12 ᠰᠠᠷ᠎ᠠ ᠢ᠋ᠢᠨ 16 ᠤ᠋ ᠡᠲᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ《〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠤᠨ 《ᠠᠷᠠᠳ ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠵᠦ ᠬᠠᠮᠲᠤ ᠪᠠᠷ ᠪᠠᠶ᠋ᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠲᠦᠪᠰᠢᠨ᠎ᠢ ᠳᠡᠭᠡᠭᠰᠢᠯᠡᠭᠦᠯᠬᠦ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ ᠪᠤᠯᠤᠨ ᠦᠪᠡᠷᠲᠡᠭᠡᠨ ᠵᠠᠰᠠᠬᠤ ᠤᠷᠤᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠤᠪᠴᠢᠶ᠎ᠠ ᠢ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠰᠤᠷᠪᠤᠯᠵᠢᠯᠠᠬᠴᠢᠳ᠎ᠤᠨ ᠠᠰᠠᠭᠤᠯᠲᠠ ᠵᠢ ᠬᠠᠷᠢᠭᠤᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠦᠪᠦᠷ ᠮᠤᠩᠭᠤᠯ ᠤᠨ ᠠᠷᠠᠳ ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠤᠬᠰᠠᠨ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃
ᠠᠵᠢᠯ ᠣᠯᠭᠣᠯᠲᠠ ᠵᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠢᠯ ᠣᠯᠭᠣᠯᠲᠠ᠎ᠶᠢᠨ ᠶᠠᠰᠤ ᠴᠢᠨᠠᠷ ᠲᠣᠭᠲᠠᠭᠤᠨ᠎ᠢᠶᠠᠷ ᠳᠡᠭᠡᠭᠰᠢᠯᠡᠪᠡ
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠦᠪᠦᠷ ᠮᠤᠩᠭᠤᠯ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ ᠠᠵᠢᠯ ᠣᠯᠭᠣᠯᠲᠠ᠎ᠶᠢ ᠠᠬᠢᠭᠤᠯᠬᠤ ᠶᠠᠪᠤᠳᠠᠯ᠎ᠢ ᠲᠣᠪᠣᠢᠮ᠎ᠠ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠠᠵᠢᠯ ᠣᠯᠭᠣᠯᠲᠠ᠎ᠶᠢ ᠤᠷᠢᠳ ᠢ᠋ᠢᠡᠷ ᠪᠤᠳᠤᠯᠬᠢᠯᠠᠬᠤ ᠪᠠᠢᠯᠳᠤᠬᠤ ᠪᠤᠳᠤᠯᠭ᠎ᠠ ᠵᠢ ᠬᠡᠷᠡᠭᠵᠢᠭᠦᠯᠤᠨ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠥᠷᠨᠢᠭᠦᠯᠵᠦ᠂ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠠᠵᠢᠯ ᠣᠯᠭᠣᠯᠲᠠ᠎ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠢᠯ ᠣᠯᠭᠣᠯᠲᠠ᠎ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠨ᠂ ᠪᠥᠬᠥ ᠣᠷᠣᠨ᠎ᠤ ᠬᠣᠲᠠ ᠪᠠᠯᠭᠠᠰᠤ᠎ᠶᠢᠨ ᠰᠢᠨ᠎ᠡ᠎ᠪᠡᠷ ᠨᠡᠮᠡᠭᠳᠡᠭᠰᠡᠨ ᠠᠵᠢᠯ ᠣᠯᠭᠣᠯᠲᠠ ᠨᠡᠶ᠋ᠢᠲᠡ 105.7 ᠲᠦᠮᠡᠨ ᠬᠥᠮᠥᠨ᠎ᠳᠦ ᠬᠦᠷᠴᠦ᠂ 100 ᠲᠦᠮᠡᠨ ᠬᠥᠮᠥᠨ᠎ᠦ ᠬᠠᠷᠠᠯᠲᠠ ᠡᠭᠦᠷᠭᠡ᠎ᠶᠢ ᠳᠠᠪᠠᠭᠤᠯᠤᠨ ᠪᠡᠶᠡᠯᠡᠭᠦᠯᠵᠦ᠂ ᠬᠣᠲᠠ ᠪᠠᠯᠭᠠᠰᠤ᠎ᠶᠢᠨ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ᠎ᠶᠢ ᠵᠦᠢ ᠵᠣᠬᠢᠰᠲᠠᠢ ᠣᠷᠣᠨ ᠵᠠᠢ᠎ᠳᠤ ᠬᠢᠵᠠᠭᠠᠷᠯᠠᠵᠤ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠶᠢᠨ ᠲᠣᠭᠲᠠᠭᠤᠨ ᠳ᠋ᠤ ᠬᠦᠴᠦᠲᠡᠢ ᠲᠤᠯᠭᠠᠭᠤᠷᠢᠯᠠᠯ ᠬᠠᠩᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠨᠥᠬᠥᠪᠦᠷᠢ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ᠂ ᠤᠷ᠎ᠠ ᠮᠡᠷᠭᠡᠵᠢᠯ ᠢ᠋ ᠳᠡᠭᠡᠭᠰᠢᠯᠡᠭᠦᠯᠬᠦ᠂ ᠦᠢᠯᠡᠰ ᠪᠣᠰᠬᠠᠬᠤ᠎ᠶᠢ ᠲᠡᠳᠬᠦᠬᠦ᠂ ᠠᠵᠢᠯ ᠤᠨ ᠪᠠᠢᠷᠢ᠎ᠶᠢ ᠥᠷᠭᠡᠳᠬᠡᠬᠦ ᠨᠥᠬᠥᠪᠦᠷᠢ ᠵᠡᠷᠭᠡ ᠪᠦᠬᠦ ᠬᠡᠯᠬᠢᠶ᠎ᠠ ᠢ᠋ᠢᠨ ᠠᠷᠭ᠎ᠠ ᠬᠡᠮᠵᠢᠶ᠎ᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ 《 ᠬᠠᠮ ᠠᠷᠭ᠎ᠠ》 ᠠᠪᠴᠤ᠂ ᠨᠡᠶ᠋ᠢᠲᠡ 138.4 ᠳ᠋ᠦᠩᠰᠢᠭᠤᠷ ᠲᠥᠭᠥᠷᠢᠭ᠎ᠦᠨ ᠠᠵᠢᠯ ᠣᠯᠭᠣᠯᠲᠠ᠎ᠶᠢᠨ ᠨᠥᠬᠥᠪᠦᠷᠢ ᠪᠡᠯᠡ ᠮᠥᠩᠭᠥ ᠵᠠᠷᠤᠴᠠᠭᠤᠯᠵᠤ᠂ ᠠᠵᠤ ᠠᠬᠤᠢᠯᠠᠯ᠎ᠤᠨ ᠳᠠᠷᠤᠭᠠᠰᠤ᠎ᠶᠢ 211.2 ᠳ᠋ᠦᠩᠰᠢᠭᠤᠷ ᠲᠥᠭᠥᠷᠢᠭ ᠬᠦᠩᠭᠡᠷᠡᠭᠦᠯᠪᠡ᠃
ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠭᠤᠤᠯᠲᠠᠯᠭ᠎ᠠ ᠲᠠᠢ ᠪᠦᠯᠬᠦᠮ ᠨᠡᠢᠲᠡ ᠢ᠋ᠢᠨ ᠠᠵᠢᠯ ᠤᠯᠭᠤᠯᠲᠠ ᠲᠤᠬᠲᠠᠭᠤᠨᠤ ᠲᠤᠮᠲᠠ ᠰᠠᠢᠵᠢᠷᠠᠪᠠ᠃ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠬᠤ ᠪᠠ ᠵᠠᠰᠠᠭ᠎ᠤᠨ ᠣᠷᠳᠣᠨ ᠡᠴᠡ ᠠᠬᠢᠭᠤᠯᠬᠤ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠨᠡᠶ᠋ᠢᠲᠡ 25.9 ᠲᠦᠮᠡ ᠭᠠᠷᠭᠠᠪᠠ᠃ ᠪᠥᠬᠥ ᠣᠷᠣᠨ᠎ᠤ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ ᠡᠯᠰᠡᠬᠦ ᠰᠢᠯᠭᠠᠯᠲᠠ᠎ᠳᠤ ᠲᠤᠬᠠᠢ ᠢ᠋ᠢᠨ ᠵᠢᠯ᠎ᠳᠡᠭᠡᠨ ᠲᠡᠭᠦᠰᠦᠭᠰᠡᠨ ᠶᠡᠬᠡ ᠲᠡᠭᠡᠲᠦ ᠰᠤᠷᠭᠠᠭᠤᠯᠢ ᠢ᠋ᠢᠨ ᠰᠤᠷᠤᠬᠴᠢ ᠵᠢ ᠮᠠᠭᠠᠳᠯᠠᠨ ᠲᠣᠭᠲᠠᠭᠠᠬᠤ ᠨᠥᠬᠥᠴᠡᠯ᠎ᠢ ᠠᠭᠤᠵᠢᠭᠤ ᠲᠠᠯᠪᠢᠵᠤ᠂ ᠬᠠᠰᠤᠭᠳᠠᠭᠰᠠᠨ ᠣᠷᠣᠨ ᠲᠣᠭ᠎ᠠ ᠶᠢ ᠠᠵᠢᠯᠲᠠᠨ ᠡᠯᠰᠡᠬᠦ ᠲᠥᠯᠥᠪᠯᠡᠭᠡ᠎ᠳᠦ ᠤᠷᠢᠳᠴᠢᠯᠠᠨ ᠣᠷᠣᠭᠤᠯᠬᠤ᠎ᠶᠢ ᠵᠥᠪᠰᠢᠶᠡᠷᠡᠵᠦ᠂ 《1+N》 ᠨᠥᠬᠥᠪᠦᠷᠢᠯᠡᠨ ᠠᠵᠢᠯᠲᠠᠨ ᠡᠯᠰᠡᠬᠦ ᠵᠠᠭᠪᠤᠷ᠎ᠤᠨ ᠰᠢᠨ᠎ᠡ᠎ᠶᠢ ᠡᠭᠦᠳᠦᠨ ᠬᠡᠷᠡᠭᠵᠢᠭᠦᠯᠪᠡ᠃ ᠬᠦᠯᠦᠰᠦᠨ ᠮᠠᠯᠴᠢᠨ ᠲᠠᠷᠢᠶᠠᠴᠢᠨ ᠢ᠋ ᠰᠢᠯᠵᠢᠭᠦᠯᠦᠨ ᠠᠵᠢᠯ ᠤᠯᠭᠤᠬᠤ ᠵᠢ ᠢᠲᠡᠪᠬᠢᠲᠡᠢ ᠠᠬᠢᠭᠤᠯᠵᠦ᠂ ᠭᠠᠳᠠᠭ᠍ᠰᠢ ᠭᠠᠷᠴᠤ ᠠᠵᠢᠯ ᠬᠢᠵᠦ ᠠᠵᠢᠯ ᠣᠯᠬᠤ ᠪᠠ ᠣᠢᠷ᠎ᠠ ᠬᠠᠪᠢ᠎ᠳᠠᠭᠠᠨ ᠲᠤᠬᠠᠢ᠎ᠶᠢᠨ ᠭᠠᠵᠠᠷ᠎ᠲᠠᠭᠠᠨ ᠠᠵᠢᠯ ᠣᠯᠬᠤ ᠬᠣᠣᠰ ᠴᠢᠭᠯᠡᠯ᠎ᠢᠶᠡᠷ ᠬᠦᠴᠦᠯᠡᠬᠦ᠎ᠶᠢ ᠪᠠᠷᠢᠮᠲᠠᠯᠠᠨ᠂ ᠬᠦᠯᠦᠰᠦᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠬᠤ᠎ᠳᠤ ᠵᠢᠯ ᠪᠦᠷᠢ ᠳᠤᠮᠳᠠᠴᠢ᠎ᠪᠠᠷ 240 ᠲᠦᠮᠡ᠎ᠡᠴᠡ ᠳᠡᠭᠡᠭᠰᠢ ᠬᠥᠮᠥᠨ᠎ᠢ ᠪᠠᠲᠤᠯᠠᠪᠠ᠃ ᠠᠵᠢᠯ ᠣᠯᠬᠤ᠎ᠳᠤ ᠬᠦᠴᠢᠷᠲᠡᠢ ᠬᠦᠮᠦᠰ ᠲᠸ᠋ ᠬᠠᠨᠳᠤᠭᠤᠯᠤᠨ ᠨᠡᠢ᠍ᠢᠳᠡ 49.2 ᠲᠦᠮᠡᠨ ᠠᠵᠢᠯ ᠠᠯᠳᠠᠭᠰᠠᠳ ᠲᠸ᠋ ᠲᠠᠬᠢᠨ ᠠᠵᠢᠯ ᠤᠯᠭᠤᠵᠦ᠂ ᠠᠵᠢᠯ ᠣᠯᠬᠤ᠎ᠳᠤ ᠬᠦᠴᠢᠷᠲᠡᠢ 31.8 ᠲᠦᠮᠡᠨ ᠬᠥᠮᠥᠨ᠎ᠳᠦ ᠠᠵᠢᠯ ᠣᠯᠭᠣᠵᠤ᠂ ᠭᠣᠣᠯᠳᠠᠯᠭ᠎ᠠ᠎ᠲᠠᠢ ᠪᠦᠯᠬᠦᠮ ᠨᠡᠢᠲᠡ ᠢ᠋ᠢᠨ ᠠᠵᠢᠯ ᠣᠯᠭᠣᠯᠲᠠ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠪᠠ᠃
ᠡᠭᠦᠨ ᠡᠴᠡ ᠭᠠᠲᠠᠨ᠎ᠠ᠂ ᠪᠣᠯᠪᠠᠰᠤᠷᠠᠯ ᠪᠠ ᠠᠵᠢᠯ ᠣᠯᠭᠣᠯᠲᠠ᠎ᠶᠢᠨ ᠬᠠᠮᠵᠢᠯᠴᠠᠨ ᠬᠣᠯᠪᠣᠯᠳᠤᠬᠤ᠎ᠶᠢ ᠠᠬᠢᠭᠤᠯᠵᠤ᠂ 137.4 ᠲᠦᠮᠡᠨ ᠬᠥᠮᠥᠨ ᠤᠳᠠᠭ᠎ᠠ ᠢ᠋ᠢᠨ ᠨᠥᠬᠥᠪᠦᠷᠢ᠎ᠶᠢᠨ ᠴᠢᠨᠠᠷᠲᠠᠢ ᠠᠵᠢᠯ ᠮᠡᠷᠭᠡᠵᠢᠯ ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠥᠷᠨᠢᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠪᠠᠭᠤᠯᠭᠠᠬᠤ᠎ᠶᠢ ᠶᠡᠬᠡ ᠪᠡᠷ ᠠᠬᠢᠭᠤᠯᠵᠤ᠂ 《ᠡᠭᠦᠲᠡᠨ ᠡᠮᠦᠨᠡᠬᠢ》ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ ᠵᠢ 1052᠂ ᠡᠳᠦᠷ᠎ᠦᠨ ᠬᠦᠴᠦᠨ᠎ᠦ ᠵᠠᠬ᠎ᠠ ᠳᠡᠯᠭᠡᠭᠦᠷ ᠪᠠ ᠡᠳᠦᠷ᠎ᠦᠨ ᠬᠦᠴᠦᠨ᠎ᠦ ᠤᠯᠠᠭ᠎ᠠ ᠥᠷᠲᠡᠭᠡ ᠵᠢ 168 ᠪᠠᠢᠭᠤᠯᠵᠤ᠂ ᠦᠢᠯᠡᠴᠢᠯᠡᠭᠡᠨ᠎ᠦ ᠡᠬᠢ ᠪᠠᠶᠠᠯᠢᠭ᠋᠎ᠢ ᠦᠨᠳᠦᠰᠦᠨ ᠱᠠᠲᠤ ᠳᠠᠢᠰᠢ ᠥᠷᠭᠡᠳᠬᠡᠵᠦ᠂ ᠬᠥᠳᠡᠭᠡ ᠲᠣᠰᠬᠣᠨ ᠳᠠᠢᠰᠢ ᠬᠠᠮᠤᠷᠬᠤ᠎ᠶᠢ ᠠᠬᠢᠭᠤᠯᠪᠠ᠃ 《ᠠᠵᠢᠯ ᠣᠯᠭᠣᠯᠲᠠ +》 ᠵᠠᠭᠪᠤᠷ᠎ᠤᠨ ᠰᠢᠨ᠎ᠡ᠎ᠶᠢ ᠡᠭᠦᠳᠴᠦ᠂ ᠡᠯ᠎ᠡ ᠲᠥᠷᠥᠯ᠎ᠦᠨ ᠤᠷᠢᠨ ᠡᠯᠰᠡᠬᠦ ᠠᠵᠢᠯᠯᠠᠭ᠎ᠠ᠎ᠶᠢ ᠨᠡᠶ᠋ᠢᠲᠡ 1.2 ᠲᠦᠮᠡᠨ ᠲᠠᠯᠠᠪᠠᠢ ᠥᠷᠨᠢᠭᠦᠯᠪᠡ᠃
ᠠᠷᠠᠳ ᠣᠯᠠᠨ᠎ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠡᠪᠡᠳᠴᠢᠨ ᠦᠵᠡᠭᠦᠯᠬᠦ ᠳᠠᠷᠤᠭᠠᠰᠤ᠎ᠶᠢ ᠬᠦᠴᠦᠯᠡᠨ ᠬᠥᠩᠭᠡᠷᠡᠭᠦᠯᠪᠡ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠤ ᠪᠥᠬᠥ ᠣᠷᠣᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠰᠠᠯᠠᠭ᠎ᠠ ᠮᠥᠴᠢᠷ᠎ᠦᠳ ᠠᠷᠠᠳ ᠲᠦᠮᠡᠨ᠎ᠦ ᠡᠷᠡᠭᠦᠯ ᠮᠡᠨᠳᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠨ᠂ ᠡᠮ ᠡᠮᠨᠡᠯᠭᠡ᠎ᠶᠢᠨ ᠳᠠᠭᠠᠳᠬᠠᠯ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠪᠠᠲᠤᠯᠠᠭ᠎ᠠ ᠶᠢᠨ ᠴᠢᠳᠠᠮᠵᠢ ᠶᠢ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ᠎ᠤ ᠡᠪᠡᠳᠴᠢᠨ ᠦᠵᠡᠭᠦᠯᠬᠦ ᠳᠠᠷᠤᠭᠠᠰᠤ᠎ᠶᠢ ᠬᠦᠴᠦᠯᠡᠨ ᠬᠥᠩᠭᠡᠷᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠤ ᠮᠠᠨ᠎ᠤ ᠣᠷᠣᠨ᠎ᠤ ᠦᠨᠳᠦᠰᠦᠨ ᠡᠮ ᠡᠮᠨᠡᠯᠭᠡ ᠢ᠋ᠢᠨ ᠳᠠᠭᠠᠳᠬᠠᠯ᠎ᠳᠤ ᠣᠷᠣᠯᠴᠠᠬᠰᠠᠨ ᠨᠣᠷᠮ᠎ᠠ 95% ᠠ᠋ᠴᠠ ᠳᠡᠭᠡᠭᠰᠢ᠎ᠳᠦ ᠲᠣᠭᠲᠠᠪᠤᠷᠢᠵᠢᠵᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠡᠳ᠋᠎ᠦᠨ ᠵᠠᠰᠠᠭ ᠤᠨ ᠨᠥᠬᠥᠪᠦᠷᠢ᠎ᠶᠢᠨ ᠪᠠᠷᠢᠮᠵᠢᠶ᠎ᠠ᠎ᠶᠢ 2020 ᠣᠨ᠎ᠳᠤ 550 ᠲᠥᠭᠥᠷᠢᠭ ᠪᠠᠢᠭᠰᠠᠨ᠎ᠡᠴᠡ 2025 ᠣᠨ᠎ᠳᠤ 700 ᠲᠥᠭᠥᠷᠢᠭ ᠪᠣᠯᠭᠠᠨ ᠳᠡᠭᠡᠭᠰᠢᠯᠡᠭᠦᠯᠪᠡ᠃
ᠲᠠᠪᠤᠨ ᠵᠢᠯ᠎ᠦᠨ ᠲᠤᠷᠰᠢ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠂ ᠬᠦᠨᠳᠦ ᠡᠪᠡᠳᠴᠢᠨ᠎ᠦ ᠳᠠᠭᠠᠳᠬᠠᠯ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢᠯ᠎ᠦᠨ ᠦᠨᠳᠦᠰᠦᠨ ᠡᠮ ᠡᠮᠨᠡᠯᠭᠡ᠎ᠶᠢᠨ ᠪᠠᠲᠤᠯᠠᠭ᠎ᠠ᠎ᠶᠢᠨ ᠳᠦᠷᠢᠮ ᠢ ᠴᠢᠨᠠᠬᠰᠢᠲᠠ ᠪᠡᠬᠢᠵᠢᠭᠦᠯᠵᠦ᠂ ᠠᠵᠢᠯᠲᠠᠨ ᠠᠵᠢᠯᠴᠢᠨ᠎ᠤ ᠡᠮ ᠡᠮᠨᠡᠯᠭᠡ᠎ᠶᠢᠨ ᠳᠠᠭᠠᠳᠬᠠᠯ᠂ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠭᠰᠠᠨ ᠵᠠᠷᠤᠳᠠᠯ᠎ᠤᠨ ᠲᠠᠩᠰᠠ ᠲᠠᠢᠯᠬᠤ ᠬᠠᠷᠢᠴᠠᠯ ᠲᠣᠰ ᠲᠣᠰ 80% ᠪᠠ 70% ᠣᠷᠴᠢᠮ᠎ᠳᠤ ᠬᠦᠷᠴᠡᠢ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠶ᠋ᠢᠲᠡ 6.56 ᠳ᠋ᠦᠩᠰᠢᠭᠤᠷ ᠬᠥᠮᠥᠨ ᠤᠳᠠᠭ᠎ᠠ ᠡᠮ ᠡᠮᠨᠡᠯᠭᠡ᠎ᠶᠢᠨ ᠳᠠᠭᠠᠳᠬᠠᠯ᠎ᠤᠨ ᠲᠠᠩᠰᠠ ᠲᠠᠢᠯᠬᠤ᠎ᠶᠢ ᠭᠥᠷᠳᠡᠵᠦ᠂ 2024 ᠣᠨ᠎ᠳᠤ 2021 ᠣᠨ᠎ᠤ ᠬᠢ᠎ᠡᠴᠡ 2 ᠳᠠᠬᠢᠨ ᠢᠯᠡᠭᠦᠦ ᠪᠣᠯᠵᠠᠢ᠃ ᠦᠷᠡᠵᠢᠯ ᠢ᠋ ᠲᠡᠮᠵᠢᠬᠦ ᠲᠥᠷᠥ᠎ᠶᠢᠨ ᠪᠣᠳᠣᠯᠭ᠎ᠠ᠎ᠶᠢᠨ ᠰᠢᠰᠲᠧᠮ ᠢ᠋ ᠪᠡᠬᠢᠵᠢᠭᠦᠯᠦᠨ ᠲᠡᠭᠦᠯᠳᠡᠷᠵᠢᠭᠦᠯᠵᠦ᠂ ᠰᠠᠶᠢ ᠲᠥᠷᠥᠭᠰᠡᠨ ᠬᠡᠦᠬᠡᠳ᠎ᠢ ᠠᠨᠠᠭᠠᠬᠤ ᠤᠬᠠᠭᠠᠨ᠎ᠤ ᠭᠡᠷᠡᠴᠢ᠎ᠪᠡᠷ᠎ᠨᠢ ᠳᠠᠭᠠᠳᠬᠠᠯ᠎ᠳᠤ ᠣᠷᠣᠭᠤᠯᠵᠤ ᠪᠣᠯᠬᠤ ᠪᠤᠯᠵᠦ᠂ ᠨᠢᠭᠡᠨᠲᠡ 7 ᠨᠢᠭᠡᠳᠦᠯᠲᠡᠢ ᠲᠥᠯᠥᠪᠵᠢᠭᠦᠯᠬᠦ ᠬᠡᠪᠴᠢᠶᠡᠨ᠎ᠳᠤ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠵᠤ ᠬᠥᠩᠭᠡᠵᠢᠭᠰᠡᠨ ᠵᠠᠷᠤᠳᠠᠯ ᠢ ᠪᠥᠬᠥ ᠲᠣᠭ᠎ᠠ᠎ᠪᠠᠷ ᠲᠠᠩᠰᠠ ᠲᠠᠢᠯᠬᠤ᠎ᠶᠢ ᠪᠡᠶᠡᠯᠡᠭᠦᠯᠵᠦ᠂ ᠦᠷᠡᠵᠢᠯ᠎ᠦᠨ ᠨᠥᠬᠥᠪᠦᠷᠢ᠎ᠶᠢ 《ᠭᠤᠶᠤᠴᠢᠯᠠᠪᠠᠯ ᠳᠠᠷᠤᠢ ᠡᠳ᠋ᠯᠡᠬᠦ》᠂ 《ᠬᠤᠪᠢ ᠬᠥᠮᠥᠨ᠎ᠳᠦ ᠰᠢᠭᠤᠳ ᠣᠯᠭᠣᠬᠤ》 ᠵᠢ ᠪᠥᠬᠥ ᠲᠠᠯ᠎ᠠ᠎ᠪᠠᠷ ᠪᠡᠶᠡᠯᠡᠭᠦᠯᠪᠡ᠃
ᠲᠠᠪᠤᠨ ᠵᠢᠯ᠎ᠦᠨ ᠲᠤᠷᠰᠢ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ ᠪᠠᠶ᠋ᠢᠭᠤᠯᠬᠤ᠎ᠶᠢ ᠢᠳᠡᠪᠬᠢᠲᠡᠢ ᠠᠬᠢᠭᠤᠯᠵᠤ᠂ ᠬᠥᠬᠡᠬᠣᠲᠠ᠂ ᠦᠬᠠᠢ ᠬᠣᠲᠠ᠂ ᠮᠠᠨᠵᠤᠤᠷ ᠬᠣᠲᠠ ᠡᠩ ᠲᠡᠷᠢᠭᠦᠨ᠎ᠳᠦ ᠬᠠᠢᠨ ᠰᠦᠪᠡᠭᠴᠢᠯᠡᠨ ᠲᠤᠷᠰᠢᠵᠦ᠂ ᠳᠠᠭᠠᠳᠬᠠᠯ᠎ᠳᠤ ᠣᠷᠣᠯᠴᠠᠭᠰᠠᠨ ᠨᠢ 302.25 ᠲᠦᠮᠡᠨ ᠬᠥᠮᠥᠨ ᠪᠠᠢᠵᠤ᠂ ᠨᠡᠶ᠋ᠢᠲᠡ 2.53 ᠲᠦᠮᠡᠨ ᠬᠥᠮᠥᠨᠣᠯᠭᠣᠮᠵᠢ ᠭᠥᠷᠳᠡᠵᠦ᠂ ᠨᠡᠶ᠋ᠢᠲᠡ 4.82 ᠳ᠋ᠦᠩᠰᠢᠭᠤᠷ ᠲᠥᠭᠥᠷᠢᠭ᠎ᠦᠨ ᠵᠠᠷᠤᠳᠠᠯ ᠥᠭᠴᠦ᠂ ᠬᠦᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠬᠥᠮᠥᠰ᠎ᠦᠨ ᠭᠡᠷ ᠪᠦᠯᠢ᠎ᠶᠢᠨ ᠠᠵᠤ ᠠᠬᠤᠢ ᠪᠠ ᠬᠡᠷᠡᠭ ᠶᠠᠪᠤᠳᠠᠯ᠎ᠤᠨ ᠳᠠᠷᠤᠭᠠᠰᠤ᠎ᠶᠢ ᠦᠨᠡᠨᠬᠦ ᠬᠥᠩᠭᠡᠷᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠡᠯ᠎ᠡ ᠵᠦᠢᠯ᠎ᠦᠨ ᠡᠮ ᠡᠮᠨᠡᠯᠭᠡ᠎ᠶᠢᠨ ᠳᠠᠭᠠᠳᠬᠠᠯ᠎ᠤᠨ ᠬᠠᠪᠰᠤᠷᠤᠨ ᠲᠡᠳᠬᠦᠬᠦ ᠲᠦᠷᠦ᠎ᠶᠢᠨ ᠪᠣᠳᠣᠯᠭ᠎ᠠ᠎ᠪᠠᠷ ᠬᠥᠳᠡᠭᠡ ᠲᠣᠰᠬᠣᠨ ᠤ ᠣᠷᠣᠯᠭ᠎ᠠ ᠪᠠᠭᠠᠲᠠᠢ ᠬᠥᠮᠥᠨ ᠠᠮᠠ᠎ᠳᠤ ᠨᠡᠢ᠍ᠢᠳᠡ 1776.79 ᠲᠦᠮᠡᠨ ᠬᠥᠮᠥᠨ ᠤᠳᠠᠭ᠎ᠠ ᠠᠰᠢᠭ᠋ ᠬᠦᠷᠲᠡᠭᠡᠵᠦ᠂ ᠳᠠᠭᠠᠳᠬᠠᠯ᠎ᠳᠤ ᠣᠷᠣᠯᠴᠠᠭᠰᠠᠨ ᠬᠥᠮᠥᠨ ᠢ ᠨᠡᠢ᠍ᠢᠳᠡ 827.76 ᠲᠦᠮᠡᠨ ᠬᠥᠮᠥᠨ ᠤᠳᠠᠭ᠎ᠠ ᠲᠤᠰᠠᠯᠠᠵᠤ᠂ ᠵᠠᠷᠤᠳᠠᠯ᠎ᠤᠨ ᠳᠠᠷᠤᠭᠠᠰᠤ ᠶᠢ 205 ᠳ᠋ᠦᠩᠰᠢᠭᠤᠷ ᠲᠥᠭᠥᠷᠢᠭ ᠬᠥᠩᠭᠡᠷᠡᠭᠦᠯᠪᠡ᠃
ᠨᠠᠰᠤᠵᠢᠯ᠎ᠤᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ᠎ᠦ ᠰᠢᠰᠲ᠋ᠸᠮ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠡᠴᠡ ᠨᠠᠭᠠᠰᠢ ᠥᠪᠥᠷ ᠮᠣᠩᠭᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠥᠮᠥᠨ ᠠᠮᠠ᠎ᠶᠢᠨ ᠨᠠᠰᠤᠵᠢᠯᠲᠠ ᠪᠣᠯᠣᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠎ᠶᠢᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠷᠭᠠᠴᠠᠭᠠᠵᠤ᠂ ᠨᠠᠰᠤᠵᠢᠯ᠎ᠤᠨ ᠦᠢᠯᠡᠰ ᠪᠣᠯᠣᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ ᠦ ᠰᠢᠰᠲ᠋ᠸᠮ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂《ᠥᠲᠡᠯᠦᠭᠡ ᠨᠠᠰᠤᠨ᠎ᠳᠠᠭᠠᠨ ᠬᠦᠷᠲᠡᠬᠦ ᠠᠰᠠᠷᠠᠮᠵᠢ᠎ᠲᠠᠢ᠂ ᠦᠮᠦᠭ ᠲᠦᠰᠢᠭ᠎ᠲᠠᠢ᠂ ᠪᠠᠶᠠᠷ ᠪᠠᠶᠠᠰᠤᠯ᠎ᠲᠠᠢ᠂ ᠠᠮᠤᠷ ᠠᠮᠤᠭᠤᠯᠠᠩ ᠪᠠᠢᠬᠤ》 ᠵᠣᠯ ᠵᠢᠷᠭᠠᠯ ᠤᠨ ᠵᠢᠷᠤᠭ ᠲᠥᠰᠥᠪ᠎ᠢ ᠨᠡᠩ ᠲᠣᠳᠣᠷᠬᠠᠢ ᠪᠥᠭᠡᠳ ᠠᠮᠢᠳᠤᠯᠢᠭ᠋ ᠪᠣᠯᠭᠠᠵᠠᠢ᠃
ᠨᠠᠰᠤᠲᠠᠢᠴᠤᠳ᠎ᠤᠨ ᠠᠵᠢᠯ᠎ᠤᠨ ᠰᠢᠨ᠎ᠡ ᠪᠠᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠨᠠᠰᠤᠵᠢᠯ᠎ᠤᠨ ᠠᠰᠠᠷᠠᠮᠵᠢ᠎ᠶᠢᠨ ᠦᠢᠯᠡᠰ ᠪᠣᠯᠣᠨ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠢ ᠬᠠᠮᠵᠢᠯᠴᠠᠨ ᠬᠥᠭᠵᠢᠭᠦᠯᠵᠦ᠂ ᠪᠡᠭᠡᠵᠢᠩ᠂ ᠱᠠᠩᠬᠠᠢ ᠵᠡᠷᠭᠡ 9 ᠮᠤᠵᠢ ᠣᠷᠣᠨ ᠯᠤᠭ᠎ᠠ ᠵᠢᠭᠤᠯᠴᠢᠯᠠᠨ ᠰᠠᠭᠤᠬᠤ ᠨᠠᠰᠤᠵᠢᠯ᠎ᠤᠨ ᠠᠰᠠᠷᠠᠮᠵᠢ᠎ᠶᠢᠨ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ ᠲᠣᠭᠲᠠᠵᠤ᠂ ᠱᠠᠨᠰᠢ᠂ ᠰᠧᠴᠦᠸᠠᠨ ᠵᠡᠷᠭᠡ 11 ᠮᠤᠵᠢ ᠣᠷᠣᠨ ᠯᠤᠭ᠎ᠠ ᠪᠤᠭᠤᠷᠤᠯᠴᠤᠳ᠎ᠤᠨ ᠠᠵᠤ ᠠᠬᠤᠢ᠎ᠶᠢᠨ ᠠᠵᠤ ᠦᠢᠯᠡᠰ᠎ᠦᠨ ᠬᠦᠷᠢᠶᠡᠯᠡᠩ᠎ᠢ ᠬᠠᠮᠲᠤ ᠪᠠᠷ ᠪᠠᠶ᠋ᠢᠭᠤᠯᠪᠠ᠃ 81 ᠪᠦᠬᠦ ᠤᠯᠤᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠨᠠᠰᠤᠲᠠᠢᠴᠤᠳ᠎ᠤᠨ ᠨᠥᠬᠥᠷᠰᠡᠭ ᠬᠡᠯᠪᠡᠷᠢ᠎ᠶᠢᠨ ᠨᠡᠢᠭᠡᠮ ᠲᠣᠭᠣᠷᠢᠭ᠋ ᠢ ᠠᠮᠵᠢᠯᠲᠠ᠎ᠲᠠᠢ᠎ᠪᠠᠷ ᠡᠭᠦᠳᠦᠨ ᠪᠠᠢᠭᠤᠯᠵᠤ᠂ 49 ᠨᠡᠢᠭᠡᠮ ᠲᠣᠭᠣᠷᠢᠭ᠋᠎ᠲᠤ ᠶᠠᠭ ᠡᠭᠦᠳᠦᠨ ᠪᠠᠶ᠋ᠢᠭᠤᠯᠬᠤ ᠠᠵᠢᠯ ᠢ ᠢᠳᠡᠪᠬᠢᠲᠡᠢ᠎ᠪᠡᠷ ᠥᠷᠨᠢᠭᠦᠯᠵᠦ ᠪᠤᠢ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠤ ᠰᠡᠭᠦᠯᠴᠢ ᠪᠣᠯᠲᠠᠯ᠎ᠠ ᠪᠥᠬᠥ ᠣᠷᠣᠨ᠎ᠳᠤ ᠬᠤᠲᠠ ᠪᠠᠯᠭᠠᠰᠤ ᠢ᠋ᠢᠨ ᠭᠡᠷ᠎ᠪᠦᠯᠢ ᠪᠠ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠤ ᠲᠦᠭᠦᠭᠡᠷᠦᠮᠵᠢ᠎ᠶᠢ 1651 ᠪᠠᠢᠭᠤᠯᠵᠤ᠂ ᠵᠢᠱ᠌ᠢᠶ᠎ᠡ ᠦᠵᠡᠭᠦᠯᠬᠦ ᠴᠢᠨᠠᠷᠲᠠᠢ ᠬᠡᠷ ᠪᠦᠯᠢ ᠪᠠ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠦᠯᠵᠢᠶ᠎ᠡ᠎ᠶᠢ 19 ᠪᠠᠢᠭᠤᠯᠵᠤ᠂ ᠭᠡᠷ ᠪᠦᠯᠢ ᠪᠠ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠪᠦᠷᠬᠦᠴᠡ᠎ᠶᠢᠨ ᠨᠣᠷᠮ᠎ᠠ 98.2%᠎ᠲᠤ ᠬᠦᠷᠴᠤ᠂ ᠬᠣᠲᠠ᠎ᠶᠢᠨ ᠭᠡᠷ᠎ᠲᠡᠬᠡᠨ ᠰᠠᠭᠤᠭ᠎ᠠ ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ᠎ᠶᠢᠨ 《ᠠᠷᠪᠠᠨ ᠲᠠᠪᠤᠨ ᠮᠢᠨᠦ᠋ᠲ᠎ᠤᠨ ᠦᠢᠯᠡᠴᠢᠯᠡᠭᠡᠨ᠎ᠤ ᠲᠤᠭᠣᠷᠢᠭ᠋》 ᠢ᠋ ᠪᠦᠲᠦᠮᠵᠢᠲᠡᠶ ᠪᠠᠢᠭᠤᠯᠪᠠ᠃ ᠰᠢᠶᠠᠨ᠎ᠤ ᠱᠠᠲᠤᠨ᠎ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ᠎ᠦ ᠪᠠᠢᠭᠤᠯᠤᠮᠵᠢ᠎ᠶᠢ ᠪᠦᠬᠦᠨ᠎ᠢ ᠬᠠᠮᠤᠷᠬᠤ᠎ᠶᠢ ᠪᠡᠶᠡᠯᠡᠭᠦᠯᠵᠦ᠂ ᠲᠥᠪᠯᠡᠷᠡᠭᠦᠯᠦᠨ ᠠᠰᠠᠷᠠᠨ ᠲᠡᠵᠢᠭᠡᠯᠬᠡᠬᠦ ᠰᠠᠨᠠᠭ᠎ᠠ᠎ᠲᠠᠢ ᠣᠨᠴᠠ ᠬᠦᠴᠢᠷᠳᠡᠯᠲᠡᠢ ᠬᠥᠮᠥᠰ᠎ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ100%᠎ᠳᠤ ᠬᠦᠷᠴᠡᠢ᠃ ᠮᠠᠯᠵᠢᠬᠤ ᠲᠠᠷᠢᠶᠠᠯᠠᠬᠤ ᠣᠷᠣᠨ᠎ᠳ᠋ᠤ ᠰᠤᠮᠤ ᠰᠢᠶᠠᠩ ᠪᠠᠯᠭᠠᠰᠤ᠎ᠶᠢᠨ ᠣᠷᠣᠨ ᠪᠦᠰᠡ᠎ᠶᠢᠨ ᠨᠠᠰᠤᠵᠢᠯ᠎ᠤᠨ ᠦᠢᠯᠡᠴᠢᠯᠡᠭᠡᠨ᠎ᠦ ᠲᠥᠪ᠎ᠢ 659 ᠪᠠᠢᠭᠤᠯᠵᠤ᠂ ᠲᠣᠰᠬᠣᠨ᠎ᠤ ᠲᠠᠰ᠎ᠤᠨ ᠦᠢᠯᠡᠴᠢᠯᠡᠭᠡᠨ᠎ᠦ ᠥᠷᠲᠡᠭᠡ (ᠵᠣᠯ ᠵᠢᠷᠭᠠᠯ᠎ᠤᠨ ᠬᠦᠷᠢᠶᠡᠯᠡᠩ ᠪᠠᠭᠲᠠᠨ᠎ᠠ) ᠵᠢ 6404 ᠪᠠᠢᠭᠤᠯᠵᠤ᠂ 《ᠨᠠᠰᠤᠵᠢᠯ᠎ᠤᠨ ᠦᠢᠯᠡᠴᠢᠯᠡᠭᠡᠨ᠎ᠦ ᠲᠡᠷᠭᠡ》 ᠨᠢ ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠢᠴᠤᠳ᠎ᠲᠤ ᠨᠡᠶ᠋ᠢᠲᠡ 5 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠪᠡ᠃
ᠬᠠᠭᠤᠴᠢᠨ ᠦᠢᠯᠡᠴᠢᠯᠡᠭᠡᠨ᠎ᠦ ᠡᠬᠢ ᠪᠠᠶᠠᠯᠢᠭ᠋᠎ᠢ ᠨᠡᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠪᠠ᠃ 1.24 ᠲᠦᠮᠡᠨ ᠭᠡᠷ ᠪᠦᠯᠢ᠎ᠶᠢᠨ ᠨᠠᠰᠤᠵᠢᠯ᠎ᠤᠨ ᠠᠰᠠᠷᠠᠮᠵᠢ᠎ᠶᠢᠨ ᠣᠷᠣ᠌᠎ᠶᠢ ᠪᠠᠢᠭᠤᠯᠵᠤ᠂ 7.97 ᠲᠦᠮᠡᠨ ᠡᠷᠦᠬᠡ ᠣᠨᠴᠠᠭᠠᠶ ᠬᠦᠴᠢᠷᠳᠡᠯᠲᠡᠢ ᠨᠠᠰᠤᠲᠠᠢᠴᠤᠳ᠎ᠤᠨ ᠭᠡᠷ ᠪᠦᠯᠢ᠎ᠶᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠎ᠶᠢ ᠪᠡᠶᠡᠯᠡᠭᠦᠯᠵᠦ᠂ ᠡᠯ᠎ᠡ ᠲᠥᠷᠥᠯ᠎ᠦᠨ ᠭᠡᠷ᠎ᠪᠦᠯᠢ ᠪᠠ ᠨᠡᠢᠭᠡᠮ ᠲᠣᠭᠣᠷᠢᠭ᠋᠎ᠤᠨ ᠨᠠᠰᠤᠵᠢᠯ ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠬᠦᠭᠡᠷᠦᠮᠵᠢ᠎ᠶᠢ ᠨᠠᠰᠤᠲᠠᠢᠴᠤᠳ᠎ᠲᠤ ᠡᠳᠦᠷ ᠪᠦᠷᠢ ᠳᠤᠮᠳᠠᠴᠢ᠎ᠪᠠᠷ 4.7 ᠲᠦᠮᠡᠨ ᠬᠥᠮᠥᠨ ᠤᠳᠠᠭ᠎ᠠ ᠦᠢᠯᠡᠴᠢᠯᠡᠭᠦᠯᠵᠦ᠂ ᠨᠠᠰᠤᠲᠠᠢᠴᠤᠳ᠎ᠲᠤ ᠲᠤᠰᠠᠯᠠᠬᠤ ᠬᠣᠭᠣᠯᠠᠨ ᠭᠡᠷ ᠢ᠋ 2231 ᠪᠠᠢᠭᠤᠯᠪᠡ᠃ ᠪᠥᠬᠥ ᠣᠷᠣᠨ ᠤ ᠨᠠᠰᠤᠵᠢᠯ ᠤᠨ ᠠᠰᠠᠷᠠᠮᠵᠢ᠎ᠶᠢᠨ ᠪᠠᠢᠭᠤᠯᠤᠮᠵᠢ 619 ᠪᠣᠯᠵᠤ᠂ 7.8 ᠲᠦᠮᠡᠨ ᠡᠪᠡᠳᠴᠢᠲᠡᠨ ᠦ ᠣᠷᠣ᠌ ᠲᠠᠢ ᠪᠣᠯᠵᠤ᠂ ᠰᠤᠪᠢᠯᠠᠬᠤ ᠬᠡᠯᠪᠡᠷᠢ᠎ᠶᠢᠨ ᠡᠪᠡᠳᠴᠢᠲᠡᠨ᠎ᠦ ᠣᠷᠣ᠌᠎ᠶᠢᠨ ᠡᠵᠡᠯᠡᠬᠦ ᠬᠠᠷᠢᠴᠠᠯ 2020 ᠣᠨ᠎ᠳᠤ 48% ᠪᠠᠢᠭᠰᠠᠨ ᠠ᠋ᠴᠠ᠎ᠪᠠᠨ ᠳᠡᠭᠡᠭᠰᠢᠯᠡᠭᠡᠳ 71.2% ᠪᠣᠯᠪᠠ᠃
ᠣᠨᠴᠠ ᠬᠦᠴᠢᠷᠳᠡᠯ᠎ᠲᠠᠢ ᠨᠠᠰᠤᠲᠠᠢᠴᠤᠳ᠎ᠢ ᠡᠷᠭᠢᠵᠦ ᠦᠵᠡᠬᠦ ᠪᠠ ᠬᠠᠯᠠᠮᠵᠢᠯᠠᠨ ᠬᠠᠢᠷᠠᠯᠠᠬᠤ ᠲᠣᠭᠲᠠᠴᠠ ᠡᠲᠦᠷ ᠢᠷᠡᠬᠦᠶ᠎ᠡ ᠲᠡᠭᠦᠯᠲᠡᠷᠵᠢᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ ᠶᠢᠨ ᠬᠤᠭᠤᠴᠠᠭᠠᠨ ᠡᠴᠡ ᠨᠠᠭᠠᠰᠢ ᠨᠡᠢ᠍ᠢᠳᠡ 165 ᠲᠦᠮᠡᠨ ᠬᠥᠮᠥᠨ ᠤᠳᠠᠭ᠎ᠠ ᠢ᠋ᠢᠨ ᠨᠠᠰᠤᠲᠠᠢᠴᠤᠳ ᠢ᠋ ᠡᠷᠬᠢᠨ ᠦᠵᠡᠨ ᠰᠤᠷᠪᠤᠯᠵᠢᠯᠠᠵᠦ᠂ 25 ᠲᠦᠮᠡᠨ ᠬᠥᠮᠥᠨ ᠤᠳᠠᠭ᠎ᠠ ᠳᠤ ᠬᠠᠨᠳᠤᠯᠭᠠᠲᠤ ᠴᠢᠨᠠᠷᠲᠠᠢ᠎ᠪᠠᠷ ᠠᠪᠤᠷᠠᠨ ᠲᠤᠰᠠᠯᠠᠯᠲᠠ ᠬᠢᠵᠠᠢ᠃