ᠪᠤᠭᠤᠲᠤ ᠬᠤᠳᠠ ᠤᠢᠷ᠎ᠠ ᠵᠢᠨ ᠡᠳᠦᠷ ᠦᠪᠦᠷ ᠮᠤᠩᠭᠤᠯᠤᠨ ᠦᠪᠡᠷᠳᠡᠭᠡᠨ ᠵᠠᠰᠠᠬᠤ ᠤᠷᠤᠨᠤ ᠵᠠᠰᠠᠭᠤᠨ ᠤᠷᠳᠤᠨᠤ ᠵᠦᠪᠰᠢᠶᠡᠷᠡᠯ ᠵᠢᠡᠷ ᠦᠪᠦᠷ ᠮᠤᠩᠭᠤᠯᠤᠨ ᠲᠡᠤᠬᠡ ᠰᠤᠶᠤᠯᠤᠨ ᠨᠡᠷᠡᠳᠤ ᠬᠤᠳᠠ ᠪᠤᠯᠵᠠᠢ᠃
ᠪᠤᠭᠤᠲᠤ ᠬᠤᠳᠠ ᠦᠪᠦᠷ ᠮᠤᠩᠭᠤᠯᠤᠨ ᠦᠪᠡᠷᠳᠡᠭᠡᠨ ᠵᠠᠰᠠᠬᠤ ᠤᠷᠤᠨᠤ ᠨᠠᠮᠤᠨ ᠬᠤᠷᠢᠶ᠎ᠠ ᠵᠠᠰᠠᠭᠤᠨ ᠤᠷᠳᠤᠨᠤ ᠲᠡᠤᠬᠡ ᠰᠤᠶᠤᠯᠢ ᠬᠠᠮᠠᠭᠠᠯᠠᠨ ᠤᠯᠠᠮᠵᠢᠯᠠᠬᠤ ᠰᠢᠢᠳᠪᠦᠷᠢᠳᠤ ᠪᠤᠳᠤᠯᠭ᠎ᠠ ᠵᠢᠨ ᠪᠠᠢᠷᠢᠯᠠᠭᠤᠯᠤᠯᠳᠠ ᠶᠤᠰᠤᠭᠠᠷ 《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰᠤᠨ ᠲᠡᠤᠬᠡ ᠵᠢᠨ ᠲᠤᠷᠠᠰᠬᠠᠯᠳᠤ ᠵᠦᠢᠯᠢ ᠬᠠᠮᠠᠭᠠᠯᠠᠬᠤ ᠬᠠᠤᠯᠢ》᠂ 《ᠲᠡᠤᠬᠡ ᠰᠤᠶᠤᠯᠤᠨ ᠨᠡᠷᠡᠳᠤ ᠬᠤᠳᠠ ᠨᠡᠷᠡᠳᠤ ᠪᠠᠯᠭᠠᠰᠤ ᠨᠡᠷᠡᠳᠤ ᠲᠤᠰᠬᠤᠨᠢ ᠬᠠᠮᠠᠭᠠᠯᠠᠬᠤ ᠲᠤᠭᠲᠠᠭᠠᠯ》 ᠪᠤᠯᠤᠨ 《ᠦᠪᠦᠷ ᠮᠤᠩᠭᠤᠯᠤᠨ ᠦᠪᠡᠷᠳᠡᠭᠡᠨ ᠵᠠᠰᠠᠬᠤ ᠤᠷᠤᠨᠤ ᠲᠡᠤᠬᠡ ᠰᠤᠶᠤᠯᠤᠨ ᠨᠡᠷᠡᠳᠤ ᠬᠤᠳᠠ ᠨᠡᠷᠡᠳᠤ ᠪᠠᠯᠭᠠᠰᠤ ᠨᠡᠷᠡᠳᠤ ᠲᠤᠰᠬᠤᠨᠤ ᠲᠡᠤᠬᠡ ᠵᠢᠨ ᠪᠠᠷᠢᠯᠭ᠎ᠠ ᠵᠢ ᠬᠠᠮᠠᠭᠠᠯᠠᠬᠤ ᠠᠷᠭ᠎ᠠ》 ᠵᠢᠨ ᠱᠠᠭᠠᠷᠳᠠᠯᠭ᠎ᠠ ᠪᠡᠷ ᠪᠤᠭᠤᠲᠤ ᠬᠤᠳᠠ ᠵᠢᠨ ᠲᠡᠤᠬᠡ ᠰᠤᠶᠤᠯᠤᠨ ᠤᠯᠠᠨ ᠡᠰᠢᠳᠤ ᠦᠷᠳᠡᠭ ᠪᠤᠯᠤᠨ ᠦᠪᠡᠷᠮᠢᠴᠡ ᠤᠨᠴᠠᠯᠢᠭᠢ ᠦᠷᠬᠦᠯᠵᠢᠯᠡᠨ ᠠᠭᠤᠳᠠᠯᠵᠦ᠂ ᠲᠡᠤᠬᠡ ᠰᠤᠶᠤᠯᠤᠨ ᠡᠬᠢ ᠪᠠᠶᠠᠯᠢᠭᠢ ᠬᠠᠮᠠᠭᠠᠯᠠᠨ ᠠᠰᠢᠬᠯᠠᠬᠤ ᠵᠢ ᠴᠢᠩᠭᠠᠳᠬᠠᠨ᠂ ᠠᠵᠤ ᠦᠢᠯᠡᠳᠪᠦᠷᠢ ᠵᠢᠨ ᠰᠤᠶᠤᠯᠵᠡᠷᠭᠡ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠤᠶᠤᠯᠢ ᠤᠯᠠᠮᠵᠢᠯᠠᠨ ᠪᠠᠳᠠᠷᠠᠭᠤᠯᠤᠭᠰᠠᠨ ᠪᠠᠢᠨ᠎ᠠ᠃
ᠤᠢᠯᠠᠭᠠᠬᠰᠠᠨ ᠵᠢᠡᠷ᠂ ᠦᠪᠦᠷ ᠮᠤᠩᠭᠤᠯᠤᠨ ᠲᠡᠤᠬᠡ ᠰᠤᠶᠤᠯᠤᠨ ᠨᠡᠷᠡᠳᠤ ᠬᠤᠳᠠ ᠵᠢ ᠵᠦᠪᠰᠢᠶᠡᠷᠡᠨ ᠨᠡᠢᠳᠡᠯᠡᠭᠰᠡᠨ ᠡᠳᠦᠷ ᠡᠴᠡ ᠡᠬᠢᠯᠡᠨ 1 ᠵᠢᠯᠤᠨ ᠲᠤᠳᠤᠷ᠎ᠠ ᠪᠤᠭᠤᠲᠤ ᠬᠤᠳᠠ ᠬᠠᠤᠯᠢ ᠶᠤᠰᠤᠭᠠᠷ ᠲᠡᠤᠬᠡ ᠰᠤᠶᠤᠯᠤᠨ ᠨᠡᠷᠡᠳᠤ ᠬᠤᠳᠠ ᠵᠢ ᠬᠠᠮᠠᠭᠠᠯᠠᠬᠤ ᠲᠦᠯᠦᠪᠵᠢᠬᠦᠯᠭᠡ ᠵᠢ ᠨᠠᠢᠷᠠᠭᠤᠯᠤᠨ ᠵᠤᠬᠢᠶᠠᠵᠤ᠂ ᠲᠡᠤᠬᠡ ᠰᠤᠶᠤᠯᠢ ᠬᠠᠮᠠᠭᠠᠯᠠᠨ ᠤᠯᠠᠮᠵᠢᠯᠠᠬᠤ ᠰᠢᠰᠲᠧᠮᠢ ᠲᠡᠭᠦᠯᠳᠡᠷᠵᠢᠬᠦᠯᠦᠨ᠂ ᠡᠯ᠎ᠠ ᠲᠦᠷᠤᠯᠤᠨ ᠬᠠᠮᠠᠭᠠᠯᠠᠭᠳᠠᠬᠤ ᠡᠳᠡᠭᠡᠳᠤᠨ ᠲᠤᠬᠠᠢ ᠨᠠᠷᠢᠨ ᠳᠠᠩᠰᠠ ᠵᠤᠬᠢᠶᠠᠵᠦ᠂ ᠬᠠᠮᠠᠭᠠᠯᠠᠬᠤ ᠱᠠᠭᠠᠷᠳᠠᠯᠭ᠎ᠠ ᠪᠤᠯᠤᠨ ᠠᠵᠢᠯᠤᠨ ᠬᠠᠷᠢᠭᠤᠴᠠᠯᠭ᠎ᠠ ᠵᠢ ᠲᠤᠳᠤᠷᠬᠠᠢᠯᠠᠨ᠂ ᠬᠠᠮᠠᠭᠠᠯᠠᠵᠤ ᠬᠠᠮᠢᠶᠠᠷᠬᠤ ᠲᠦᠷᠢᠮᠢ ᠴᠢᠩᠭ᠎ᠠ ᠲᠤᠬᠳᠠᠭᠠᠨ ᠬᠡᠷᠡᠭᠵᠢᠬᠦᠯᠬᠦ ᠪᠤᠯᠤᠨ᠎ᠠ᠃ ᠬᠤᠳᠠ ᠵᠢᠨ ᠵᠢᠪᠬᠤᠭ᠎ᠠ ᠳᠦᠷᠬᠦ ᠵᠢ ᠬᠠᠮᠢᠶᠠᠷᠬᠤ ᠲᠦᠷᠢᠮᠢ ᠲᠡᠭᠦᠯᠳᠡᠷᠵᠢᠬᠦᠯᠦᠨ᠂ ᠲᠡᠤᠬᠡ ᠰᠤᠶᠤᠯᠤᠨ ᠡᠬᠢ ᠪᠠᠶᠠᠯᠢᠭᠢ ᠬᠠᠮᠠᠭᠠᠯᠠᠬᠤ ᠪᠤᠯᠤᠨ ᠬᠤᠳᠠ ᠵᠢ ᠪᠦᠲᠦᠭᠡᠨ ᠪᠠᠢᠭᠤᠯᠬᠤ ᠯᠤᠭ᠎ᠠ ᠵᠢᠨ ᠬᠠᠷᠢᠴᠠᠭ᠎ᠠ ᠵᠢ ᠰᠠᠢᠳᠤᠷ ᠰᠢᠢᠳᠪᠦᠷᠢᠯᠡᠨ᠂ ᠬᠤᠳᠠ ᠵᠢᠨ ᠤᠯᠠᠮᠵᠢᠯᠠᠯᠳᠤ ᠬᠡᠪ ᠨᠠᠮᠪᠠ ᠵᠢ ᠬᠠᠮᠠᠭᠠᠯᠠᠬᠤ ᠪᠠᠢᠷᠢᠰᠢᠯᠢ ᠴᠢᠬᠤᠯᠠᠴᠢᠯᠠᠵᠤ᠂ ᠪᠦᠬᠦᠯᠢ ᠴᠤᠬᠴᠠ ᠵᠢᠨ ᠴᠢᠨᠠᠷᠳᠠᠢ ᠬᠠᠮᠠᠭᠠᠯᠠᠬᠤ᠂ ᠰᠢᠰᠲᠧᠮᠳᠤ ᠴᠢᠨᠠᠷᠳᠠᠢ ᠬᠠᠮᠠᠭᠠᠯᠠᠬᠤ ᠵᠢ ᠴᠢᠩᠭᠠᠳᠬᠠᠬᠤ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号