ᠪᠦᠦ ᠭᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
12 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ 2025 ᠣᠨ ᠤ 12 ᠳ᠋ᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ (ᠥᠷᠭᠡᠳᠭᠡᠭ᠌ᠰᠡᠨ) ᠵᠢᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠤᠬᠠᠭᠤᠯᠤᠨ ᠲᠠᠢᠯᠪᠤᠷᠢᠯᠠᠪᠠ᠃
ᠬᠤᠷᠠᠯ᠎ᠡᠴᠡ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠶ᠋ᠴᠡᠳ ᠲᠠᠨᠢᠵᠤ᠂ 《ᠬᠣᠶᠠᠷ ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠤᠨᠤᠪᠴᠢᠳᠠᠢ ᠡᠵᠡᠮᠳᠡᠵᠤ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ ᠪᠠᠢᠭᠤᠯᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠂ ᠪᠦᠬᠦ᠌ ᠲᠠᠯ᠎ᠠ᠎ᠪᠠᠷ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠂ ᠥᠭᠡᠷᠡᠴᠢᠯᠡᠯᠲᠡ ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ ᠢ ᠱᠢᠯᠢᠳᠡᠭ᠌ᠵᠢᠭᠦᠯᠬᠦ᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠬᠤ᠂ ᠠᠷᠠᠳ ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃
ᠬᠤᠷᠠᠯ᠎ᠡᠴᠡ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠦᠨᠡᠨ ᠪᠣᠳᠠᠲᠠᠶ ᠲᠡᠷᠡ ᠶᠣᠰᠣᠭᠠᠷ᠎ᠨᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠬᠠᠤᠯᠢ ᠪᠡᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠂ ᠥᠨᠳᠥᠷ ᠪᠦᠲᠦᠮᠵᠢᠲᠡᠶ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ᠂ ᠦᠶ᠋ᠯᠡᠴᠢᠯᠡᠭᠡᠨ᠎ᠦ ᠬᠡᠯᠪᠡᠷᠢ᠎ᠶ᠋ᠢᠨ ᠵᠠᠰᠠᠭ ᠤᠨ ᠣᠷᠳᠣᠨ ᠢ ᠴᠢᠷᠮᠠᠢᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠬᠡᠷᠡᠭᠳᠠᠢ ᠭᠡᠵᠤ ᠴᠢᠬᠤᠯᠠᠴᠢᠯᠠᠪᠠ᠃