ᠵᠠᠯᠠᠢᠳ ᠬᠤᠰᠢᠭᠤ ᠨᠡᠢᠭᠡᠮ ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠠᠷᠭ᠎ᠠ ᠵᠠᠮ ᠎ᠢ ᠨᠡᠬᠡᠬᠡᠯ᠎ᠡ
2025-12-16 10:59:43
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

《ᠬᠠᠮᠲᠤ ᠎ᠪᠠᠷ ᠪᠠᠢᠭᠤᠯᠬᠤ ᠬᠠᠮᠲᠤ ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ ᠎ᠦᠨ ᠵᠠᠰᠠᠯᠲᠠ᠎ᠶ᠋ᠢᠨ ᠲᠦᠷᠢᠮ ᠎ᠢ ᠲᠡᠭᠦᠯᠳᠡᠷᠵᠢᠭᠦᠯᠵᠦ᠍᠂ ᠨᠡᠢᠭᠡᠮ᠎ᠦᠨ ᠵᠠᠰᠠᠯᠲᠠ ᠎ᠶ᠋ᠢᠨ ᠣᠳᠣᠬᠢᠴᠢᠯᠠᠯᠲᠠ ᠶ᠋ᠢ ᠠᠬᠢᠭᠤᠯᠤᠨ᠎ᠠ》᠃ 《ᠤᠯᠠᠨ ᠲᠦᠮᠡᠨ᠎ᠳᠤ ᠦᠢᠯᠡᠴᠢᠯᠡᠵᠦ ᠤᠯᠠᠨ ᠲᠦᠮᠡᠨ ᠎ᠢ  ᠨᠢᠭᠲᠠᠷᠠᠭᠤᠯᠬᠤ ᠠᠵᠢᠯ ᠎ᠤᠨ ᠲᠣᠭ᠍ᠲᠠᠴᠠ ᠎ᠶ᠋ᠢ ᠲᠡᠭᠦᠯᠳᠡᠷᠵᠢᠭᠦᠯᠵᠦ᠂ ᠨᠡᠢᠭᠡᠮ ᠎ᠦᠨ ᠵᠠᠰᠠᠯᠲᠠ᠎ᠶ᠋ᠢᠨ ᠤᠯᠠᠨ ᠲᠦᠮᠡᠨ ᠎ᠦ  ᠰᠠᠭᠤᠷᠢ᠎ᠶ᠋ᠢ ᠪᠡᠬᠢᠵᠢᠭᠦᠯᠦᠨ᠎ᠡ》᠃

— 《ᠤᠯᠤᠰ ᠠᠷᠠᠳ ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠠᠨᠠᠭᠤᠯᠭ᠎ᠠ》 ᠡᠴᠡ ᠭᠡᠰᠡᠭᠯᠡᠪᠡ



11 ᠰᠠᠷ᠎ᠠ᠎ᠶ᠋ᠢᠨ 29᠎ᠤ᠋ ᠦᠳᠡ᠎ᠶ᠋ᠢᠨ ᠡᠮᠦᠨᠡᠬᠢ 9 ᠴᠠᠭ᠎ᠲᠤ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠢᠨᠳᠡᠷ ᠪᠠᠯᠭᠠᠰᠤᠨ᠎ᠳᠤ ᠢᠳᠡᠭᠡᠨ ᠤᠮᠳᠠᠭᠠᠨ᠎ᠤ ᠳᠡᠯᠭᠡᠭᠡ ᠮᠠᠢᠮᠠᠢ  ᠬᠢᠳᠡᠭ ᠯᠢᠦ ᠰᠢ ᠼᠠᠢ ᠬᠥᠭ᠌ᠰᠢᠨ᠎ᠲᠡᠶ᠎ᠪᠡᠨ ᠠᠷᠠᠳ᠎ᠲᠤ ᠲᠦᠬᠦᠮ ᠦᠵᠡᠭᠦᠯᠬᠦ᠌ ᠳᠡᠯᠭᠡᠭᠦᠷ᠎ᠦᠨ ᠡᠮᠦᠨ᠎ᠡ ᠶᠠᠭᠠᠷᠠᠯᠳᠤᠨ᠎ᠠ᠃ 29 ᠵᠢᠯ ᠳᠡᠯᠭᠡᠭᠡ ᠮᠠᠢᠮᠠᠢ ᠬᠢᠭᠰᠡᠨ ᠯᠢᠦ ᠠᠪᠠᠭ᠎ᠠ ᠥᠩᠭᠡᠷᠡᠭ᠌ᠰᠡᠨ᠎ᠤ ᠪᠠᠢᠳᠠᠯ᠎ᠵᠢᠡᠨ ᠡᠷᠬᠢᠴᠡᠭᠦᠯᠦᠨ 《ᠤᠤᠯ ᠨᠢ ᠶᠠᠭ ᠯᠠ〈ᠫᠠᠷᠲ᠋ᠢᠽᠠᠨ ᠳᠠᠢ᠌ᠨ ᠬᠢᠵᠦ᠍〉 ᠪᠠᠢᠭ᠍ᠰᠠᠨ ᠱᠢᠭ᠋᠂ ᠬᠤᠲᠠ᠎ᠶ᠋ᠢᠨ ᠬᠠᠮᠢᠶᠠᠷᠤᠯᠲᠠ᠎ᠵᠢᠨ ᠠᠵᠢᠯᠲᠠᠨ ᠢᠷᠡᠪᠡᠯ ᠶᠠᠭᠤᠮ᠎ᠠ ᠬᠡᠦᠮ᠎ᠡ᠎ᠪᠡᠨ ᠲᠢᠭ᠌ᠯᠡᠵᠦ᠍ ᠭᠠᠵᠠᠷ ᠱᠢᠯᠵᠢᠭᠦᠯᠳᠡᠭ》 ᠭᠡᠵᠦ ᠬᠡᠯᠡᠨ᠎ᠡ᠃

ᠤᠳᠤ ᠠᠯᠢᠪᠠ ᠪᠦᠬᠦᠨ ᠪᠦᠷ ᠬᠤᠪᠢᠷᠠᠵᠠᠶ᠃ ᠲᠤᠬᠠᠢ᠎ᠶ᠋ᠢᠨ ᠭᠠᠵᠠᠷ᠎ᠤᠨ ᠬᠢᠨ 《ᠶᠡᠬᠡ ᠶᠡᠷᠦᠩᠬᠡᠢᠯᠡᠭ᠌ᠰᠡᠨ ᠨᠢᠭᠡ ᠴᠤᠬ᠍ᠴᠠᠵᠢᠯᠳᠠ》 ᠵᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠥᠭᠡᠷᠡᠴᠢᠯᠡᠯᠲᠡ᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠎ᠤ ᠬᠠᠤᠯᠢ ᠬᠡᠷᠡᠭ᠌ᠵᠢᠭᠦᠯᠦᠯᠲᠡ᠎ᠵᠢᠨ ᠵᠢᠯᠣᠭᠣᠳᠤᠨ ᠲᠤᠬᠢᠷᠠᠭᠤᠯᠬᠤ ᠲᠥᠪ ᠪᠠᠢᠭᠤᠯᠵᠤ᠂ ᠯᠢᠦ ᠭᠤᠸᠠᠢ᠎ᠶ᠋ᠢᠨ《ᠪᠤᠬᠢᠨᠢᠳᠤᠵᠤ ᠪᠠᠢᠭ᠎ᠠ ᠶᠠᠪᠤᠳᠠᠯ》 ᠳ᠋ᠸ᠋ ᠬᠠᠷᠢᠭᠤ ᠥᠭ᠌ᠬᠦ ᠠᠷᠭ᠎ᠠ ᠵᠠᠮ᠎ᠲᠠᠶ ᠪᠣᠯᠪᠠ — ᠤᠳᠤ ᠨᠢᠭᠡ ᠤᠳᠠᠰᠤ ᠠᠪᠤᠪᠠᠯ ᠬᠤᠳᠠ ᠎ᠶ᠋ᠢᠨ ᠬᠠᠮᠢᠶᠠᠷᠤᠯᠲᠠ᠂ ᠵᠠᠮ ᠬᠠᠷᠢᠯᠴᠠᠭᠠᠨ᠎ᠤ ᠴᠠᠭ᠍ᠳᠠᠭ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠰᠤᠳᠤᠯᠤᠨ ᠮᠠᠭᠠᠳᠯᠠᠵᠤ᠂ ᠲᠡᠭᠦᠨ᠎ᠳᠦ ᠲᠣᠭ᠍ᠲᠠᠮᠠᠯ ᠭᠠᠵᠠᠷ ᠭᠠᠷᠭᠠᠵᠤ ᠥᠭ᠌ᠭᠦᠨ᠎ᠡ᠃ 《ᠣᠳᠣ ᠰᠠᠨᠠᠭ᠎ᠠ ᠠᠮᠠᠷᠠᠵᠠᠢ᠂ ᠡᠨᠳᠡ ᠲᠡᠨᠳᠡ ᠨᠢᠭᠤᠵᠤ ᠳᠤᠲᠠᠭᠠᠬᠤ ᠬᠡᠷᠡᠭ ᠦᠭᠡᠢ!》 ᠭᠡᠵᠦ ᠯᠢᠦ ᠰᠢ ᠼᠠᠢ ᠢᠨᠢᠶᠡᠮᠰᠦᠭ᠌ᠯᠡᠨ ᠶᠠᠷᠢᠨ᠎ᠠ᠃

ᠯᠢᠦ ᠰᠢ ᠼᠠᠢ ᠪᠤᠯ ᠵᠠᠯᠠᠢᠳ ᠬᠣᠱᠢᠭᠤᠨ ᠎ᠤ 《ᠶᠡᠬᠡ ᠶᠡᠷᠦᠩᠬᠡᠢᠯᠡᠭ᠌ᠰᠡᠨ ᠨᠢᠭᠡ ᠴᠤᠭ᠍ᠴᠠᠵᠢᠯᠳᠠ》 ᠵᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ᠎ᠡᠴᠡ ᠠᠰᠢᠬ ᠬᠦᠷᠳᠡᠭᠰᠡᠳ᠎ᠤᠨ ᠨᠢᠭᠡ ᠶᠤᠮ᠃ ᠰᠡᠳᠦᠪ ᠲᠠᠢᠯᠬᠤ ᠰᠡᠳᠭᠢᠬᠦᠶ᠎ᠶ᠋ᠢ ᠱᠢᠯᠢᠳᠡᠭ᠌ᠵᠢᠭᠦᠯᠬᠦ᠌᠎ᠪᠡᠷ ᠳᠠᠮᠵᠢᠨ ᠵᠠᠯᠠᠢᠳ ᠬᠣᠱᠢᠭᠤ ᠬᠠᠤᠯᠢ ᠬᠡᠷᠡᠭ᠌ᠵᠢᠭᠦᠯᠬᠦ᠌ ᠡᠩᠨᠡᠭᠡ ᠵᠢᠴᠢ ᠡᠯ᠎ᠡ ᠲᠥᠷᠥᠯ᠎ᠦᠨ ᠬᠠᠤᠯᠢ ᠬᠡᠷᠡᠭ᠌ᠵᠢᠭᠦᠯᠬᠦ᠌ ᠵᠦᠶ᠋ᠯᠡᠰ᠂ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭ᠌ᠵᠢᠭᠦᠯᠦᠯᠲᠡ ᠎ᠶ᠋ᠢᠨ ᠬᠢᠨᠠᠯᠲᠠ᠂ ᠬᠠᠤᠯᠢ ᠬᠡᠷᠡᠭ᠌ᠵᠢᠭᠦᠯᠬᠦ᠌ ᠲᠠᠪᠴᠠᠩ᠎ᠢ ᠡᠮᠬᠢᠯᠡᠨ ᠨᠡᠢᠯᠡᠭᠦᠯᠵᠦ᠍᠂ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠵᠢᠯᠣᠭᠣᠳᠤᠨ ᠲᠣᠬᠢᠷᠠᠭᠤᠯᠬᠤ ᠲᠥᠪ᠎ᠢ ᠵᠣᠬᠢᠶᠠᠨ ᠪᠠᠢᠭᠤᠯᠵᠤ᠂ 《ᠲᠠᠷᠠᠬᠠᠶ ᠪᠤᠲᠠᠷᠬᠠᠶ᠎ᠪᠠᠷ ᠬᠠᠤᠯᠢ ᠬᠡᠷᠡᠭ᠌ᠵᠢᠭᠦᠯᠬᠦ᠌》 ᠡᠴᠡ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠬᠤᠪᠢᠷᠠᠯᠲᠠ᠎ᠶ᠋ᠢ ᠪᠡᠶᠡᠯᠡᠭᠦᠯᠵᠦ᠍᠂ ᠬᠠᠤᠯᠢ ᠬᠡᠷᠡᠭ᠌ᠵᠢᠭᠦᠯᠦᠯᠲᠡ᠎ᠶ᠋ᠢ ᠡᠷᠴᠢᠮ᠎ᠲᠡᠶ ᠮᠥᠷᠲᠡᠭᠡᠨ ᠬᠠᠢᠷ᠎ᠠ ᠬᠠᠯᠠᠮᠵᠢ᠎ᠲᠠᠶ ᠪᠣᠯᠭᠠᠪᠠ᠃

ᠵᠢᠯ᠎ᠤᠨ ᠡᠬᠢᠨ᠎ᠡᠴᠡ ᠵᠠᠯᠠᠢᠳ ᠬᠣᠱᠢᠭᠤ ᠬᠠᠤᠯᠢ ᠬᠡᠷᠡᠭ᠌ᠵᠢᠭᠦᠯᠬᠦ᠌᠎ᠶ᠋ᠢ ᠬᠠᠮᠵᠢᠯᠴᠠᠬᠤ᠂ ᠮᠡᠳᠡᠭᠡ ᠵᠠᠩᠭᠢ ᠎ᠶ᠋ᠢ ᠬᠠᠮᠲᠤ ᠎ᠪᠠᠷ ᠡᠳ᠋ᠯᠡᠬᠦ᠌᠂ ᠬᠢᠨᠠᠯᠲᠠ ᠲᠠᠯᠪᠢᠵᠤ ᠬᠢᠵᠠᠭᠠᠷᠯᠠᠬᠤ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ 《ᠱᠦᠭᠯᠦ ᠳᠤᠤᠭᠠᠷᠪᠠᠯ ᠳᠠᠷᠤᠢᠬᠠᠨ ᠴᠤᠭᠯᠠᠷᠠᠬᠤ》᠂ 《ᠨᠢᠭᠡ ᠬᠡᠷᠡᠭ᠎ᠢ ᠬᠠᠮᠲᠤᠷᠠᠨ ᠪᠠᠢᠴᠠᠭᠠᠬᠤ》᠂ 《ᠣᠶᠤᠨᠴᠢ ᠎ᠪᠠᠷ ᠺᠣᠳ᠋ ᠣᠯᠭᠣᠬᠤ》᠂ 《ᠮᠡᠳᠡᠭᠡ ᠵᠠᠩᠭᠢ᠎ᠶ᠋ᠢ ᠬᠠᠷᠢᠯᠴᠠᠨ ᠨᠡᠪᠲᠡᠷᠡᠯᠴᠡᠭᠦᠯᠬᠦ᠌》᠂ 《ᠵᠥᠪᠳᠡᠯᠴᠡᠵᠦ᠍ ᠰᠤᠳᠤᠯᠤᠨ ᠮᠠᠭᠠᠳᠯᠠᠬᠤ》 ᠲᠠᠪᠤᠨ ᠶᠡᠬᠡ ᠠᠵᠢᠯ ᠎ᠤᠨ ᠲᠣᠭ᠍ᠲᠠᠴᠠ᠎ᠶ᠋ᠢ ᠱᠢᠨ᠎ᠡ᠎ᠪᠡᠷ ᠡᠭᠦᠳᠦᠨ ᠪᠠᠢᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠡᠷᠬᠡ ᠬᠠᠷᠢᠭᠤᠴᠠᠯᠭ᠎ᠠ ᠲᠡᠢᠰᠢ ᠵᠣᠬᠢᠴᠠᠭᠤᠯᠬᠤ᠂ ᠣᠷᠣᠨ ᠪᠦᠰᠡ ᠠᠯᠤᠰᠯᠠᠨ ᠬᠠᠮᠵᠢᠯᠴᠠᠬᠤ᠂ ᠪᠦᠬᠦᠯᠢ ᠴᠣᠭ᠍ᠴᠠ᠎ᠪᠠᠷ ᠣᠶᠤᠨᠴᠢ᠎ᠪᠠᠷ ᠵᠠᠰᠠᠬᠤ᠂ ᠵᠢᠷᠤᠮᠵᠢᠯ᠎ᠲᠠᠶ ᠡᠷᠴᠢᠮᠲᠡᠢ ᠬᠤᠪᠢᠷᠠᠭᠤᠯᠬᠤ᠎ᠶ᠋ᠢ ᠠᠬᠢᠭᠤᠯᠪᠠ᠃

《ᠥᠩᠭᠡᠷᠡᠭ᠌ᠰᠡᠨ᠎ᠳᠦ ᠦᠨᠳᠦᠰᠦᠨ ᠱᠠᠲᠤᠨ᠎ᠤ ᠬᠠᠤᠯᠢ ᠬᠡᠷᠡᠭ᠌ᠵᠢᠭᠦᠯᠬᠦ᠌ ᠬᠦᠴᠦᠨ ᠲᠠᠷᠠᠬᠠᠶ ᠪᠤᠲᠠᠷᠬᠠᠶ᠂ ᠲᠤᠱᠢᠶᠠᠯ ᠬᠠᠷᠢᠭᠤᠴᠠᠯᠭ᠎ᠠ ᠰᠣᠯᠪᠢᠴᠠᠬᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠎ᠳᠤ ᠬᠦᠴᠢᠷᠲᠡᠶ ᠵᠡᠷᠭᠡ 〈ᠲᠦᠭ᠌ᠵᠢᠷᠡᠯ〉 ᠡᠴᠡ ᠪᠣᠯᠵᠣ ᠬᠠᠤᠯᠢ ᠬᠡᠷᠡᠭ᠌ᠵᠢᠭᠦᠯᠦᠯᠲᠡ᠎ᠶ᠋ᠢᠨ ᠱᠢᠶ᠋ᠳᠪᠦᠷᠢᠯᠡᠯᠲᠡ ᠤᠳᠠᠭᠠᠱᠢᠷᠠᠵᠤ ᠪᠠᠢᠵᠠᠢ᠃ ᠥᠭᠡᠷᠡᠴᠢᠯᠡᠯᠲᠡ ᠎ᠶ᠋ᠢᠨ ᠳᠠᠷᠠᠭ᠎ᠠ ᠪᠥᠬᠥ᠌ ᠬᠣᠱᠢᠭᠤᠨ᠎ᠤ 12 ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ ᠲᠥᠪᠯᠡᠷᠠᠨ ᠠᠯᠪᠠᠯᠠᠵᠤ᠂ 〈ᠶᠡᠷᠦᠩᠭᠡᠢᠯᠡᠭᠰᠡᠨ ᠲᠥᠪ᠎ᠡᠴᠡ ᠨᠢᠭᠡᠳᠦᠯᠲᠡᠶ ᠵᠢᠯᠣᠭᠣᠳᠭᠤ᠂ ᠲᠤᠤᠷᠵᠢᠯ ᠡᠴᠡ ᠡᠳᠦᠷ ᠲᠤᠲᠤᠮ᠎ᠤᠨ ᠪᠠᠢᠴᠠᠭᠠᠯᠲᠠ ᠬᠢᠬᠦ᠂ ᠶᠡᠬᠡ ᠠᠩᠭᠢ᠎ᠡᠴᠡ ᠬᠠᠤᠯᠢ ᠬᠡᠷᠡᠭ᠌ᠵᠢᠭᠦᠯᠦᠨ ᠲᠣᠭᠣᠷᠢᠨ ᠪᠠᠢᠴᠠᠭᠠᠯᠲᠠ ᠬᠢᠬᠦ〉 ᠪᠣᠰᠣᠭ᠎ᠠ ᠴᠣᠭ᠍ᠴᠠᠲᠤ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠯᠳᠦᠭᠦᠯᠵᠦ᠍᠂〈ᠲᠦᠷᠭᠡᠨ ᠴᠤᠤᠷᠢᠶᠠᠲᠤᠨ ᠳᠠᠭᠠᠵᠤ᠂ ᠨᠢᠭᠡ ᠤᠴᠢᠷ ᠎ᠢ ᠬᠠᠮᠲᠤᠷᠠᠨ ᠭᠦᠶ᠋ᠴᠡᠳᠭᠡᠬᠦ᠌〉 ᠶ᠋ᠢ ᠪᠡᠶᠡᠯᠡᠭᠦᠯᠵᠠᠢ》 ᠭᠡᠵᠦ ᠵᠠᠯᠠᠢᠳ ᠬᠣᠱᠢᠭᠤᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠵᠢᠨ ᠵᠢᠯᠣᠭᠣᠳᠤᠨ ᠲᠣᠬᠢᠷᠠᠭᠤᠯᠬᠤ ᠲᠥᠪ᠎ᠦᠨ ᠠᠵᠢᠯᠲᠠᠨ ᠯᠢ ᠵᠠᠨ ᠵᠢᠶᠦ᠋ᠨ ᠲᠠᠨᠢᠯᠴᠠᠭᠤᠯᠪᠠ᠃

ᠬᠠᠤᠯᠢ ᠬᠡᠷᠡᠭ᠌ᠵᠢᠭᠦᠯᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠨᠢ ᠠᠵᠤ ᠠᠬᠤᠢᠯᠠᠯ ᠪᠠ ᠣᠯᠠᠨ ᠲᠦᠮᠡᠨ᠎ᠳᠦ ᠱᠢᠭᠤᠳ ᠠᠱᠢᠭ ᠬᠦᠷᠲᠡᠭᠡᠨ᠎ᠡ᠃ ᠵᠠᠯᠠᠢᠳ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠯᠠᠶ ᡁᠢ ᠭᠤᠸᠠᠩ᠂ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠨᠠᠷᠢᠨ ᠳᠠᠨᠭᠰᠠ᠎ᠶ᠋ᠢ ᠪᠠᠢᠭᠤᠯᠬᠤ᠎ᠪᠠᠷ ᠳᠠᠮᠵᠢᠨ ᠠᠵᠤ ᠠᠬᠤᠢᠯᠠᠯ᠎ᠳᠤ ᠦᠵᠡᠭᠦᠯᠬᠦ᠌ ᠬᠠᠷᠱᠢᠯᠠᠯ᠎ᠢ ᠪᠠᠭᠠᠰᠭᠠᠪᠠ᠃ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠎ᠶ᠋ᠢᠨ ᠭᠦᠨᠵᠡᠭᠡᠶ ᠠᠭᠤᠰᠤᠯᠴᠠᠯ᠎ᠢᠶᠠᠷ ᠳᠠᠮᠵᠢᠨ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠠᠵᠤ ᠠᠬᠤᠢᠯᠠᠯ ᠎ᠢ ᠣᠶᠤᠨ ᠴᠢᠳᠠᠯ᠎ᠢᠶᠠᠨ ᠲᠥᠪᠯᠡᠷᠡᠭᠦᠯᠦᠨ ᠦᠶ᠋ᠯᠡᠳᠪᠦᠷᠢᠯᠡᠯ᠎ᠢ ᠠᠳᠭᠤᠵᠤ᠂ ᠬᠥᠭ᠌ᠵᠢᠯᠲᠡ᠎ᠶ᠋ᠢ ᠰᠦᠪᠡᠭ᠌ᠴᠢᠯᠡᠵᠦ᠍ ᠴᠢᠳᠠᠬᠤ ᠪᠣᠯᠭᠠᠵᠠᠢ ᠭᠡᠪᠡ᠃ 《ᠪᠤᠢ ᠪᠦᠬᠦᠢ ᠴᠡᠭ᠌ᠴᠡᠯᠡᠨ ᠰᠠᠢᠵᠢᠷᠠᠭᠤᠯᠬᠤ ᠠᠰᠠᠭᠤᠳᠠᠯ ᠎ᠢ ᠨᠢᠭᠡ ᠯᠡ ᠤᠳᠠᠭ᠎ᠠ ᠳᠡᠭᠡᠷ᠎ᠡ ᠮᠡᠳᠡᠭ᠌ᠳᠡᠪᠡᠯ ᠪᠢᠳᠠᠨ᠎ᠤ ᠴᠡᠭ᠌ᠴᠡᠯᠡᠨ ᠰᠠᠢᠵᠢᠷᠠᠭᠤᠯᠬᠤ ᠦᠷ᠎ᠡ ᠪᠦᠲᠦᠮᠵᠢ ᠥᠨᠳᠥᠷ ᠪᠤᠯᠵᠤ᠂ ᠰᠡᠳᠭᠢᠯ ᠠᠮᠤᠷ ᠪᠣᠯᠤᠨ᠎ᠠ》 ᠭᠡᠵᠦ᠍ ᠵᠠᠯᠠᠢᠳ ᠬᠣᠱᠢᠭᠤᠨ᠎ᠤ ᠶᠦᠩ ᠯᠢᠨ ᠠᠮᠢᠳᠤ ᠪᠣᠳᠠᠰ᠎ᠤᠨ ᠢᠯᠴᠢ᠎ᠶ᠋ᠢᠨ ᠴᠠᠬᠢᠯᠭᠠᠨ ᠎ᠤ ᠬᠢᠵᠠᠭᠠᠷᠲᠤ ᠺᠣᠮᠫᠠᠨᠢ᠎ᠶ᠋ᠢᠨ ᠳᠠᠭᠠᠭᠠᠮᠠᠯ ᠬᠤ᠌ ᠱᠢᠤᠸᠠᠢ ᠬᠡᠯᠡᠪᠡ᠃

ᠥᠭᠡᠷᠡᠴᠢᠯᠡᠯᠲᠡ ᠎ᠶ᠋ᠢᠨ ᠦᠷ᠎ᠡ ᠪᠦᠲᠦᠮᠵᠢ ᠎ᠳᠦ ᠬᠠᠯᠠᠭᠤᠮᠰᠤᠭ᠎ᠢᠶᠠᠷ ᠦᠢᠯᠡᠴᠢᠯᠡᠬᠦ᠌ ᠬᠠᠯᠠᠭᠤᠨ ᠳᠤᠯᠠᠭᠠᠨ ᠪᠠᠢᠬᠤ᠎ᠪᠠᠷ ᠪᠠᠷᠠᠬᠤ ᠦᠭᠡᠢ ᠪᠠᠰᠠ ᠤᠨᠢᠨ ᠳᠡᠭᠡᠷ᠎ᠡ ᠨᠢ ᠬᠠᠤᠯᠢ ᠬᠡᠷᠡᠭ᠌ᠵᠢᠭᠦᠯᠬᠦ᠌ ᠡᠷᠴᠢᠮ ᠪᠤᠢ᠃ ᠣᠢᠷ᠎ᠠ᠎ᠳᠤ ᠵᠠᠯᠠᠢᠳ ᠬᠣᠱᠢᠭᠤᠨ ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠵᠢᠨ ᠵᠢᠯᠣᠭᠣᠳᠤᠨ ᠲᠣᠬᠢᠷᠠᠭᠤᠯᠬᠤ ᠲᠥᠪ᠎ᠨᠢ ᠣᠯᠠᠨ ᠲᠦᠮᠡᠨ᠎ᠦ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌᠂ ᠪᠠᠷᠠᠭᠠᠨ᠎ᠤ ᠲᠡᠷᠭᠡ᠎ᠶ᠋ᠢᠨ ᠬᠡᠮᠵᠢᠶ᠎ᠡ ᠳᠠᠭᠠᠭᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢᠬᠤ᠎ᠶ᠋ᠢ ᠲᠤᠰᠭᠠᠪᠠ᠃ ᠠᠵᠢᠯᠲᠠᠨ ᠲᠦᠷᠭᠡᠨ ᠬᠦᠳᠡᠯᠦᠯᠴᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠵᠠᠮ ᠬᠠᠷᠢᠯᠴᠠᠭᠠᠨ᠎ᠤ ᠴᠠᠭ᠍ᠳᠠᠭ᠎ᠠ ᠵᠡᠷᠭᠡ ᠰᠠᠯᠠᠭ᠎ᠠ ᠮᠥᠴᠢᠷ᠎ᠦᠨ ᠬᠠᠤᠯᠢ ᠬᠡᠷᠡᠭ᠌ᠵᠢᠭᠦᠯᠬᠦ᠌ ᠠᠵᠢᠯᠲᠠᠨ ᠲᠤᠬᠠᠶ᠎ᠶ᠋ᠢᠨ ᠲᠠᠯᠠᠪᠤᠷ᠎ᠲᠤ ᠬᠦᠷᠴᠦ᠍ ᠲᠣᠭᠣᠷᠢᠨ ᠪᠠᠢᠴᠠᠭᠠᠵᠤ᠂ ᠨᠢᠭᠡ ᠴᠠᠭ᠎ᠤᠨ ᠳᠣᠲᠣᠷ᠎ᠠ ᠲᠤᠬᠠᠶ᠎ᠶ᠋ᠢᠨ ᠲᠠᠯᠠᠪᠤᠷ᠎ᠲᠤ ᠪᠠᠢᠴᠠᠭᠠᠨ ᠱᠢᠶ᠋ᠳᠪᠦᠷᠢᠯᠡᠬᠦ᠌᠎ᠶ᠋ᠢ ᠪᠡᠶᠡᠯᠡᠭᠦᠯᠵᠦ᠍᠂ 《ᠪᠥᠬᠥ᠌ ᠬᠡᠯᠬᠢᠶ᠎ᠡ》 ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠨᠠᠷᠢᠯᠢᠭ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠢᠬᠤ᠎ᠶ᠋ᠢ ᠢᠯᠡᠷᠡᠭᠦᠯᠪᠡ᠃

《 ᠪᠢᠳᠡ 〈 ᠨᠢᠭᠡ ᠲᠦᠪ ᠡᠴᠡ ᠵᠢᠯᠣᠭᠣᠳᠬᠤ᠂ ᠨᠢᠭᠡ ᠲᠠᠪᠴᠠᠩ  ᠵᠢᠡᠷ ᠠᠵᠢᠯᠯᠠᠬᠤ᠂ ᠨᠢᠭᠡ ᠡᠩᠨᠡᠭᠡ ᠪᠡᠷ ᠬᠠᠤᠯᠢ ᠬᠡᠷᠡᠭ᠌ᠵᠢᠭᠦᠯᠬᠦ〉᠎ᠶ᠋ᠢ ᠰᠦᠪᠡᠭ᠌ᠴᠢᠯᠡᠨ ᠠᠬᠢᠭᠤᠯᠵᠤ᠂ ᠨᠠᠮ ᠎ᠤᠨ ᠪᠠᠢᠭᠤᠯᠤᠯᠲᠠ᠎ᠶ᠋ᠢᠨ ᠬᠠᠮᠢᠶᠠᠷᠤᠯᠲᠠ᠂ ᠲᠤᠬᠠᠢᠯᠠᠭ᠍ᠰᠠᠨ ᠠᠵᠢᠯ᠎ᠤᠨ ᠦᠶ᠋ᠯᠡᠴᠢᠯᠡᠭᠡ᠂ ᠪᠠᠢᠭᠤᠯᠭ᠎ᠠ᠎ᠶ᠋ᠢᠨ ᠬᠠᠮᠢᠶᠠᠷᠤᠯᠲᠠ᠂ ᠡᠳ᠋᠎ᠦᠨ ᠶᠠᠪᠤᠳᠠᠯ᠎ᠤᠨ ᠬᠠᠮᠢᠶᠠᠷᠤᠯᠲᠠ᠂ ᠬᠠᠤᠯᠢ ᠲᠦᠷᠢᠮ᠎ᠦᠨ ᠬᠢᠨᠠᠨ ᠬᠠᠷᠭᠤᠭᠤᠯᠤᠯᠲᠠ ᠵᠡᠷᠭᠡ ᠲᠠᠪᠤᠨ ᠶᠡᠬᠡ ᠭᠤᠤᠯᠯᠠᠬᠤ ᠡᠯᠧᠮᠧᠨ᠋ᠲ᠎ᠢ ᠠᠭᠤᠰᠤᠯᠴᠠᠭᠤᠯᠤᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠲᠡᠮᠦᠷ ᠴᠡᠷᠢᠭ᠎ᠢ ᠪᠥᠬᠥ᠌ ᠬᠦᠴᠦᠨ᠎ᠢᠶᠡᠷ᠎ᠢᠶᠡᠨ ᠳᠠᠪᠲᠠᠨ ᠪᠣᠯᠪᠠᠰᠤᠷᠠᠭᠤᠯᠪᠠ᠃ ᠥᠭᠡᠷᠡᠴᠢᠯᠡᠯᠲᠡ ᠬᠢᠭ᠌ᠰᠡᠨ᠎ᠡᠴᠡ ᠨᠠᠭᠠᠰᠢ ᠬᠠᠷᠢᠶ᠎ᠠ ᠣᠷᠣᠨ᠎ᠤ ᠳᠣᠲᠣᠷᠠᠬᠢ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠦᠶᠡᠯᠡᠯ᠎ᠦᠨ ᠬᠤᠭᠤᠴᠠᠭ᠎ᠠ 66.7% ᠪᠡᠷ ᠲᠦᠷᠭᠡᠰᠴᠦ᠍᠂ ᠪᠠᠢᠴᠠᠭᠠᠬᠤ ᠤᠳᠠᠭ᠎ᠠ ᠲᠤᠭ᠎ᠠ 20% ᠪᠡᠷ ᠪᠠᠭᠠᠰᠴᠤ᠌᠂ ᠤᠯᠠᠨ ᠲᠦᠮᠡᠨ ᠎ᠦ ᠬᠠᠨᠤᠮᠵᠢ᠎ᠶ᠋ᠢᠨ ᠬᠡᠮᠵᠢᠢ᠎ᠡ 95% ᠡᠴᠡ ᠳᠡᠭᠡᠭ᠌ᠰᠢ᠎ᠳᠦ ᠬᠦᠷᠴᠦ᠍᠂ ᠨᠢᠭᠡ ᠪᠦᠯᠦᠭ ᠤᠯᠠᠨ ᠲᠦᠮᠡᠨ᠎ᠦ ᠳᠡᠷᠭᠡᠳᠡᠬᠢ ᠬᠦᠴᠢᠷ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍᠂ ᠦᠨᠳᠦᠰᠦᠨ ᠱᠠᠲᠤᠨ᠎ᠤ ᠬᠡᠷᠡᠭ ᠱᠢᠢᠳᠪᠦᠷᠢᠯᠡᠬᠦ᠌ ᠬᠡᠮᠵᠢᠢ᠎ᠡ᠂ ᠬᠠᠨᠤᠮᠵᠢ᠎ᠶ᠋ᠢᠨ ᠨᠤᠷᠮ᠎ᠠ ᠎ᠵᠢᠨ 〈ᠬᠣᠣᠰ ᠳᠡᠭᠡᠭ᠌ᠰᠢᠯᠡᠯᠲᠡ》 ᠵᠢ ᠪᠡᠶᠡᠯᠡᠭᠦᠯᠵᠠᠢ》 ᠭᠡᠵᠦ ᠵᠠᠯᠠᠢᠳ ᠬᠣᠱᠢᠭᠤᠨ᠎ᠤ ᠬᠤᠳᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠲᠣᠪᠴᠢᠶᠠᠨ᠎ᠤ ᠳᠠᠷᠤᠭ᠎ᠠ ᠪᠦᠦ ᠭᠤᠤ᠎ᠠ ᠭᠡᠯᠡᠪᠡ᠃

《ᠪᠢᠳᠡ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ 〈ᠠᠰᠠᠭᠤᠳᠠᠯ ᠎ᠳᠤ ᠬᠠᠨᠳᠤᠬᠤ᠎ᠳᠠᠭᠠᠨ ᠣᠯᠠᠨ ᠲᠦᠮᠡᠨᠴᠢ ᠦᠵᠡᠯᠲᠡ᠎ᠲᠡᠶ ᠪᠠᠢᠬᠤ᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠱᠢᠰᠲ᠋ᠧᠮᠲᠦ ᠰᠡᠳᠭᠢᠬᠦᠶ᠎ᠲᠡᠶ ᠪᠠᠢᠬᠤ᠂ ᠱᠢᠨ᠎ᠡ᠎ᠶ᠋ᠢ ᠡᠭᠦᠳᠬᠦ᠌ ᠰᠡᠳᠭᠢᠬᠦᠶ᠎ᠲᠡᠶ ᠪᠠᠢᠬᠤ〉 ᠠᠵᠢᠯ ᠎ᠤᠨ ᠣᠢᠯᠠᠭᠠᠭ᠍ᠳᠠᠬᠤᠨ᠎ᠢ ᠪᠣᠶ ᠪᠣᠯᠭᠠᠵᠤ᠂ ᠱᠢᠰᠲ᠋ᠧᠮ᠎ᠲᠡᠶ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠪᠠᠷᠢᠮᠲᠠᠯᠠᠵᠤ᠂ 〈ᠶᠡᠬᠡ ᠶᠡᠷᠦᠩᠬᠡᠢᠯᠡᠭ᠌ᠰᠡᠨ ᠨᠢᠭᠡ ᠴᠣᠭ᠍ᠴᠠᠵᠢᠯᠲᠠ〉 ᠎ᠵᠢᠨ ᠥᠭᠡᠷᠡᠴᠢᠯᠡᠯᠲᠡ ᠎ᠶ᠋ᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠨᠠᠩ ᠣᠨᠣᠴᠠᠲᠠᠶ ᠥᠨᠳᠥᠷ ᠪᠦᠲᠦᠮᠵᠢᠲᠡᠶ ᠪᠣᠯᠭᠠᠵᠤ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ》 ᠭᠡᠵᠦ᠍ ᠵᠠᠯᠠᠢᠳ ᠬᠣᠱᠢᠭᠤᠨ᠎ᠤ ᠨᠠᠮ᠎ᠤᠨ ᠬᠤᠷᠢᠶ᠎ᠠ᠎ᠵᠢᠨ ᠱᠦᠵᠢ ᠴᠢ ᠯᠢᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号