《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠶ᠋ᠯᠡᠳᠦᠯᠭᠡ᠎ᠶ᠋ᠢᠨ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠪᠠᠭᠠᠷᠢᠨ ᠵᠡᠭᠦᠨ ᠬᠣᠱᠢᠭᠤᠨ᠎ᠳᠤ ᠶᠠᠪᠤᠭ᠍ᠳᠠᠪᠠ
2025-12-17 11:28:01
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠵᠢᠭᠠᠨ ᠵᠢᠯᠣᠭᠣᠳᠴᠤ᠂ ᠡᠸ᠋ᠶ᠋ᠪᠤᠷ ᠮᠣᠩᠭᠣᠯ᠎ᠤᠨ ᠡᠸ᠋ᠶ᠋ᠪᠠᠷᠳᠠᠬᠡᠠ ᠵᠠᠰᠠᠬᠤ ᠡᠸ᠋ᠷᠣᠠ ᠤ᠋ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠬᠡᠷᠡᠭᠯᠡᠭᠡᠨ᠎ᠤ ᠲᠦᠪ᠂ ᠪᠠᠭᠠᠷᠢᠨ ᠵᠡᠭᠦᠨ ᠬᠣᠱᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠬᠠᠮᠲᠤᠷᠠᠨ ᠡᠷᠬᠢᠯᠡᠭᠰᠡᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠳᠤ ᠶᠠᠪᠤᠭ᠍ᠳᠠᠪᠠ᠃


QQ截图20251212105835.png


ᠬᠦᠮᠦᠵᠢᠯ ᠦᠢᠯᠡᠳᠦᠯᠭᠡ ᠵᠢᠨ ᠠᠵᠢᠯᠯᠠᠭ᠎ᠠ ᠦᠷᠨᠢᠭᠦᠯᠦᠨ᠎ᠡ


ᠲᠣᠰ ᠤᠳᠠᠭᠠᠨ᠎ᠤ ᠠᠵᠢᠯᠯᠠᠭ᠎ᠠ᠎ᠨᠢ 《ᠲᠦᠷᠦ ᠵᠢᠨ ᠪᠣᠳᠣᠯᠭ᠎ᠠ ᠵᠢ ᠤᠯᠠᠮᠵᠢᠯᠠᠨ ᠲᠠᠮᠵᠢᠭᠤᠯᠵᠤ ᠠᠷᠠᠳ᠎ᠲᠤ ᠠᠱᠢᠭ ᠬᠦᠷᠲᠡᠭᠡᠵᠦ᠍ ᠰᠡᠳᠭᠢᠯ᠎ᠢ ᠳᠤᠯᠠᠭᠠᠴᠠᠭᠤᠯᠬᠤ·ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠵᠦ᠍ ᠪᠦᠯᠬᠦᠮᠳᠡᠯ᠎ᠢ ᠠᠬᠢᠭᠤᠯᠬᠤ》 ᠪᠠᠷ ᠭᠤᠤᠯ ᠰᠡᠳᠦᠪ ᠪᠣᠯᠭᠠᠵᠤ᠂ ᠳᠥᠷᠪᠡᠨ ᠶᠡᠬᠡ ᠬᠡᠰᠡᠭ᠂ ᠠᠷᠪᠠ ᠭᠠᠷᠤᠶ ᠱᠢᠷᠢᠰ ᠠᠵᠢᠯᠯᠠᠭ᠎ᠠ ᠲᠤᠬᠢᠷᠠᠭᠤᠯᠤᠨ᠂ ᠦᠨᠳᠦᠰᠦᠨ ᠱᠠᠲᠤᠨ᠎ᠤ ᠺᠠᠳ᠋ᠷ᠂ ᠠᠷᠠᠳ᠎ᠤᠨ ᠤᠷᠠᠯᠢᠭ᠍ᠴᠢᠨ᠂ ᠡᠷᠲᠡᠨ᠎ᠦ ᠨᠣᠮ ᠰᠤᠳᠤᠷ᠎ᠦᠨ ᠤᠯᠠᠮᠵᠢᠯᠠᠭ᠍ᠴᠢ ᠡᠴᠡ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠠᠭᠤᠯᠭ᠎ᠠ᠎ᠨᠢ ᠴᠢᠨᠠᠷ ᠰᠠᠢᠲᠠᠶ᠂ ᠮᠡᠷᠭᠡᠵᠢᠯ᠎ᠨᠢ ᠬᠡᠷᠡᠭ᠌ᠴᠡᠭᠡᠲᠡᠶ᠂ ᠦᠶ᠋ᠯᠡᠴᠢᠯᠡᠭᠡ᠎ᠨᠢ ᠰᠡᠳᠭᠢᠯ᠎ᠢ ᠳᠤᠯᠠᠭᠠᠴᠠᠭᠤᠯᠤᠮ᠎ᠠ ᠶᠡᠷᠦᠩᠬᠡᠢᠯᠡᠭ᠌ᠰᠡᠨ ᠴᠢᠨᠠᠷᠲᠠᠶ ᠠᠵᠢᠯᠯᠠᠭ᠎ᠠ ᠥᠷᠨᠢᠭᠦᠯᠵᠦ᠍᠂ ᠤᠯᠠᠨ ᠲᠦᠮᠡᠨ᠎ᠤ ᠮᠠᠰᠢ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃


QQ截图20251217111712.png


ᠲᠦᠷᠪᠡᠨ ᠤᠲᠠᠰᠤᠲᠤ ᠬᠤᠭᠤᠷ᠎ᠤᠨ ᠪᠤᠯᠪᠠᠰᠤᠷᠠᠯ ᠦᠷᠨᠢᠭᠦᠯᠦᠨ᠎ᠡ


ᠲᠤᠰ ᠤᠳᠠᠭᠠᠨ᠎ᠤ ᠠᠵᠢᠯᠯᠠᠭ᠎ᠠ ᠳ᠋ᠤ᠂ ᠤᠯᠠᠭᠠᠨᠬᠠᠳᠠ ᠬᠣᠲᠠ᠎ᠶ᠋ᠢᠨ ᠡᠯ᠎ᠡ ᠬᠣᠱᠢᠭᠤ ᠱᠢᠶᠠᠨ᠎ᠤ ᠮᠠᠯᠴᠢᠨ ᠲᠠᠷᠢᠶᠠᠴᠢᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠂ ᠦᠶ᠋ᠯᠡᠰ ᠪᠤᠰᠬᠠᠭᠴᠢ ᠵᠠᠯᠠᠭᠤᠴᠤᠳ᠎ᠤᠨ ᠲᠥᠯᠥᠭᠡᠯᠡᠭ᠌ᠴᠢ᠂ ᠪᠠᠭᠠᠷᠢᠨ ᠵᠡᠭᠦᠨ ᠬᠣᠱᠢᠭᠤᠨ᠎ᠤ ᠳᠡᠳ᠋ ᠰᠠᠯᠠᠭᠠᠨ ᠲᠠᠰ᠎ᠠᠴᠠ ᠳᠡᠭᠡᠭ᠌ᠰᠢᠬᠢ ᠤᠳᠤᠷᠢᠳᠭᠤ ᠺᠠᠳ᠋ᠷ ᠵᠡᠷᠭᠡ ᠨᠡᠢᠲᠡ 570 ᠭᠠᠷᠤᠶ ᠬᠥᠮᠦᠨ ᠣᠷᠣᠯᠴᠠᠵᠠᠶ᠃ ᠠᠵᠢᠯᠯᠠᠭ᠎ᠠ᠎ᠳᠤ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠎ᠢ ᠤᠷᠢᠵᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ》 ᠲᠤᠰᠭᠠᠶ ᠰᠡᠳᠦᠪᠲᠦ ᠲᠠᠢᠯᠤᠮᠵᠢ ᠬᠢᠯᠭᠡᠪᠡ᠃ ᠲᠤᠰᠭᠠᠢ ᠮᠡᠷᠭᠡᠵᠢᠯᠲᠡᠨ ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢᠴᠢ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠭᠣᠣᠯ ᠤᠳᠭ᠎ᠠ ᠠᠭᠤᠯᠭ᠎ᠠ᠎ᠶ᠋ᠢ ᠱᠢᠰᠲ᠋ᠧᠮ᠎ᠲᠡᠶ ᠲᠠᠢᠯᠪᠤᠷᠢᠯᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠲᠠᠶ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠵᠤ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠤᠨᠤᠯ᠎ᠤᠨ ᠲᠠᠨᠢᠯᠲᠠ᠎ᠪᠠᠨ ᠭᠦᠨᠵᠡᠭᠡᠢᠷᠡᠭᠦᠯᠬᠦ᠌᠎ᠳᠦ ᠬᠦᠴᠦᠨ ᠨᠡᠮᠡᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠵᠢᠯ᠎ᠤᠨ ᠰᠠᠭᠤᠷᠢ᠎ᠶ᠋ᠢ ᠪᠡᠬᠢᠵᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号