠵᠦᠢᠯᠡᠰ;
12.《ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ᠎ᠤᠨ ᠬᠦᠴᠦᠷᠬᠡᠭ
ᠣᠷᠣᠨ᠎ᠢ ᠪᠦᠲᠦᠭᠡᠨ ᠪᠠᠶ᠋ᠢᠭᠤᠯᠬᠤ》ᠵᠢᠨ ᠲᠣᠭᠣᠷᠢᠨ᠎ᠳᠤ ᠥᠭᠡᠷᠡᠴᠢᠯᠡᠯᠲᠡ᠎ᠶᠢ
ᠭᠦᠨᠵᠡᠭᠡᠢᠷᠡᠭᠦᠯᠬᠦ ᠪᠣᠳᠠᠲᠠᠢ ᠵᠦᠢᠯᠡᠰ;
13.《ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂
ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠳᠤᠳᠠᠢ ᠠᠬᠢᠭᠤᠯᠬᠤ》 ᠵᠢᠨ
ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ ᠵᠦᠢᠯᠡᠰ;
14.《ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂
〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ
》 ᠵᠢᠨ ᠲᠣᠭᠣᠷᠢᠨ᠎ᠳᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠳᠠᠲᠠᠢ
ᠵᠦᠢᠯᠡᠰ;
15 . ᠪᠤᠰᠤᠳ ᠵᠦᠢᠯ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠥᠭᠡᠷᠡᠴᠢᠯᠡᠯᠲᠡ ᠵᠢᠨ ᠠᠯᠪᠠᠨ ᠭᠡᠷ᠎ᠡᠴᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ
ᠬᠠᠮᠲᠤᠷᠠᠨ ᠲᠠᠨ᠎ᠤ ᠡᠷᠬᠢᠮ ᠨᠠᠨᠳᠢᠨ ᠰᠠᠨᠠᠯ᠎ᠢ ᠬᠢᠨᠠᠮᠠᠭᠠᠢ ᠰᠤᠳᠤᠯᠵᠤ᠂ ᠠᠵᠢᠯ᠎ᠤᠨ ᠲᠣᠬᠢᠷᠠᠭᠤᠯᠤᠯᠲᠠ ᠪᠠ
ᠨᠠᠢᠳᠠᠪᠤᠷᠢᠵᠢᠭᠤᠯᠤᠯᠳᠠ ᠵᠢ ᠠᠬᠢᠭᠤᠯᠬᠤ ᠳᠤᠮᠳᠠ ᠭᠦᠢᠴᠡᠳ ᠢᠯᠡᠷᠡᠭᠦᠯᠦᠨ᠎ᠡ᠃ ᠥᠭᠡᠷᠡᠴᠢᠯᠡᠯᠲᠡ᠎ᠶᠢᠨ ᠦᠢᠯᠡᠰ᠎ᠢ
ᠬᠠᠯᠠᠮᠵᠢᠯᠠᠨ ᠳᠡᠮᠵᠢᠭᠰᠡᠨ᠎ᠳᠦ ᠴᠢᠨᠢ ᠲᠠᠯᠠᠷᠬᠠᠵᠤ ᠪᠠᠢᠨ᠎ᠠ!

ᠲᠤᠰ ᠮᠡᠷᠭᠡᠨ
ᠴᠤᠬᠤᠷ᠎ᠢ ᠰᠢᠷᠪᠢᠵᠦ ᠰᠠᠨᠠᠯ ᠵᠢᠨᠨ ᠳᠡᠪᠰᠢᠭᠦᠯᠦᠭᠡᠷᠡᠢ᠃
ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ