《ᠭᠤᠷᠪᠠᠨ ᠵᠦᠢᠯ᠎ᠦᠨ ᠲᠦᠯᠦᠪᠯᠡᠭᠡ》 ᠵᠢᠨ ᠤᠯᠤᠰ᠎ᠤᠨ ᠲᠤᠷᠰᠢᠯᠳᠠ ᠵᠢᠨ ᠴᠡᠭ᠎ᠤᠨ ᠲᠦᠷᠦᠯ ᠵᠦᠢᠯ᠎ᠦᠨ ᠦᠢᠯᠡᠳᠤᠯᠭᠡ ᠵᠢᠨ ᠲᠤᠬᠠᠢ ᠠᠵᠢᠬᠯᠠᠯᠳᠠ ⑦ ᠲᠤᠪᠠ ᠰᠢᠶᠠᠨᠪᠢ᠎ᠶᠢᠨ 《ᠠᠭᠤᠰᠤᠯᠴᠠᠯ ᠨᠢᠭᠳᠠᠷᠠᠯ᠎ᠤᠨ ᠵᠠᠮ》 ᠦᠨᠳᠦᠰᠦᠳᠡᠨ᠎ᠤ ᠪᠦᠯᠬᠦᠮᠳᠡᠯ᠎ᠤᠨ ᠰᠢᠨ᠎ᠡ ᠬᠠᠭᠤᠳᠠᠰᠤ
2025-12-17 11:04:36
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

— ᠤᠷᠴᠤᠨ ᠤ᠋ ᠦᠪᠠᠷᠲᠠᠬᠡᠨ ᠵᠠᠰᠠᠬᠤ ᠬᠤᠰᠢᠭᠤᠨ ᠤ᠋ ᠲᠣᠪᠠ ᠰᠢᠶᠡᠨᠪᠢ᠎ᠶᠢᠨ ᠡᠮᠦᠨᠡᠰᠢ ᠨᠡᠬᠦᠳᠡᠯᠯᠡᠭᠰᠠᠨ 《ᠠᠭᠤᠰᠤᠯᠴᠠᠯ ᠨᠢᠭᠲᠠᠷᠠᠯ ᠤ᠋ᠨ ᠵᠠᠮ》 ᠤ᠋ᠨ ᠲᠥᠷᠥᠯ ᠵᠦᠢᠯ᠎ᠢ ᠲᠠᠮᠳᠡᠭᠯᠡᠪᠠ


ᠬᠥᠯᠥᠨ ᠪᠤᠢ᠌ᠷ ᠬᠤᠳᠠ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠣ ᠭᠡᠬᠦ ᠡᠨᠡ᠎ᠬᠦ ᠦᠩ ᠰᠢᠮᠡᠯᠢᠭ ᠨᠣᠲᠣᠬ ᠥᠨᠢ ᠡᠷᠳᠡᠨ᠎ᠤ ᠦᠯᠢᠭᠡᠷ ᠲᠣᠮᠣᠬ᠎ᠢ ᠬᠦᠣᠷᠨᠢᠵᠦ᠂ ᠤᠯᠠᠮᠵᠢᠯᠠᠯ ᠰᠢᠨᠡᠴᠢᠯᠡᠯ᠎ᠤᠨ ᠡᠴᠢᠨ᠎ᠡ ᠭᠠᠢᠬᠠᠮᠰᠢᠬ᠎ᠢ ᠬᠠᠷᠠᠭᠣᠯᠤᠨ᠎ᠠ᠃ ᠤᠷᠴᠤᠨ ᠤ᠋ ᠦᠪᠠᠷᠲᠠᠬᠡᠨ ᠵᠠᠰᠠᠬᠤ ᠬᠤᠰᠢᠭᠤᠨ ᠤ᠋ ᠲᠣᠪᠠ ᠰᠢᠶᠡᠨᠪᠢ᠎ᠶᠢᠨ ᠡᠮᠦᠨᠡᠰᠢ ᠨᠡᠬᠦᠳᠡᠯᠯᠡᠭᠰᠠᠨ 《ᠠᠭᠤᠰᠤᠯᠴᠠᠯ ᠨᠢᠭᠲᠠᠷᠠᠯ ᠤ᠋ᠨ ᠵᠠᠮ》 ᠤ᠋ᠨ ᠲᠥᠷᠥᠯ ᠵᠦᠢᠯ ᠨᠢ 2024 ᠤᠨ ᠳ᠋ᠤ ᠤᠯᠤᠰ ᠤ᠋ᠨ ᠦᠨᠲᠤᠰᠤᠲᠠᠨ ᠤ᠋ ᠬᠡᠷᠡᠭ ᠡᠷᠬᠢᠯᠡᠬᠦ ᠵᠦᠪᠯᠡᠯ ᠤ᠋ᠨ 《ᠭᠤᠷᠪᠠᠨ ᠵᠤᠢᠯ ᠤ᠋ᠨ ᠲᠦᠯᠤᠪᠯᠡᠬᠡ》 ᠵᠢᠨ ᠲᠤᠷᠰᠢᠯᠲᠠ ᠵᠢᠨ ᠴᠡᠭ ᠤ᠋ᠨ ᠲᠦᠷᠦᠯ ᠵᠦᠢᠯ ᠳ᠋ᠤ ᠵᠢᠭᠰᠠᠭᠠᠭᠲᠠᠵᠤ᠂ ᠦᠨᠳᠦᠰᠦᠲᠡᠨ᠎ᠨᠦᠭᠦᠳ ᠬᠠᠮᠲᠤ ᠪᠠᠷ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠷᠲᠠᠩ ᠵᠠᠮ᠎ᠢᠶᠠᠷ ᠵᠠᠮᠨᠠᠨ᠂ ᠦᠨᠳᠦᠰᠦᠲᠡᠨ᠎ᠨᠦᠭᠦᠳ ᠬᠠᠷᠢᠯᠴᠠᠨ ᠠᠭᠣᠰᠣᠯᠴᠠᠵᠦ ᠬᠠᠮᠲᠤᠷᠠᠨ ᠬᠦᠭᠵᠢᠭᠰᠡᠨ ᠦᠨᠳᠦᠰᠦᠳᠡᠨ᠎ᠤ ᠪᠦᠯᠬᠦᠮᠳᠡᠯ᠎ᠤᠨ ᠰᠢᠨ᠎ᠡ ᠬᠠᠭᠤᠳᠠᠰᠤ ᠵᠢ ᠪᠢᠴᠢᠭᠯᠡᠨᠡᠮ᠃


QQ截图20250825102238.png


ᠠᠭᠤᠰᠤᠯᠴᠠᠭᠰᠠᠨ ᠳᠤᠷᠠᠰᠤᠮᠵᠢ

2025 ᠣᠨ᠎ᠤ 9 ᠰᠠᠷ᠎ᠠ᠎ᠶᠢᠨ 16᠎ᠤ᠋ ᠡᠳᠦᠷ ᠪᠤᠯ ᠤᠮᠠᠷᠠᠲᠤ᠌ ᠸᠧᠶ ᠤᠯᠤᠰ᠎ᠤᠨ᠎ᠲᠠᠶ ᠡᠸ᠋ ᠬᠤᠸᠡᠡᠭᠲᠢ ᠲᠤᠪᠠ ᠲᠤᠤ ᠶᠡᠬᠡ ᠲᠦᠰᠢᠮᠡᠯ᠎ᠢᠶᠡᠨ ᠭᠠᠰᠢᠭᠤᠨ ᠠᠭᠤᠢ ᠳ᠋ᠤ ᠲᠣᠮᠢᠯᠠᠠ ᠠᠩᠬ᠎ᠠ ᠤᠳᠠᠭ᠎ᠠ ᠡᠪᠦᠭᠡ ᠳᠡᠭᠡᠳᠦᠰ᠎ᠢᠶᠡᠨ ᠳᠠᠭᠢᠭᠰᠠᠨ 1582 ᠵᠢᠯ᠎ᠦᠨ ᠣᠶ ᠪᠤᠯᠤᠨ᠎ᠠ᠃ ᠡᠭᠦᠨ ᠳ᠋ᠤ ᠰᠢᠶᠠᠨᠪᠢ᠎ᠶᠢᠨ ᠬᠠᠭᠤᠴᠢ ᠪᠠᠭᠤᠷᠢ᠎ᠶᠢᠨ ᠴᠢᠯᠠᠭᠤᠨ ᠭᠡᠷ — ᠭᠠᠰᠢᠭᠤᠨ ᠠᠭᠤᠢ ᠳ᠋ᠤ 《ᠴᠢᠯᠠᠭᠤᠨ ᠬᠡᠷ᠎ᠦᠨ ᠪᠢᠴᠢᠭᠡᠰᠦᠲᠦ᠍ ᠲᠡᠦᠬᠡ  ᠠᠭᠤᠰᠤᠯᠴᠠᠯ ᠨᠢᠭᠳᠠᠷᠠᠯ᠎ᠤᠨ ᠥᠨᠢᠳᠡ᠎ᠶᠢᠨ ᠦᠷᠭᠦᠯᠵᠢᠯᠡᠯ》 ᠭᠡᠬᠦ᠌ ᠲᠤᠪᠠ ᠰᠢᠶᠠᠨᠪᠢ᠎ᠶᠢᠨ ᠡᠯᠴᠢᠨ ᠲᠤᠮᠢᠯᠠᠭᠰᠠᠨ 1582 ᠵᠢᠯ᠎ᠤᠨ ᠤᠢ᠎ᠶᠢᠨ ᠡᠪᠤᠬᠡ ᠳᠡᠭᠡᠳᠦᠰ᠎ᠦᠨ ᠰᠣᠶᠣᠯ᠎ᠤᠨ ᠬᠠᠶ᠋ᠢᠯᠲᠠ᠎ᠶᠢᠨ ᠠᠵᠢᠯᠯᠠᠭ᠎ᠠ ᠦᠷᠨᠢᠭᠦᠯᠪᠡ᠃

ᠠᠵᠢᠯᠯᠠᠭ᠎ᠠ ᠳ᠋ᠤ ᠤᠷᠤᠯᠴᠠᠭᠰᠠᠨ ᠬᠠᠷᠠᠮᠦᠢ᠍ᠷᠡᠨ ᠶᠡᠬᠡ ᠰᠤᠷᠭᠠᠭᠤᠯᠢ᠎ᠶᠢᠨ ᠲᠡᠦᠬᠡ᠎ᠶᠢᠨ ᠰᠠᠯᠪᠤᠷᠢ᠎ᠶᠢᠨ ᠫᠷᠦ᠍ᠹᠸᠰᠰᠤᠷ ᠸᠠᠩ ᠰᠢᠤᠸᠠᠢ ᠰᠦᠩ᠄《ᠡᠨᠡ᠎ᠬᠦ᠎ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ ᠤ᠋ ᠡᠪᠤᠬᠡ ᠳᠡᠭᠡᠳᠦᠰ᠎ᠢᠶᠡᠨ ᠠᠴᠢᠯᠠᠬᠤ ᠰᠣᠶᠣᠯ᠎ᠤᠨ ᠤᠯᠠᠮᠵᠢᠯᠠᠯ᠎ᠢ ᠦᠷᠭᠦᠯᠵᠢᠯᠡᠭᠦᠯᠵᠦ᠍᠂ ᠦᠨᠳᠦᠰᠦᠲᠡᠨ᠎ᠨᠦᠭᠦᠳ᠎ᠦᠨ ᠠᠭᠤᠰᠤᠯᠴᠠᠯ᠎ᠤᠨ ᠲᠡᠦᠬᠡ᠎ᠶᠢᠨ ᠲᠤᠬᠠᠶ ᠲᠠᠨᠢᠯᠲᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ》 ᠬᠡᠵᠤ ᠪᠠᠢᠯ᠎ᠠ᠃

ᠭᠠᠰᠢᠭᠤᠨ ᠠᠭᠤᠢ ᠨᠢ ᠲᠤᠪᠠ ᠰᠢᠶᠠᠨᠪᠢ᠎ᠶᠢᠨ ᠲᠡᠭᠡᠳᠦᠰ᠎ᠤᠨ ᠰᠦᠮ᠎ᠡ ᠪᠤᠯᠤᠬᠰᠠᠨ᠎ᠤ ᠬᠤᠪᠢ ᠳ᠋ᠤ᠂ ᠲᠡᠭᠦᠨ᠎ᠤ ᠴᠢᠯᠠᠭᠤᠨ ᠰᠡᠢᠯᠦᠮᠡᠯ ᠲᠠᠬᠢᠯᠭ᠎ᠠ᠎ᠶᠢᠨ ᠪᠢᠴᠢᠭ ᠨᠢ ᠲᠤᠪᠠ ᠰᠢᠶᠠᠨᠪᠢ᠎ᠶᠢᠨ ᠡᠭᠦᠰᠦᠯ᠎ᠤᠨ ᠭᠠᠵᠠᠷ᠎ᠢ ᠭᠡᠷᠡᠴᠢᠯᠡᠬᠦ ᠪᠠ ᠤᠮᠠᠷᠠᠳᠤ᠎ᠶᠢᠨ ᠦᠨᠳᠦᠰᠦᠳᠡᠨ᠎ᠤ ᠨᠡᠭᠦᠳᠡᠯᠯᠡᠭᠰᠡᠨ ᠪᠠ ᠠᠭᠤᠰᠤᠯᠴᠠᠯ ᠨᠢᠬᠳᠠᠷᠠᠯ᠎ᠤᠨ ᠲᠡᠤᠬᠡ ᠵᠢ ᠡᠷᠬᠢᠨ ᠬᠠᠷᠠᠬᠤ ᠳ᠋ᠤ ᠵᠠᠩᠭᠢᠯᠠᠭ᠎ᠠ᠎ᠶᠢᠨ ᠪᠤᠳᠠᠳᠤ ᠭᠡᠷᠡᠴᠢ ᠬᠠᠩᠭᠠᠵᠤ᠂ ᠤᠮᠠᠷᠠᠳᠤ ᠸᠸᠢ ᠤᠯᠤᠰ᠎ᠤᠨ ᠦᠶ᠎ᠡ᠎ᠶᠢᠨ ᠦᠨᠳᠦᠰᠦᠳᠡᠨ᠎ᠤ ᠠᠭᠤᠰᠤᠯᠴᠠᠯ ᠨᠢᠬᠳᠠᠷᠠᠯ᠎ᠤᠨ ᠴᠢᠬᠤᠯᠠ ᠲᠤᠷᠠᠰᠤᠮᠵᠢ᠎ᠶᠢᠨ ᠠᠴᠢᠶᠠᠯᠠᠪᠤᠷᠢ ᠪᠤᠯᠤᠬᠰᠠᠨ ᠪᠠᠢᠨ᠎ᠠ᠃

ᠡᠨᠡ ᠵᠢᠯ ᠶᠠᠪᠤᠬᠳᠠᠭᠰᠠᠨ ᠭᠤᠴᠢᠨ ᠲᠠᠪᠤᠳᠤᠭᠠᠷ ᠬᠤᠭᠤᠴᠠᠭᠠᠨ᠎ᠤ ᠣᠷᠴᠣᠨ ᠦᠨᠳᠦᠰᠦᠲᠡᠨ᠎ᠦ ᠲᠦᠳᠡᠭ ᠭᠠᠯ᠎ᠤᠨ ᠨᠠᠶ᠋ᠢᠷ᠎ᠨᠢ ᠨᠠᠩ ᠴᠤ᠌ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶᠢ ᠣᠷᠭᠢᠯ᠎ᠳᠤᠨᠢ ᠬᠦᠷᠭᠡᠵᠦ᠍᠂ ᠭᠤᠤᠯ ᠰᠡᠳᠦᠪᠲᠦ᠍ ᠵᠢᠭᠤᠯᠴᠢᠯᠠᠯ᠎ᠤᠨ 6 ᠵᠠᠮ ᠱᠤᠭᠤᠮ᠂ 7 ᠲᠣᠮᠣ ᠪᠡᠶᠡᠴᠢᠯᠡᠨ ᠣᠶ᠋ᠢᠯᠠᠭᠠᠬᠤ ᠬᠡᠰᠡᠭ᠎ᠢ ᠵᠡᠷᠭᠡ᠎ᠪᠡᠷ ᠳᠡᠯᠭᠡᠨ ᠦᠵᠡᠭᠦᠯᠵᠦ᠍᠂ 1200 ᠵᠢᠯᠣᠭᠣᠴᠢ ᠥᠬᠡᠶ ᠨᠢᠰᠬᠡᠯ ᠬᠡᠷᠡᠯ ᠰᠡᠭᠦᠳᠡᠷ᠎ᠦᠨ ᠤᠷᠠᠯᠢᠭ᠎ᠢᠶᠠᠷ ᠰᠢᠶᠡᠨᠪᠢ᠎ᠶᠢᠨ ᠡᠮᠦᠨᠡᠲᠦ᠍ ᠣᠷᠣᠨ ᠯᠤᠭ᠎ᠠ᠎ᠶᠢᠨ ᠠᠭᠤᠰᠤᠯᠴᠠᠯ᠎ᠤᠨ ᠠᠤᠭ᠎ᠠ ᠰᠦᠷᠯᠢᠭ ᠲᠡᠦᠬᠡᠨ ᠶᠠᠪᠤᠴᠠ᠎ᠶᠢ ᠳᠠᠬᠢᠨ ᠢᠯᠡᠷᠡᠭᠦᠯᠵᠡᠢ᠃ ᠲᠦᠮᠡᠨ ᠬᠥᠮᠦᠨ᠎ᠦ ᠲᠦᠳᠡᠭ ᠭᠠᠯ᠎ᠤᠨ ᠦᠳᠡᠰᠢᠯᠡᠭᠡ ᠳᠡᠭᠡᠷ᠎ᠡ ᠦᠨᠳᠦᠰᠦᠲᠡᠨ᠎ᠨᠦᠭᠦᠳ᠎ᠦᠨ ᠣᠯᠠᠨ ᠲᠦᠮᠡᠨ ᠳᠠᠭᠤᠯᠠᠨ ᠪᠥᠵᠢᠭᠯᠡᠵᠦ᠍᠂ ᠡᠨᠡ ᠬᠤᠭᠤᠴᠠᠭᠠᠨ᠎ᠳᠤ ᠵᠢᠭᠤᠯᠴᠢᠯᠠᠭᠰᠠᠳ᠎ᠢ 6.1 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ᠎ᠶᠢ 4900 ᠲᠦᠮᠡᠨ ᠲᠥᠭᠥᠷᠢᠭ ᠪᠡᠶᠡᠯᠡᠭᠦᠯᠵᠦ᠍᠂ ᠮᠢᠩᠭᠠᠨ ᠤᠨ ᠤ᠋ ᠠᠭᠤᠰᠤᠯᠴᠠᠯ᠎ᠤᠨ ᠰᠣᠶᠣᠯ᠎ᠢ ᠭᠦᠨ ᠰᠢᠭᠢᠳᠬᠡᠬᠦ ᠮᠠᠶᠢᠭ᠎ᠤᠨ ᠪᠡᠶᠡᠴᠢᠯᠡᠨ ᠣᠶ᠋ᠢᠯᠠᠭᠠᠬᠤ ᠳᠤᠮᠳᠠ ᠰᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃


QQ截图20251001113555.png


ᠭᠦᠨᠵᠡᠭᠡᠢ ᠠᠭᠤᠰᠤᠯᠴᠠᠯ

ᠡᠨᠡ ᠵᠢᠯ ᠤ᠋ᠨ ᠤᠯᠤᠰ ᠤ᠋ᠨ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠤ᠂ ᠱᠠᠩᠬᠠᠶ᠎ᠠᠴᠠ ᠢᠷᠡᠭᠰᠡᠨ ᠰᠤᠳᠤᠯᠤᠨ ᠰᠤᠷᠤᠯᠴᠠᠬᠤ ᠪᠦᠯᠬᠦᠮ᠎ᠦᠨ ᠰᠣᠷᠣᠭᠴᠢ ᠯᠢ ᠢᠦᠶ ᠲᠦᠩ 《ᠠᠭᠤᠰᠤᠯᠴᠠᠯ ᠨᠢᠭᠲᠠᠷᠠᠯ ᠤ᠋ᠨ ᠵᠠᠮ᠎ᠢ᠋ ᠬᠠᠶ᠋ᠢᠵᠤ ᠲᠡᠦᠬᠡᠨ ᠥᠯᠢᠭᠡᠷ᠎ᠢ ᠶᠠᠷᠢᠬᠤ》 ᠠᠵᠢᠯᠯᠠᠭ᠎ᠠ ᠲᠤᠮᠲᠠ᠂ ᠣᠷᠴᠣᠨ ᠦᠨᠳᠦᠰᠦᠲᠡᠨ᠎ᠦ ᠪᠢᠴᠢᠬᠠᠨ ᠬᠡᠤᠬᠡᠨ ᠠᠯᠢᠨ᠎ᠤ ᠲᠠᠮᠠᠭ᠎ᠠ ᠰᠡᠢᠯᠬᠦ ᠮᠡᠷᠭᠡᠵᠢᠯ ᠢ᠋ ᠰᠤᠷᠴᠠᠢ᠃ ᠲᠡᠷᠡ ᠲᠠᠮᠠᠭ᠎ᠠ ᠳᠡᠭᠡᠷᠡᠬᠢ ᠦᠰᠦᠭ ᠪᠢᠴᠢᠭ᠎ᠤᠨ ᠬᠡ ᠤᠭᠠᠯᠵᠠ᠎ᠶᠢ ᠰᠤᠨᠢᠷᠬᠠᠨ ᠦᠵᠡᠬᠦ᠌᠎ᠳᠦ᠂ ᠠᠯᠢᠨ ᠠᠳᠠᠯᠢ ᠪᠤᠰᠤ ᠦᠨᠳᠦᠰᠦᠲᠡᠨ᠎ᠦ ᠪᠢᠴᠢᠬᠠᠨ ᠨᠠᠶ᠋ᠢᠵᠠ ᠨᠠᠷ ᠲᠠᠶ ᠬᠠᠮᠲᠤ᠎ᠵᠢᠷᠤᠭ ᠵᠢᠷᠤᠬᠤ ᠪᠠᠷ ᠵᠢᠱ᠌ᠢᠶᠡᠯᠡᠵᠦ᠂ ᠰᠣᠶᠣᠯ᠎ᠤᠨ ᠠᠭᠤᠰᠤᠯᠴᠠᠯ᠎ᠤᠨ ᠠᠴᠢ ᠬᠣᠯᠪᠣᠭᠳᠠᠯ᠎ᠢ ᠲᠡᠷᠡ ᠳᠠᠷᠤᠶ ᠣᠶ᠋ᠢᠯᠠᠭᠠᠭᠤᠯᠵᠠᠶ᠃ ᠳᠠᠷᠠᠭ᠎ᠠ᠎ᠨᠢ 《ᠵᠢᠵᠢᠭ ᠠᠨᠠᠷ᠎ᠤᠨ ᠦᠷ᠎ᠡ᠎ᠶᠢᠨ ᠤᠬᠠᠭᠤᠯᠤᠨ ᠲᠠᠶ᠋ᠢᠯᠪᠤᠷᠢᠯᠠᠭᠴᠢ》 ᠵᠢᠨ ᠭᠣᠭᠴᠣᠭ᠎ᠠ᠎ᠳᠤ᠂ ᠲᠡᠷᠡ ᠪᠠᠰᠠ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ᠎ᠦ ᠬᠠᠮᠲᠤ᠌ ᠰᠤᠷᠤᠯᠭᠠᠲᠠᠳ᠎ᠲᠠᠶ ᠪᠠᠨ ᠪᠦᠯᠬᠦᠮ ᠪᠠᠶ᠋ᠢᠭᠤᠯᠵᠤ᠂ ᠦᠵᠡᠭᠳᠡᠯᠲᠦ᠍ ᠵᠦᠴᠦᠭᠡ᠎ᠪᠡᠷ ᠲᠤᠪᠠ ᠰᠢᠶᠡᠨᠪᠢ ᠡᠮᠦᠨᠡᠰᠢ ᠨᠡᠭᠦᠳᠡᠯᠯᠡᠨ ᠵᠦᠩᠶᠤᠸᠠᠨ ᠣᠷᠣᠨ᠎ᠤ ᠦᠨᠳᠦᠰᠦᠲᠡᠨ᠎ᠲᠡᠶ ᠠᠭᠤᠰᠤᠯᠴᠠᠨ ᠰᠣᠯᠢᠯᠴᠠᠭ᠎ᠠ ᠬᠢᠭᠰᠡᠨ ᠥᠯᠢᠭᠡᠷ᠎ᠢ ᠲᠣᠭᠯᠠᠵᠤ᠂ ᠬᠠᠮᠤᠭ᠎ᠤᠨ ᠠᠮᠢᠳᠤᠯᠢᠭ ᠠᠭᠤᠰᠤᠯᠴᠠᠯ᠎ᠤᠨ ᠬᠢᠴᠢᠶᠡᠯ᠎ᠦᠨ ᠲᠠᠩᠬᠢᠮ ᠪᠣᠯᠪᠠ᠃

ᠡᠨᠡ ᠮᠡᠳᠦ ᠵᠠᠯᠠᠭᠤᠴᠤᠳ ᠪᠠᠭᠠᠴᠤᠳ᠎ᠲᠤ᠌ ᠴᠢᠭᠯᠡᠭᠦᠯᠦᠭᠰᠡᠨ ᠰᠤᠳᠤᠯᠤᠨ ᠰᠤᠷᠤᠯᠴᠠᠬᠤ ᠦᠢᠯᠡᠲᠤᠯᠬᠡ᠎ᠶᠢᠨ ᠦᠷ᠎ᠡ ᠪᠦᠲᠦᠮᠵᠢ ᠢᠯᠡᠳᠲᠡ ᠪᠠᠶ᠋ᠢᠵᠤ᠂ 《ᠠᠭᠤᠰᠤᠯᠴᠠᠯ ᠨᠢᠭᠲᠠᠷᠠᠯ ᠤ᠋ᠨ ᠵᠠᠮ᠎ᠢ᠋ ᠬᠠᠶ᠋ᠢᠵᠤ ᠲᠡᠦᠬᠡᠨ ᠥᠯᠢᠭᠡᠷ᠎ᠢ ᠶᠠᠷᠢᠬᠤ》 ᠠᠵᠢᠯᠯᠠᠭ᠎ᠠ᠎ᠶᠢ 11 ᠲᠠᠯᠠᠪᠤᠷ ᠤᠳᠠᠭ᠎ᠠ ᠥᠷᠨᠢᠭᠦᠯᠵᠦ᠍᠂ 1600 ᠭᠠᠷᠤᠶ ᠬᠥᠮᠦᠨ ᠤᠳᠠᠭ᠎ᠠ᠎ᠶᠢ ᠬᠠᠮᠤᠷᠴᠤ᠂ 30 ᠭᠠᠷᠤᠶ ᠬᠥᠮᠦᠨ᠎ᠢᠶᠡᠷ ᠪᠦᠷᠢᠯᠳᠦᠭᠰᠡᠨ 《ᠠᠨᠠᠷ᠎ᠤᠨ ᠦᠷ᠎ᠡ᠎ᠶᠢᠨ ᠲᠠᠶ᠋ᠢᠯᠪᠤᠷᠢᠯᠠᠭᠴᠢ᠎ᠶᠢᠨ ᠡᠩᠨᠡᠭᠡ》 ᠨᠢ 20 ᠬᠤᠭᠤᠴᠠᠭᠠᠨ᠎ᠤ ᠲᠤᠰᠬᠠᠶ ᠮᠡᠷᠭᠡᠵᠢᠯ᠎ᠦᠨ ᠪᠣᠯᠪᠠᠰᠤᠷᠠᠯ ᠭᠥᠷᠳᠡᠬᠡᠵᠤ᠂ 710 ᠭᠠᠷᠤᠶ ᠬᠥᠮᠦᠨ ᠤᠳᠠᠭ᠎ᠠ᠎ᠶᠢ ᠬᠠᠮᠤᠷᠴᠤ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠥᠯᠢᠭᠡᠷ᠎ᠢ ᠰᠠᠶ᠋ᠢᠲᠤᠷ ᠶᠠᠷᠢᠬᠤ ᠭᠤᠤᠯᠯᠠᠭᠴᠢ ᠬᠦᠴᠦᠨ ᠪᠣᠯᠪᠠ᠃ 《ᠨᠢᠭᠡ ᠡᠳᠦᠷ ᠣᠷᠴᠣᠨ ᠬᠥᠮᠦᠨ ᠪᠣᠯᠬᠤ》᠂ 《ᠠᠩ ᠠᠩᠨᠠᠬᠤ ᠤᠷ᠎ᠠ ᠮᠡᠷᠭᠡᠵᠢᠯ᠎ᠢ ᠪᠡᠶᠡᠴᠢᠯᠡᠨ ᠣᠶ᠋ᠢᠯᠠᠭᠠᠬᠤ》᠂ 《ᠴᠠ ᠪᠤᠭᠤ ᠶ᠋ᠢ ᠳᠠᠭᠠᠨ ᠵᠢᠭᠤᠯᠴᠢᠯᠠᠬᠤ》 ᠵᠡᠷᠭᠡ ᠤᠨᠴᠠᠯᠢᠬᠳᠤ ᠲᠥᠷᠥᠯ ᠵᠦᠢᠯ ᠨᠢ ᠦᠨᠳᠦᠰᠦᠲᠡᠨ᠎ᠨᠦᠭᠦᠳ᠎ᠦᠨ ᠵᠢᠭᠤᠯᠴᠢᠯᠠᠭᠰᠡᠳ᠎ᠢ ᠦᠨᠳᠦᠰᠦᠲᠡᠨ᠎ᠦ ᠬᠤᠪᠴᠠᠰᠤ ᠵᠠᠰᠠᠯ᠎ᠢᠶᠠᠷ ᠭᠤᠶᠤᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠳᠤ ᠣᠷᠣᠯᠴᠠᠬᠤ ᠶᠠᠪᠤᠴᠠ᠎ᠳᠤ ᠦᠨᠳᠦᠰᠦᠲᠡᠨ᠎ᠦ ᠵᠠᠩ ᠦᠢᠯᠠ᠎ᠶᠢᠨ ᠷᠢᠳᠢ ᠰᠢᠳᠢ ᠪᠠ ᠰᠣᠶᠣᠯ᠎ᠤᠨ ᠡᠬᠢ ᠡᠭᠦᠰᠦᠯ᠎ᠢ ᠮᠡᠳᠡᠭᠦᠯᠪᠡ᠃


QQ截图20251117161443.png


ᠬᠠᠮᠵᠢᠯᠴᠠᠭ᠎ᠠ ᠬᠥᠭ᠌ᠵᠢᠯᠲᠡ

12 ᠰᠠᠷ᠎ᠠ᠎ᠶᠢᠨ 9 ᠤ᠋ ᠡᠳᠦᠷ᠂ ᠡᠨᠡ ᠡᠪᠦᠯ᠎ᠦᠨ ᠠᠩᠬᠠᠨ᠎ᠤ ᠡᠭᠡᠯᠵᠢ᠎ᠶᠢᠨ 《ᠶᠢᠦ ᠰᠢᠶᠠᠩ ᠯᠦᠩ ᠵᠢᠶᠠᠩ ᠰᠢᠤᠸᠡᠢ ᠬᠦᠸᠸ ᠨᠡᠷᠡᠮᠵᠢᠲᠦ᠍》 ᠵᠢᠭᠤᠯᠴᠢᠯᠠᠯ᠎ᠤᠨ ᠲᠤᠰᠬᠠᠶ ᠭᠠᠯᠲᠤ᠌ ᠲᠡᠷᠭᠡ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠠᠷᠤ ᠭᠤᠤᠯ ᠥᠷᠲᠡᠭᠡ᠎ᠳᠦ ᠠᠯᠭᠤᠷᠬᠠᠨ ᠬᠦᠷᠴᠦ᠍᠂ ᠬᠥᠬᠡᠮᠦᠢ᠍ᠷᠡᠨ᠎ᠦ ᠭᠤᠷᠪᠠᠯᠵᠢᠨ ᠬᠣᠶ᠋ᠢᠭ᠂ ᠵᠦᠵᠢᠶᠠᠩ ᠮᠥᠷᠡᠨ᠎ᠦ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ 250 ᠭᠠᠷᠤᠶ ᠵᠢᠭᠤᠯᠴᠢᠯᠠᠭᠰᠡᠳ᠎ᠢ ᠲᠠᠳᠠᠨ ᠠᠪᠴᠢᠷᠠᠵᠤ᠂ ᠣᠷᠴᠣᠨ᠎ᠤ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠬᠥᠰᠢᠭᠡ᠎ᠶᠢ ᠰᠡᠬᠦᠪᠡ᠃

《ᠲᠡᠭ᠎ᠡᠴᠡ ᠳᠣᠷᠣᠭᠰᠢ 30 ᠭᠠᠷᠤᠶ ᠭᠷᠠᠳᠦ᠋ᠰ᠎ᠦᠨ ᠠᠭᠤᠷ ᠠᠮᠢᠰᠬᠤᠯ ᠳ᠋ᠤ ᠡᠶ᠋ᠢᠮᠦ᠍ ᠬᠥᠷ ᠬᠥᠭᠵᠢᠶᠡᠨ᠎ᠲᠡᠶ ᠭᠡᠵᠦ᠍ ᠪᠤᠳᠤᠵᠤ ᠣᠯᠤᠭᠰᠠᠨ ᠥᠬᠡᠶ !》 ᠭᠤᠸᠠᠩᠵᠧᠦ᠎ᠡᠴᠡ ᠢᠷᠡᠭᠰᠡᠨ ᠵᠢᠭᠤᠯᠴᠢᠯᠠᠭᠴᠢ ᠵᠠᠩ ᠠᠪᠤᠭᠠᠢ 《ᠣᠷᠴᠣᠨᠴᠤᠳ᠎ᠤᠨ ᠬᠠᠯᠠᠭᠤᠨ ᠰᠡᠳᠬᠢᠯᠭᠡ ᠲᠦᠳᠡᠭ ᠭᠠᠯ᠎ᠠᠴᠠ ᠴᠤ᠌ ᠳᠤᠯᠠᠭᠠᠬᠠᠨ᠂ ᠡᠨᠡ ᠤᠳᠠᠭ᠎ᠠ ᠢᠷᠡᠭᠰᠡᠨ ᠨᠢ ᠪᠡᠨ᠎ᠡ᠎ᠲᠡᠶ ! ᠪᠢᠳᠡ ᠭᠠᠰᠢᠭᠤᠨ ᠠᠭᠤᠶ᠎ᠳ᠋ᠤ ᠬᠦᠷᠴᠤ ᠡᠷᠲᠠᠨ ᠤ᠋ ᠲᠤᠪᠠ ᠰᠢᠶᠠᠨᠪᠢ ᠵᠢᠨ ᠲᠠᠤᠬᠡ ᠰᠤᠶᠤᠯ᠎ᠢ ᠤᠢᠯᠠᠭᠠᠵᠤ᠂ ᠤᠷᠴᠤᠨᠴᠤᠤᠨ ᠤ᠋ᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠶ᠋ᠢᠯᠠᠭᠠᠵᠤ᠂ ᠣᠨᠴᠠᠯᠢᠭᠲᠤ᠌ ᠠᠮᠲᠠᠲᠤ᠌ ᠢᠳᠡᠭᠡᠨ᠎ᠢ ᠠᠮᠲᠠᠯᠠᠪᠠ ᠁》 ᠬᠡᠵᠤ ᠪᠠᠶᠠᠷᠯᠠᠨ ᠶᠠᠷᠢᠨ᠎ᠠ᠃

ᠤᠷᠴᠤᠨ ᠤ᠋ ᠦᠪᠠᠷᠲᠠᠬᠡᠨ ᠵᠠᠰᠠᠬᠤ ᠬᠤᠰᠢᠭᠤᠨ ᠤ᠋ ᠲᠣᠪᠠ ᠰᠢᠶᠡᠨᠪᠢ᠎ᠶᠢᠨ ᠡᠮᠦᠨᠡᠰᠢ ᠨᠡᠬᠦᠳᠡᠯᠯᠡᠭᠰᠠᠨ 《ᠠᠭᠤᠰᠤᠯᠴᠠᠯ ᠨᠢᠭᠲᠠᠷᠠᠯ ᠤ᠋ᠨ ᠵᠠᠮ》 ᠤ᠋ᠨ ᠲᠥᠷᠥᠯ ᠵᠦᠢᠯ᠎ᠨᠢ ᠭᠠᠵᠠᠷ ᠣᠷᠣᠨ᠎ᠤ ᠵᠠᠭᠠᠭ ᠬᠢᠵᠠᠭᠠᠷ᠎ᠢ ᠡᠪᠳᠡᠵᠦ᠍᠂ ᠣᠯᠠᠨ ᠡᠰᠢᠵᠢᠭᠰᠡᠨ ᠬᠠᠮᠵᠢᠯᠴᠠᠨ ᠬᠥᠭᠵᠢᠬᠦ᠌ ᠪᠠᠶ᠋ᠢᠷᠢᠰᠢᠯ᠎ᠢ ᠢᠳᠡᠪᠬᠢᠲᠡᠶ ᠪᠠᠶ᠋ᠢᠭᠤᠯᠵᠠᠢ᠃ ᠨᠢᠭᠡ ᠲᠠᠯ᠎ᠠ᠎ᠪᠠᠷ᠂ ᠳ᠋ᠠᠲ᠋ᠦ᠋ᠩ ᠬᠣᠲᠠ᠎ᠶᠢᠨ ᠶᠦᠨ ᠭᠠᠩ ᠲᠣᠭᠣᠷᠢᠭ᠂ ᠯᠦᠸᠧᠶᠠᠩ ᠬᠣᠲᠠ᠎ᠶᠢᠨ ᠯᠦᠸᠧ ᠯᠦᠩ ᠲᠣᠭᠣᠷᠢᠭ᠂ ᠬᠥᠬᠡᠬᠣᠲᠠ᠎ᠶᠢᠨ ᠬᠣᠷᠢᠨᠭᠡᠷ ᠰᠢᠶᠠᠨ ᠵᠡᠷᠭᠡ ᠵᠠᠮ ᠳᠠᠭᠠᠤ᠎ᠶᠢᠨ ᠭᠠᠵᠠᠷ ᠣᠷᠣᠨ᠎ᠲᠠᠶ 《ᠬᠠᠮᠲᠤᠷᠠᠯᠴᠠᠵᠤ ᠬᠠᠮᠲᠤ᠎ᠪᠠᠷ ᠪᠠᠶ᠋ᠢᠭᠤᠯᠬᠤ ᠪᠦᠳᠦᠭᠦᠪᠴᠢ ᠵᠥᠪᠯᠡᠯᠴᠡᠭᠡᠷ᠎ᠦᠨ ᠪᠢᠴᠢᠭ》 ᠲᠣᠭᠲᠠᠵᠤ᠂ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠵᠢᠭᠤᠯᠴᠢᠯᠠᠯ᠎ᠢ ᠳᠡᠯᠭᠡᠷᠡᠭᠦᠯᠬᠦ᠌ ᠵᠡᠷᠭᠡ ᠲᠠᠯ᠎ᠠ᠎ᠪᠠᠷ ᠬᠠᠮᠵᠢᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ 《ᠠᠭᠤᠰᠤᠯᠴᠠᠯ ᠨᠢᠭᠲᠠᠷᠠᠯ ᠤ᠋ᠨ ᠵᠠᠮ》 ᠤ᠋ᠨ ᠲᠥᠷᠥᠯ ᠲᠡᠮᠳᠡᠭ᠎ᠦᠨ ᠠᠭᠤᠯᠤᠭᠳᠠᠬᠤᠨ᠎ᠢ ᠬᠠᠮᠲᠤ᠎ᠪᠠᠷ ᠳᠡᠭᠡᠭᠰᠢᠯᠡᠭᠦᠯᠪᠡ; ᠨᠥᠭᠥᠭᠡ ᠲᠠᠯ᠎ᠠ᠎ᠪᠠᠷ᠂ ᠭᠡᠭᠡᠨ ᠭᠤᠤᠯ ᠬᠣᠲᠠ᠂ ᠮᠣᠷᠢᠨᠳᠠᠪᠠᠭ᠎ᠠ ᠲᠠᠭᠤᠷ ᠦᠨᠳᠦᠰᠦᠳᠡᠨ᠎ᠤ ᠦᠪᠡᠷᠳᠡᠭᠡᠨ ᠵᠠᠰᠠᠬᠤ ᠬᠣᠰᠢᠭᠤ ᠵᠢᠴᠢ ᠴᠢᠴᠢᠬᠠᠷ ᠬᠣᠲᠠ ᠵᠡᠷᠭᠡ ᠭᠤᠤᠯᠳᠠᠯᠭ᠎ᠠ᠎ᠲᠠᠶ ᠦᠵᠡᠮᠵᠢ᠎ᠶᠢᠨ ᠣᠷᠣᠨ᠎ᠲᠠᠶ ᠬᠣᠯᠪᠣᠭᠠᠯᠠᠨ᠂ ᠣᠷᠣᠨ ᠪᠦᠰᠡ ᠠᠯᠤᠰᠯᠠᠭᠰᠠᠨ᠂ ᠮᠤᠵᠢ ᠠᠯᠤᠰᠯᠠᠭᠰᠠᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭᠠᠭᠰᠠᠨ ᠪᠥᠭᠡᠳ 《ᠹᠦ᠋ ᠯᠦ᠍ ᠰᠢᠤᠸᠠᠢ ᠭᠦᠸᠧ ᠨᠡᠷᠡᠮᠵᠢᠲᠦ᠍》 ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠲᠤᠰᠬᠠᠶ ᠭᠠᠯᠲᠤ᠌ ᠲᠡᠷᠭᠡ᠎ᠶᠢ ᠣᠷᠣᠭᠤᠯᠤᠨ ᠠᠪᠴᠢᠷᠠᠵᠤ᠂ ᠵᠢᠭᠤᠯᠴᠢᠯᠠᠭᠰᠠᠳ᠎ᠢ ᠳᠠᠭᠠᠭᠤᠯᠤᠨ ᠭᠠᠰᠢᠭᠤᠨ ᠠᠭᠤᠶ᠎ᠶᠢ ᠬᠠᠶ᠋ᠢᠨ ᠰᠢᠨᠵᠢᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠶ᠋ᠢᠯᠠᠭᠠᠵᠤ᠂ ᠣᠨᠴᠠᠯᠢᠭᠲᠤ᠌ ᠠᠮᠳᠠᠳᠤ ᠢᠳᠡᠭᠡᠨ᠎ᠢ ᠠᠮᠲᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠵᠢᠭᠤᠯᠴᠢᠯᠠᠯ᠎ᠤᠨ ᠵᠠᠮ᠎ᠳᠠᠭᠠᠨ ᠨᠥᠬᠥᠷᠯᠡᠯ᠎ᠢᠶᠡᠨ ᠵᠤᠵᠠᠭᠠᠳᠬᠠᠨ᠂ ᠲᠠᠨᠢᠯᠲᠠ ᠮᠡᠳᠡᠷᠡᠮᠵᠢ᠎ᠪᠡᠨ ᠨᠡᠮᠡᠭᠳᠡᠭᠦᠯᠵᠠᠢ; 《5.19᠎ᠤ᠋ ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠵᠡᠷᠭᠡ ᠴᠢᠬᠤᠯᠠ ᠭᠣᠭᠴᠣᠭ᠎ᠠ᠎ᠶᠢ ᠠᠰᠢᠭᠯᠠᠨ᠂ ᠰᠦᠯᠵᠢᠶᠡᠨ ᠤᠳᠤᠳ᠎ᠤᠨ ᠳᠡᠯᠭᠡᠷᠡᠭᠦᠯᠦᠯᠲᠡ᠂ ᠰᠢᠭᠤᠳ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ᠎ᠤᠨ ᠠᠷᠭ᠎ᠠ ᠪᠠᠷᠢᠯ᠎ᠢᠶᠠᠷ ᠳᠠᠮᠵᠢᠨ 《ᠠᠭᠤᠰᠤᠯᠴᠠᠯ᠎ᠨᠢᠭᠲᠠᠷᠠᠯ ᠤ᠋ᠨ ᠵᠠᠮ》 ᠤ᠋ᠨ ᠲᠥᠷᠥᠯ ᠲᠠᠮᠳᠡᠭ ᠤ᠋ᠨ ᠨᠥᠯᠥᠭᠡᠯᠡᠬᠦ᠌ ᠬᠦᠴᠦᠨ᠎ᠢ ᠴᠢᠨᠠᠭᠰᠢᠳᠠ ᠴᠢᠩᠭᠠᠳᠬᠠᠭᠰᠠᠨ ᠪᠠᠢᠨ᠎ᠠ᠃

ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ ᠤ᠋ ᠲᠤᠪᠠ ᠰᠢᠶᠡᠨᠪᠢ᠎ᠶᠢᠨ ᠡᠮᠦᠨᠡᠰᠢ ᠨᠡᠭᠦᠳᠡᠯᠯᠡᠭᠰᠠᠨ 《ᠠᠭᠤᠰᠤᠯᠴᠠᠯ ᠨᠢᠭᠲᠠᠷᠠᠯ ᠤ᠋ᠨ ᠵᠠᠮ》 ᠤ᠋ᠨ ᠲᠤᠷᠰᠢᠯᠲᠠ ᠵᠢᠨ᠎ᠴᠡᠭ᠎ᠤᠨ ᠲᠦᠷᠦᠯ ᠵᠦᠢᠯ ᠨᠢ ᠨᠢᠭᠡᠨᠲᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠠᠮᠢᠳᠤᠯᠢᠭ ᠦᠢᠯᠡᠳᠦᠯᠭᠡ ᠪᠣᠯᠵᠠᠢ᠃ ᠲᠤᠰ ᠬᠤᠰᠢᠭᠤ ᠡᠨᠡ ᠬᠦ᠌ ᠮᠢᠩᠭᠠᠨ ᠤᠨ ᠤ᠋ ᠡᠷᠲᠡᠨ᠎ᠦ ᠵᠠᠮ᠎ᠢ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠵᠣᠯ ᠵᠢᠷᠭᠠᠯ᠎ᠤᠨ ᠵᠠᠮ ᠪᠣᠯᠭᠠᠵᠤ᠂ ᠪᠥᠬᠥ᠌ ᠤᠯᠤᠰ᠎ᠤᠨ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠤᠮᠠᠷᠠᠲᠤ᠌ ᠬᠢᠯᠢ᠎ᠶᠢᠨ ᠲᠤᠷᠰᠢᠯᠭ᠎ᠠ ᠬᠠᠩᠭᠠᠪᠠ᠃


QQ截图20251217111712.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号