ᠣᠨᠣᠯ ᠎ᠢ ᠰᠣᠨᠣᠰᠪᠤᠷᠢᠲᠠᠢ ᠪᠤᠲᠠᠲᠦ ᠲᠦᠷᠦᠭᠳᠡᠯ ᠲᠠᠢ ᠲᠠᠢᠯᠪᠤᠷᠢᠯᠠᠵᠦ ᠲᠥᠷᠥ᠎ᠶ᠋ᠢᠨ ᠪᠣᠳᠣᠯᠭ᠎ᠠ᠎ᠶ᠋ᠢ ᠲᠠᠷᠢᠬᠢᠨ᠎ᠳᠤ ᠬᠠᠳᠠᠩᠱᠢᠭᠤᠯᠤᠨ ᠰᠡᠳᠬᠢᠯ᠎ᠳᠤ ᠰᠠᠭᠤᠬᠳᠠᠭᠤᠯᠵᠦ ᠬᠢᠩᠭᠠᠨ ᠠᠢᠮᠠᠭ ᠲᠦᠩᠯᠢᠶᠣᠤ ᠬᠣᠲᠠ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠣᠨᠴᠠᠯᠢᠭᠳᠦ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ
2025-12-16 16:35:47
ᠵᠣᠬᠢᠶᠠᠭ᠍ᠴᠢ᠄
ᠭᠤᠤ ᠮᠢᠨ ᠨᠠ ᠵᠢᠶᠠ ᠱᠢᠤᠸᠠᠢ ᠵᠢᠶᠠ ᠵᠢᠶᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠤᠯᠠᠨ ᠶᠠᠩᠵᠤ ᠬᠡᠯᠪᠡᠷᠢ᠎ᠶ᠋ᠢᠨ ᠤᠨᠴᠠᠯᠢᠭ ᠪᠦᠬᠦᠢ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠤᠯᠠᠨ ᠲᠦᠮᠡᠨ᠎ᠤ ᠳᠡᠷᠭᠡᠲᠡ ᠬᠦᠷᠭᠡᠪᠡ᠃

《ᠬᠠᠷᠠᠩᠭ᠎ᠠ ᠬᠡᠩᠭᠡᠷᠭᠡ ᠨᠢᠵᠢᠭᠢᠨᠡᠵᠦ ᠤᠯᠠᠭᠠᠨ ᠲᠤᠭ ᠨᠠᠮᠢᠷᠠᠨ᠎ᠠ᠂ ᠳᠥᠷᠪᠡᠳᠦᠭᠡᠷ ᠪᠦᠬᠦᠳᠡ ᠬᠤᠷᠠᠯ᠎ᠠᠴᠠ ᠪᠠᠶᠠᠷ᠎ᠤᠨ ᠮᠡᠳᠡᠭᠡ ᠳᠠᠮᠵᠢᠭᠤᠯᠵᠤ᠂ ᠤᠯᠤᠰ ᠳᠠᠶᠠᠭᠠᠷ ᠪᠠᠶᠠᠷᠯᠠᠯᠳᠤᠨ ᠬᠥᠭᠡᠷᠦᠯᠳᠦᠨ᠎ᠡ᠂ ᠦᠨᠡᠬᠡᠷ ᠰᠠᠢ᠌ᠨ !》 12 ᠰᠠᠷ᠎ᠠ᠎ᠶ᠋ᠢᠨ 9 ᠤ᠋ ᠡᠳᠦᠷ᠂ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠲᠢᠶ᠍ᠸ ᠰᠢ ᠵᠡᠭᠡᠯᠢ᠎ᠶ᠋ᠢᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠂ ᠢᠷᠠᠭᠤ ᠴᠡᠭᠡᠯᠬᠡᠨ ᠬᠠᠷᠠᠩᠭ᠎ᠠ ᠴᠠᠩ᠎ᠤᠨ ᠲᠠᠭᠤᠨ᠎ᠤ ᠳᠤᠮᠲᠠ ᠬᠠᠩᠭᠢᠨᠠᠮ᠎ᠠ ᠰᠠᠢᠬᠠᠨ ᠠᠶᠠᠯᠭᠤ ᠳᠠᠢ ᠤᠬᠠᠭᠤᠯᠤᠨ ᠳᠠᠢᠯᠪᠤᠷᠢᠯᠠᠯᠳᠠ ᠰᠣᠨᠣᠰᠳᠠᠵᠤ᠂ ᠰᠠᠭᠤᠭᠠᠯᠢ ᠠᠷᠠᠳ᠎ᠤᠨ ᠬᠠᠯᠠᠭᠤᠨ ᠬᠦᠷᠢᠶᠡᠯᠡᠯ᠎ᠢ ᠤᠯᠤᠨ᠎ᠠ᠃ ᠤᠯᠠᠭᠠᠨᠬᠣᠲᠠ᠎ᠶ᠋ᠢᠨ 《ᠠᠰᠢᠭ ᠲᠤᠰᠠ·ᠳᠡᠷᠭᠡᠳᠡᠬᠢ ᠬᠥᠮᠦᠨ》 ᠭᠡᠬᠦ᠌ ᠣᠨᠴᠠᠯᠢᠭ᠎ᠪᠦᠬᠦᠢ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠬᠢ᠎ᠶ᠋ᠢᠨ ᠬᠢᠨ ᠤᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠢ ᠤᠷᠠᠯᠢᠭ᠎ᠤ᠋ᠨ ᠬᠡᠯᠪᠡᠷᠢ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

《ᠦᠭᠡ᠎ᠨᠢ ᠤᠷᠤᠰᠤᠮ᠎ᠠ ᠰᠠᠢᠬᠠᠨ ᠪᠦᠭᠡᠳ ᠶᠣᠰᠣ ᠤᠴᠢᠷ᠎ᠢ ᠲᠣᠳᠣᠷᠬᠠᠶ ᠶᠠᠷᠢᠵᠤ᠂ ᠬᠡᠯᠡᠵᠦ᠍ ᠪᠠᠢᠭ᠎ᠠ᠎ᠨᠢ ᠪᠦᠷ ᠪᠢᠳᠡᠨ ᠎ᠦ ᠬᠠᠯᠠᠮᠵᠢᠯᠠᠵᠤ ᠪᠠᠢᠭ᠎ᠠ ᠶᠠᠪᠤᠳᠠᠯ ᠪᠣᠯᠤᠨ᠎ᠠ᠂ ᠡᠭᠦᠨ᠎ᠳᠦ ᠨᠠᠰᠤᠵᠢᠯ᠎ᠤᠨ ᠠᠰᠠᠷᠠᠮᠵᠢ ᠎ᠶ᠋ᠢᠨ ᠡᠮᠴᠢᠯᠡᠭᠡᠨ ᠎ᠦ ᠲᠥᠷᠥ ᠶ᠋ᠢᠨ ᠪᠣᠳᠣᠯᠭ᠎ᠠ᠎ᠶ᠋ᠢᠨ ᠲᠤᠬᠠᠶ ᠲᠠᠢᠯᠪᠤᠷᠢᠯᠠᠯᠲᠠ᠎ᠨᠢ ᠪᠢᠳᠡᠨ ᠎ᠢ ᠰᠡᠳᠭᠢᠯ ᠠᠮᠤᠷ ᠪᠣᠯᠭᠠᠪᠠ !》 ᠺᠤᠸᠠᠩ ᠴᠢᠥᠸᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠱᠢᠤᠸᠠᠢ ᠵᠢᠨ ᠲᠤᠬᠯᠠᠯᠲᠠ ᠳᠠᠢᠯᠪᠤᠷᠢᠯᠠᠯᠳᠠ᠎ᠶᠢ ᠰᠤᠨᠤᠰᠤᠬᠰᠠᠨ᠎ᠤ ᠳᠠᠷᠠᠭ᠎ᠠ ᠮᠠᠰᠢ ᠰᠡᠳᠬᠢᠯ ᠬᠦᠳᠡᠯᠦᠨ᠂ ᠡᠢᠮᠦᠷᠬᠦ᠌ ᠬᠡᠯᠪᠡᠷᠢ ᠨᠢ ᠮᠠᠰᠢ ᠠᠮᠢᠳᠤ ᠴᠣᠪᠣᠭᠣᠯᠢᠭ ᠪᠠᠢᠵᠤ᠂ ᠤᠯᠠᠨ ᠲᠦᠮᠡᠨ᠎ᠦ ᠰᠡᠳᠭᠢᠯ ᠎ᠦᠨ ᠦᠭᠡ᠎ᠶ᠋ᠢ ᠬᠡᠯᠡᠵᠦ᠍ ᠭᠠᠷᠭᠠᠭ᠍ᠰᠠᠨ᠎ᠢᠶᠠᠷ ᠪᠠᠷᠠᠬᠤ ᠦᠭᠡᠢ᠂ ᠪᠠᠶᠠᠷ ᠪᠠᠶᠠᠰᠤᠯ᠎ᠤᠨ ᠳᠤᠮᠳᠠ ᠤᠯᠠᠨ ᠲᠦᠮᠡᠨ᠎ᠤ ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠠᠢ ᠤᠢᠯᠠᠭᠠᠯᠲᠠ᠎ᠶᠢ ᠬᠦᠨᠵᠡᠬᠡᠢᠷᠡᠬᠦᠯᠵᠡᠢ ᠭᠡᠵᠦ ᠬᠡᠯᠡᠨ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠤᠯᠠᠭᠠᠨᠬᠣᠲᠠ ᠦᠨᠳᠦᠰᠦᠨ ᠱᠠᠲᠤᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠠᠱᠢᠭ ᠲᠤᠰᠠ·ᠳᠡᠷᠭᠡᠳᠡᠬᠢ ᠬᠥᠮᠦᠨ》 ᠭᠡᠬᠦ᠌ ᠣᠨᠣᠯ᠎ᠤᠨ ᠤᠬᠠᠭᠤᠯᠤᠨ ᠲᠠᠢᠯᠪᠤᠷᠢᠯᠠᠬᠤ ᠨᠠᠷᠠᠲᠤ ᠲᠡᠮᠳᠡᠭ᠌ᠲᠦ᠍᠎ᠶ᠋ᠢ ᠨᠠᠷᠢᠨ ᠨᠢᠮᠪᠠᠶ ᠡᠭᠦᠳᠴᠦ᠍᠂ 120 ᠭᠠᠷᠤᠶ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠮᠢᠩᠭ᠎ᠠ ᠭᠠᠷᠤᠶ ᠤᠬᠠᠭᠤᠯᠤᠨ ᠲᠠᠢᠯᠪᠤᠷᠢᠯᠠᠭ᠍ᠴᠢ᠎ᠶ᠋ᠢ ᠱᠢᠩᠭᠡᠭᠡᠨ ᠠᠪᠴᠠᠶ᠃ ᠲᠡᠳᠡ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ 《ᠤᠨᠤᠯ᠎ᠤᠨ ᠤᠬᠠᠭᠤᠯᠤᠨ ᠲᠠᠢᠯᠪᠤᠷᠢᠯᠠᠯᠲᠠ + 》 ᠤᠯᠠᠨ ᠡᠰᠢᠲᠦ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠰᠠᠢ᠌ᠨ ᠳᠤᠷ᠎ᠠ᠎ᠶ᠋ᠢᠨ ᠦᠢᠯᠡᠴᠢᠯᠡᠭᠡ᠂ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠤᠯᠠᠨ ᠵᠦᠢᠯ᠎ᠦᠨ ᠬᠡᠯᠪᠡᠷᠢ᠎ᠵᠢ ᠤᠶᠠᠯᠳᠤᠭᠤᠯᠤᠨ᠂ ᠤᠯᠠᠨ ᠲᠦᠮᠡᠨ᠎ᠦ ᠬᠠᠷᠠᠭᠠᠰᠤ ᠡᠴᠡ ᠡᠭᠦᠰᠴᠦ᠍ ᠂ ᠡᠩ ᠎ᠦᠨ ᠦᠭᠡ᠎ᠪᠡᠷ ᠶᠣᠰᠣ ᠤᠴᠢᠷ᠎ᠢ ᠵᠠᠳᠠᠯᠵᠤ᠂ ᠳᠡᠷᠭᠡᠳᠡᠬᠢ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠦᠰ᠎ᠢᠶᠡᠨ ᠰᠤᠷᠭᠠᠪᠠ᠃ ᠣᠳᠣᠬᠠᠨ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ 《ᠠᠰᠢᠭ ᠲᠤᠰᠠ·ᠳᠡᠷᠭᠡᠳᠡᠬᠢ ᠬᠥᠮᠦᠨ》 ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠭᠢ᠎ᠨᠢ ᠨᠢᠭᠡᠨᠲᠡ 1170 ᠭᠠᠷᠤᠶ ᠲᠠᠯᠠᠪᠠᠶ ᠤᠨᠴᠠᠯᠢᠭᠳᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠍᠂ 4.3 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃       12 ᠰᠠᠷ᠎ᠠ᠎ᠶ᠋ᠢᠨ 10 ᠎ᠤ᠋ ᠦᠳᠡ᠎ᠶ᠋ᠢᠨ ᠡᠮᠦᠨ᠎ᠡ᠂ ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠪᠤᠯᠤᠩ ᠭᠠᠴᠠᠭ᠎ᠠ᠎ᠵᠢᠨ ᠲᠣᠰᠭᠣᠨ ᠎ᠤ ᠠᠷᠠᠳ᠎ᠬᠤᠩ ᠭᠸ᠎ᠵᠢᠨ ᠭᠡᠷ᠎ᠲᠤ ᠬᠦᠷ ᠬᠥᠭ᠌ᠵᠢᠶᠡᠨ᠎ᠢᠶᠡᠷ ᠪᠢᠯᠬᠠᠵᠤ᠂ ᠬᠥᠷᠰᠢ ᠰᠠᠭᠠᠬᠠᠯᠲᠠ ᠎ᠶ᠋ᠢᠨ ᠬᠢᠨ ᠨᠢᠭᠡ ᠳᠣᠣᠷ᠎ᠠ ᠴᠤᠭ᠍ᠯᠠᠷᠠᠨ ᠰᠠᠭᠤᠵᠤ᠂ ᠤᠨᠴᠠᠯᠢᠭᠳᠦ ᠤᠬᠠᠭᠤᠯᠤᠨ ᠲᠠᠢᠯᠪᠤᠷᠢᠯᠠᠯᠲᠠ ᠬᠢᠪᠡ᠃ 《ᠨᠤᠲᠤᠭ ᠎ᠤᠨ ᠠᠶᠠᠯᠭᠤ᠎ᠪᠠᠷ ᠶᠣᠰᠣ ᠶᠠᠷᠢᠬᠤᠢ》 ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠬᠢ᠎ᠶ᠋ᠢᠨ ᠪᠦᠷᠢᠯᠳᠦᠬᠦᠨ ᠰᠦᠨ ᠴᠢᠶᠠᠩ ᠴᠠᠷᠭᠢᠯ ᠬᠣᠯᠪᠣᠭ᠎ᠠ ᠶᠠᠷᠢᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠣᠰᠭᠣᠨ᠎ᠤ ᠠᠷᠠᠳ᠎ᠤᠨ ᠠᠩᠬᠠᠷᠴᠤ᠌ ᠪᠠᠢᠭ᠎ᠠ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ᠂ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠵᠠᠮ ᠵᠡᠷᠭᠡ ᠠᠭᠤᠯᠭ᠎ᠠ᠎ᠲᠠᠶ ᠤᠶᠠᠯᠳᠤᠭᠤᠯᠵᠤ᠂ ᠤᠨᠤᠯ ᠎ᠤᠨ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠢᠷᠬᠠᠯᠲᠠᠢ ᠪᠥᠭᠡᠳ ᠦᠨᠡᠨ ᠪᠤᠲᠠᠲᠠᠢ ᠪᠣᠯᠭᠠᠪᠠ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠤᠯᠠᠨ ᠲᠦᠮᠡᠨ᠎ᠲᠡᠶ ᠮᠠᠰᠢ ᠣᠢᠷᠠᠳᠴᠤ᠌᠂ ᠤᠯᠠᠨ ᠲᠦᠮᠡᠨ᠎ᠦ ᠠᠩᠬᠠᠷᠴᠤ᠌ ᠪᠠᠢᠭ᠎ᠠ ᠶᠠᠪᠤᠳᠠᠯ ᠎ᠢ ᠶᠠᠷᠢᠵᠠᠢ᠃ ᠡᠢᠮᠦ᠍ ᠰᠠᠢᠨ ᠲᠥᠷᠥ᠎ᠶ᠋ᠢᠨ ᠪᠣᠳᠣᠯᠭ᠎ᠠ ᠪᠠᠶ᠋ᠢᠪᠠᠯ᠂ ᠪᠢᠳᠡᠨ᠎ᠦ ᠠᠮᠢᠳᠤᠷᠠᠯ ᠯᠠᠪᠲᠠᠶ ᠤᠯᠠᠮ ᠰᠠᠢᠨ ᠪᠣᠯᠤᠨ᠎ᠠ!》ᠬᠡᠵᠦ ᠬᠤᠩ ᠬᠸ ᠪᠣᠯᠤᠨ ᠨᠤᠲᠤᠭ᠎ᠤᠨ ᠠᠬ᠎ᠠ ᠳᠡᠭᠦᠦ᠍᠎ᠨᠡᠷ ᠪᠠᠢᠨ ᠳᠠᠬᠢᠨ ᠮᠠᠭ᠍ᠲᠠᠨ ᠰᠠᠢᠱᠢᠶᠠᠵᠤ ᠪᠠᠢᠯ᠎ᠠ᠃ ᠲᠣᠰ ᠤᠳᠠᠭᠠᠨ᠎ᠤ 《ᠨᠤᠲᠤᠭ ᠎ᠤᠨ ᠠᠶᠠᠯᠭᠤ ᠎ᠪᠠᠷ ᠶᠤᠰᠤ ᠶᠠᠷᠢᠬᠤᠢ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠭᠢ᠎ᠨᠢ ᠣᠨᠣᠯ᠎ᠤᠨ ᠭᠤᠤᠯᠯᠠᠭ᠍ᠴᠢ ᠬᠦᠴᠦᠨ᠂ ᠤᠯᠠᠭᠠᠨᠮᠥ᠋ᠴᠢᠷ᠎ᠦᠨ ᠭᠡᠱᠢᠭᠦᠨ᠂ ᠭᠠᠴᠠᠭᠠᠨ᠎ᠤ ᠺᠠᠳ᠋ᠷ᠎ᠢᠶᠠᠷ ᠪᠦᠷᠢᠯᠳᠦᠵᠦ᠍᠂ 《ᠣᠨᠣᠯ ᠎ᠤᠨ ᠲᠠᠢᠯᠤᠮᠵᠢ + ᠴᠠᠷᠭᠢᠯ ᠬᠣᠯᠪᠣᠭ᠎ᠠ + ᠳᠠᠭᠤᠤ ᠪᠥᠵᠢᠭ᠎ᠦᠨ ᠲᠣᠭ᠍ᠯᠠᠯᠲᠠ》 ᠶ᠋ᠢᠨ ᠣᠨᠴᠠᠯᠢᠭᠳᠦ ᠤᠬᠠᠭᠤᠯᠤᠨ ᠲᠠᠢᠯᠪᠤᠷᠢᠯᠠᠬᠤ ᠵᠠᠭ᠍ᠪᠤᠷ᠎ᠢᠶᠠᠷ ᠳᠠᠮᠵᠢᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠪᠣᠳᠠᠲᠤ ᠪᠠᠢᠳᠠᠯ᠂ ᠣᠯᠠᠨ ᠲᠦᠮᠡᠨ᠎ᠦ ᠠᠮᠢᠳᠤᠷᠠᠯ᠎ᠲᠠᠶ ᠨᠢᠭ᠍ᠲᠠ ᠤᠶᠠᠯᠳᠤᠭᠤᠯᠵᠤ᠂ 《ᠪᠢᠴᠢᠭ᠎ᠦᠨ ᠬᠡᠯᠡ》 ᠶ᠋ᠢ 《ᠶᠠᠷᠢᠶᠠᠨ᠎ᠤ ᠬᠡᠯᠡ》 ᠪᠤᠯᠭᠠᠵᠦ᠂ 《ᠶᠡᠬᠡ ᠶᠣᠰᠣ》 ᠶ᠋ᠢ 《ᠠᠷᠠᠳ᠎ᠤᠨ ᠠᠮᠢᠳᠤᠷᠠᠯ᠎ᠲᠠᠶ ᠣᠢᠷᠠᠲᠤᠭᠤᠯᠵᠤ》᠂ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ᠎ᠢ ᠰᠣᠨᠣᠰᠪᠤᠷᠢᠲᠠᠶ ᠪᠦᠭᠡᠳ ᠪᠤᠲᠠᠳᠦ ᠲᠥᠷᠥᠭ᠌ᠳᠡᠯ ᠲᠠᠢ ᠪᠤᠯᠭᠠᠵᠦ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠬᠥᠮᠦᠰ᠎ᠦᠨ ᠲᠠᠷᠢᠬᠢᠨ᠎ᠳᠤ ᠬᠠᠳᠠᠩᠰᠢᠭᠤᠯᠵᠦ ᠰᠡᠳᠭᠢᠯ᠎ᠳᠦ ᠰᠠᠭᠤᠬᠳᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号