ᠡᠪᠦᠯ ᠪᠤᠯᠤᠬᠰᠠᠨ ᠡᠴᠡ ᠨᠠᠭᠠᠰᠢ᠂ ᠬᠦᠢᠲᠡᠨ ᠤᠷᠤᠰᠭᠠᠯ ᠤ᠋ᠨ ᠳᠠᠭᠠᠷᠢᠯᠲᠠ ᠳ᠋ᠤ ᠣᠯᠠᠨᠲᠠ ᠤᠴᠠᠷᠠᠬᠰᠠᠨ ᠪᠤᠯᠪᠠᠴᠤ ᠨᠠᠶ᠋ᠮᠠᠨ ᠬᠣᠱᠢᠭᠤᠨ ᠤ᠋ ᠲᠠᠴᠢᠨᠲᠠᠯ᠎ᠠ ᠪᠠᠯᠭᠠᠰᠤᠨ ᠤ᠋ ᠵᠢᠯ ᠤ᠋ᠨ ᠭᠠᠷᠤᠯᠲᠠ ᠨᠢ 500 ᠲᠦᠮᠡᠨ ᠲᠣᠨ ᠤ᠋ ᠪᠠᠢᠭᠠᠯᠢᠯᠢᠭ ᠬᠤᠵᠢᠷ ᠤ᠋ᠨ ᠠᠭᠤᠷᠬᠠᠶ ᠵᠢᠨ ᠠᠭᠤᠰᠭᠠᠨ ᠮᠠᠯᠲᠠᠬᠤ ᠲᠤᠷᠱᠢᠯᠲᠠ ᠶ᠋ᠢᠨ ᠲᠥᠷᠥᠯ ᠵᠦᠶ᠋ᠯ ᠤ᠋ᠨ ᠪᠠᠷᠢᠯᠭ᠎ᠠ ᠶ᠋ᠢᠨ ᠭᠠᠵᠠᠷ ᠲᠦ᠍ ᠠᠵᠢᠯᠲᠠᠳ ᠮᠦᠨ ᠯᠡ ᠶᠠᠭᠠᠷᠠᠯᠲᠠᠢ ᠠᠵᠢᠯᠯᠠᠨ᠎ᠠ᠃ 11 ᠰᠠᠷ᠎ᠠ ᠶ᠋ᠢᠨ 29 ᠤ᠋ ᠡᠳᠦᠷ 1 ᠳ᠋ᠦ᠍ᠭᠡᠷ ᠬᠤᠳᠳᠤᠭ ᠡᠴᠡ ᠭᠠᠵᠠᠷ ᠳᠤᠤᠷᠠᠬᠢ ᠬᠤᠵᠢᠷ ᠢ᠋ ᠠᠭᠤᠰᠬᠠᠨ ᠲᠠᠪᠤᠰᠤᠯᠢᠭ ᠰᠢᠭᠦᠰᠦ ᠵᠢ ᠲᠠᠲᠠᠵᠤ ᠭᠠᠷᠭᠠᠬᠤ ᠵᠢ ᠠᠮᠵᠢᠯᠲᠠ ᠲᠠᠢ ᠪᠡᠶᠡᠯᠡᠭᠦᠯᠵᠦ᠍᠂ ᠲᠥᠷᠥᠯ ᠵᠦᠶ᠋ᠯ ᠨᠢ ᠣᠷᠴᠢᠯᠳᠤᠭᠤᠯᠤᠨ ᠠᠭᠤᠰᠬᠠᠨ ᠮᠠᠯᠲᠠᠬᠤ ᠠᠵᠢᠯ ᠤ᠋ᠨ ᠱᠠᠲᠤᠨ ᠳ᠋ᠤ ᠣᠷᠣᠪᠠ᠃
ᠲᠠᠴᠢᠨᠲᠠᠯ᠎ᠠ ᠵᠢᠨ ᠪᠠᠢᠭᠠᠯᠢᠯᠢᠭ ᠬᠤᠵᠢᠷ ᠤ᠋ᠨ ᠠᠭᠤᠷᠬᠠᠶ ᠪᠣᠯ ᠥᠪᠥᠷ ᠮᠣᠩᠭᠣᠯ ᠤ᠋ᠨ ᠣᠲᠣ ᠪᠣᠯᠲᠠᠯ᠎ᠠ ᠢᠯᠡᠷᠡᠭᠦᠯᠦᠭ᠌ᠰᠡᠨ ᠬᠠᠮᠤᠭ ᠤ᠋ᠨ ᠶᠡᠬᠡ ᠪᠠᠢᠭᠠᠯᠢᠯᠢᠭ ᠬᠤᠵᠢᠷ ᠤ᠋ᠨ ᠠᠭᠤᠷᠬᠠᠶ ᠪᠠᠢᠵᠤ ᠂ 2025 ᠣᠨ ᠤ᠋ 6 ᠰᠠᠷ᠎ᠠ ᠳ᠋ᠤ 68 ᠳ᠋ᠦᠩᠱᠢᠭᠤᠷ ᠲᠥᠭᠥᠷᠢᠭ ᠤ᠋ᠨ ᠦᠨ᠎ᠡ ᠪᠠᠷ 28.85 ᠲᠡᠭ᠌ᠰᠢ ᠳᠥᠷᠪᠡᠯᠵᠢᠨ ᠺᠢᠯᠣᠮᠧᠲ᠋ᠷ ᠠᠭᠤᠷᠬᠠᠶ ᠮᠠᠯᠲᠠᠬᠤ ᠡᠷᠬᠡ ᠵᠢ ᠠᠮᠵᠢᠯᠲᠠᠲᠠᠶ ᠱᠢᠯᠵᠢᠭᠦᠯᠦᠨ ᠥᠭ᠌ᠪᠡ᠃ ᠪᠠᠢᠭᠠᠯᠢᠯᠢᠭ ᠬᠤᠵᠢᠷ ᠤ᠋ᠨ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠤᠷᠢᠳᠠᠴᠢ ᠢᠨᠵᠧᠨᠧᠷᠢᠩ ᠪᠣᠯᠤᠭ᠍ᠰᠠᠨ ᠤ᠋ ᠬᠤᠪᠢ ᠳ᠋ᠤ ᠠᠭᠤᠰᠭᠠᠨ ᠮᠠᠯᠲᠠᠬᠤ ᠲᠤᠷᠱᠢᠯᠲᠠ ᠶ᠋ᠢᠨ ᠲᠥᠷᠥᠯ ᠵᠦᠶ᠋ᠯ ᠢ᠋ 2025 ᠣᠨ ᠤ᠋ 8 ᠰᠠᠷ᠎ᠠ ᠳ᠋ᠤ ᠵᠢᠩᠬᠢᠨᠢ ᠪᠡᠷ ᠠᠵᠢᠯ ᠡᠬᠢᠯᠡᠭᠦᠯᠵᠦ᠍᠂ 2026 ᠣᠨ ᠤ᠋ 2 ᠰᠠᠷ᠎ᠠ ᠶ᠋ᠢᠨ ᠰᠡᠭᠦᠯᠴᠢ ᠪᠡᠷ ᠠᠭᠤᠰᠭᠠᠨ ᠮᠠᠯᠲᠠᠬᠤ ᠲᠤᠷᠱᠢᠯᠲᠠ ᠶ᠋ᠢᠨ ᠲᠣᠭ᠎ᠠ ᠪᠠᠷᠢᠮᠲᠠ ᠶ᠋ᠢᠨ ᠮᠡᠳᠡᠭᠦᠯᠦᠯᠲᠡ ᠵᠢ ᠪᠡᠶᠡᠯᠡᠭᠦᠯᠬᠦ᠌ ᠪᠡᠷ ᠴᠢᠷᠮᠠᠢᠵᠤ ᠪᠠᠢᠨ᠎ᠠ ᠃
ᠵᠦᠩ ᠶᠠᠨ (ᠥᠪᠥᠷ ᠮᠣᠩᠭᠣᠯ) ᠬᠤᠵᠢᠷ ᠤ᠋ᠨ ᠦᠶ᠋ᠯᠡᠰ ᠤ᠋ᠨ ᠬᠢᠵᠠᠭᠠᠷᠲᠤ ᠺᠣᠮᠫᠠᠨᠢ ᠶ᠋ᠢᠨ ᠳᠡᠳ᠋ ᠶᠡᠷᠦᠩᠬᠡᠶ ᠳᠠᠭᠠᠭᠠᠮᠠᠯ ᠸᠠᠩ ᠵᠢᠨ ᠲᠤᠤ ᠲᠠᠨᠢᠯᠴᠠᠭᠤᠯᠬᠤ ᠳ᠋ᠠᠭᠠᠨ᠂ ᠠᠭᠤᠰᠭᠠᠨ ᠮᠠᠯᠲᠠᠬᠤ ᠲᠤᠷᠱᠢᠯᠲᠠ ᠪᠣᠯ ᠪᠠᠢᠭᠠᠯᠢᠯᠢᠭ ᠬᠤᠵᠢᠷ ᠤ᠋ᠨ ᠡᠬᠢ ᠪᠠᠶᠠᠯᠢᠭ ᠢ᠋ ᠨᠡᠭᠡᠭᠡᠨ ᠮᠠᠯᠲᠠᠬᠤ ᠳᠤᠮᠳᠠᠬᠢ ᠳᠤᠲᠠᠭ᠍ᠳᠠᠵᠤ ᠪᠣᠯᠤᠰᠢ ᠥᠬᠡᠶ ᠭᠣᠭ᠍ᠴᠣᠭᠠ ᠪᠠᠢᠵᠤ᠂ ᠲᠡᠭᠦᠨ ᠤ᠋ ᠭᠤᠤᠯ ᠬᠠᠷᠠᠯᠲᠠ ᠨᠢ ᠠᠭᠤᠷᠬᠠᠶ ᠶ᠋ᠢᠨ ᠣᠷᠣᠨ ᠤ᠋ ᠪᠠᠢᠭᠠᠯᠢᠯᠢᠭ ᠬᠤᠵᠢᠷ ᠢ᠋ ᠨᠡᠭᠡᠭᠡᠨ ᠮᠠᠯᠲᠠᠬᠤ ᠣᠨᠴᠠᠯᠢᠭ ᠱᠢᠨᠵᠢ ᠵᠢ ᠪᠥᠬᠥ᠌ ᠲᠠᠯ᠎ᠠ ᠪᠡᠷ ᠡᠵᠡᠮᠱᠢᠵᠦ᠍᠂ ᠠᠭᠤᠰᠭᠠᠨ ᠮᠠᠯᠲᠠᠬᠤ ᠤᠷ᠎ᠠ ᠮᠡᠷᠭᠡᠱᠢᠯ ᠤ᠋ᠨ ᠪᠣᠯᠤᠮᠵᠢᠲᠤ ᠴᠢᠨᠠᠷ᠂ ᠨᠡᠭᠡᠭᠡᠨ ᠮᠠᠯᠲᠠᠬᠤ ᠦᠷ᠎ᠡ ᠪᠦᠲᠦᠮᠵᠢ ᠪᠠ ᠠᠮᠤᠷ ᠲᠦᠪᠱᠢᠨ ᠲᠣᠭ᠍ᠲᠠᠪᠤᠷᠢᠲᠤ ᠴᠢᠨᠠᠷ ᠢ᠋ ᠱᠢᠰᠲ᠋ᠧᠮ ᠲᠠᠢ ᠪᠠᠷ ᠦᠨᠡᠯᠡᠨ ᠵᠢᠱ᠌ᠢᠬᠦ᠌ ᠪᠠ ᠱᠢᠯᠢᠳᠡᠭ᠌ᠵᠢᠭᠦᠯᠦᠨ ᠱᠢᠯᠭᠠᠨ ᠪᠠᠲᠤᠯᠠᠵᠤ᠂ ᠲᠠᠷᠠᠭᠠᠴᠢ ᠪᠡᠷ ᠵᠢᠯ ᠤ᠋ᠨ ᠭᠠᠷᠤᠯᠲᠠ ᠨᠢ 500 ᠲᠦᠮᠡᠨ ᠲᠣᠨ ᠤ᠋ ᠪᠠᠢᠭᠠᠯᠢᠯᠢᠭ ᠬᠤᠵᠢᠷ ᠢ᠋ ᠠᠵᠤ ᠦᠶ᠋ᠯᠡᠳᠪᠦᠷᠢᠵᠢᠭᠦᠯᠦᠨ ᠬᠡᠪᠴᠢᠶᠡᠵᠢᠭᠦᠯᠦᠨ ᠨᠡᠭᠡᠭᠡᠨ ᠬᠥᠭ᠌ᠵᠢᠭᠦᠯᠬᠦ᠌ ᠳ᠋ᠤ ᠪᠠᠲᠤ ᠪᠠᠬᠢ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠬᠤ ᠪᠤᠯᠤᠨ᠎ᠠ ᠭᠡᠪᠡ᠃
ᠠᠭᠤᠰᠭᠠᠨ ᠮᠠᠯᠲᠠᠬᠤ ᠲᠤᠷᠱᠢᠯᠲᠠ ᠶ᠋ᠢᠨ ᠠᠵᠢᠯ ᠢ᠋ ᠪᠡᠶᠡᠯᠡᠭᠦᠯᠦᠭ᠌ᠰᠡᠨ ᠤ᠋ ᠳᠠᠷᠠᠭ᠎ᠠ ᠵᠦᠩ ᠶᠠᠨ ( ᠥᠪᠥᠷ ᠮᠣᠩᠭᠣᠯ) ᠬᠤᠵᠢᠷ ᠤ᠋ᠨ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠯ ᠤ᠋ᠨ ᠭᠠᠷᠤᠯᠲᠠ ᠨᠢ 500 ᠲᠦᠮᠡᠨ ᠲᠣᠨ ᠤ᠋ ᠪᠠᠢᠭᠠᠯᠢᠯᠢᠭ ᠬᠤᠵᠢᠷ ᠤ᠋ᠨ ᠠᠭᠤᠷᠬᠠᠶ ᠶ᠋ᠢᠨ ᠭᠠᠷᠤᠯᠲᠠ ᠶ᠋ᠢᠨ ᠡᠬᠢ ᠪᠠᠶᠠᠯᠢᠭ ᠢ᠋ ᠶᠡᠷᠦᠩᠬᠡᠢᠯᠡᠨ ᠨᠡᠭᠡᠭᠡᠨ ᠠᠱᠢᠭ᠍ᠯᠠᠬᠤ ᠲᠥᠷᠥᠯ ᠵᠦᠶ᠋ᠯ ᠢ᠋ ᠪᠥᠬᠥ᠌ ᠲᠠᠯ᠎ᠠ ᠪᠡᠷ ᠡᠬᠢᠯᠡᠭᠦᠯᠵᠦ᠍ ᠂ 260 ᠳ᠋ᠦᠩᠱᠢᠭᠤᠷ ᠭᠠᠷᠤᠢ ᠲᠥᠭᠥᠷᠢᠭ ᠤ᠋ᠨ ᠶᠡᠷᠦᠩᠬᠡᠶ ᠪᠠᠯᠠ ᠣᠷᠣᠭᠤᠯᠤᠯᠲᠠ ᠵᠢ ᠪᠡᠶᠡᠯᠡᠭᠦᠯᠬᠦ ᠪᠡᠷ ᠲᠦᠯᠦᠪᠵᠢᠭᠦᠯᠵᠦ᠂ ᠪᠥᠬᠥ᠌ ᠪᠥᠮᠪᠥᠷᠴᠡᠭ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ᠂ ᠬᠠᠮᠤᠭ ᠤ᠋ᠨ ᠴᠢᠨᠠᠷ ᠰᠠᠢᠲᠠᠢ ᠴᠡᠪᠡᠷ ᠬᠤᠵᠢᠷ ᠤ᠋ᠨ ᠦᠶ᠋ᠯᠡᠳᠪᠦᠷᠢᠯᠡᠯ ᠤ᠋ᠨ ᠰᠠᠭᠤᠷᠢᠨ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠪᠠᠢᠭᠤᠯᠵᠤ᠂ ᠤᠯᠤᠰ ᠤ᠋ᠨ ᠴᠢᠬᠤᠯᠠ ᠬᠢᠮᠢ ᠶ᠋ᠢᠨ ᠠᠵᠤ ᠦᠶ᠋ᠯᠡᠳᠪᠦᠷᠢ ᠶ᠋ᠢᠨ ᠲᠦᠭᠦᠬᠡᠶ ᠮᠠᠲ᠋ᠧᠷᠢᠶᠠᠯ ᠤ᠋ᠨ ᠬᠠᠩᠭᠠᠯᠭ᠎ᠠ ᠶ᠋ᠢᠨ ᠬᠡᠯᠬᠢᠶ᠎ᠡ ᠶ᠋ᠢᠨ ᠪᠡᠶ᠎ᠡ ᠪᠠᠨ ᠳᠠᠭᠠᠭᠠᠵᠤ ᠡᠵᠡᠮᠳᠡᠵᠦ᠍ ᠪᠣᠯᠬᠤ ᠴᠢᠳᠠᠪᠤᠷᠢ ᠵᠢ ᠤᠯᠠᠮ ᠴᠢᠨᠠᠬᠰᠢᠲᠠ ᠴᠢᠩᠭᠠᠷᠠᠭᠤᠯᠬᠤ ᠪᠤᠯᠤᠨ᠎ᠠ ᠃
ᠠᠵᠤ ᠦᠢᠯᠡᠰ ᠪᠣᠯ ᠬᠥᠭ᠌ᠵᠢᠯᠲᠡ ᠶ᠋ᠢᠨ ᠰᠠᠭᠤᠷᠢ ᠮᠥᠨ᠃ ᠨᠠᠶ᠋ᠮᠠᠨ ᠬᠣᠱᠢᠭᠤ ᠡᠬᠢ ᠪᠠᠶᠠᠯᠢᠭ ᠤ᠋ᠨ ᠳᠠᠪᠠᠭᠤᠯᠢᠭ᠂ ᠠᠵᠤ ᠦᠶ᠋ᠯᠡᠰ ᠤ᠋ᠨ ᠰᠠᠭᠤᠷᠢ ᠪᠠ ᠣᠷᠣᠨ ᠪᠠᠢᠷᠢ ᠶ᠋ᠢᠨ ᠳᠠᠪᠠᠭᠤᠯᠢᠭ ᠲᠠᠭᠠᠨ ᠰᠠᠭᠤᠷᠢᠯᠠᠵᠤ᠂ 《ᠠᠵᠤ ᠦᠶ᠋ᠯᠡᠳᠪᠦᠷᠢ ᠪᠡᠷ ᠬᠣᠱᠢᠭᠤ ᠪᠠᠨ ᠬᠦᠴᠦᠷᠬᠡᠭ᠌ᠵᠢᠭᠦᠯᠬᠦ᠌᠂ ᠠᠵᠤ ᠦᠶ᠋ᠯᠡᠰ ᠢ᠋ᠶ᠋ᠡᠷ ᠬᠣᠱᠢᠭᠤ ᠪᠠᠨ ᠮᠠᠨᠳᠤᠭᠤᠯᠬᠤ 》 ᠪᠡᠷ ᠵᠢᠯᠣᠭᠣᠳᠤᠮᠵᠢ ᠪᠣᠯᠭᠠᠵᠤ᠂ ᠵᠢᠷᠭᠤᠭᠠᠨ ᠶᠡᠬᠡ ᠭᠤᠤᠯᠯᠠᠬᠤ ᠠᠵᠤ ᠦᠶ᠋ᠯᠡᠰ ᠢ᠋ ᠲᠦᠷᠭᠡᠳᠭᠡᠨ ᠪᠣᠢᠵᠢᠭᠤᠯᠵᠤ᠂ ᠳᠥᠷᠪᠡᠨ 《ᠵᠠᠭᠤᠨ ᠳ᠋ᠦᠩᠱᠢᠭᠤᠷ ᠲᠠᠰ 》 ᠤ᠋ᠨ ᠠᠵᠤ ᠦᠶ᠋ᠯᠡᠰ ᠤ᠋ᠨ ᠪᠦᠯᠦᠭᠵᠢᠯ ᠢ᠋ ᠪᠦᠬᠦ ᠬᠦᠴᠤᠨ ᠢ᠋ᠶ᠋ᠡᠷ ᠢ᠋ᠶ᠋ᠡᠨ ᠴᠤᠬᠴᠠᠯᠠᠬᠤ ᠬᠥᠭ᠌ᠵᠢᠯᠲᠡ ᠶ᠋ᠢᠨ ᠰᠡᠳᠭᠢᠴᠡ ᠵᠢ ᠲᠣᠭ᠍ᠲᠠᠪᠠ ᠃
ᠪᠠᠢᠭᠠᠯᠢᠯᠢᠭ ᠬᠤᠵᠢᠷ ᠤ᠋ᠨ ᠱᠢᠨ᠎ᠡ ᠮᠠᠲ᠋ᠧᠷᠢᠶᠠᠯ ᠤ᠋ᠨ ᠠᠵᠤ ᠦᠢᠯᠡᠰ ᠤ᠋ᠨ ᠪᠦᠯᠦᠭ᠌ᠵᠢᠯ ᠨᠢ ᠳᠥᠷᠪᠡᠨ 《ᠵᠠᠭᠤᠨ ᠳ᠋ᠦᠩᠱᠢᠭᠤᠷ ᠳᠡᠰ》 ᠤ᠋ᠨ ᠠᠵᠤ ᠦᠢᠯᠡᠰ ᠤ᠋ᠨ ᠪᠦᠯᠦᠭ᠌ᠵᠢᠯ ᠤ᠋ᠨ ᠨᠢᠭᠡ ᠪᠣᠯᠤᠭ᠍ᠰᠠᠨ ᠤ᠋ ᠬᠤᠪᠢ ᠳ᠋ᠤ ᠲᠡᠭᠦᠨ ᠢ᠋ ᠬᠦᠭᠵᠢᠭᠦᠯᠦᠨ ᠮᠠᠨᠳᠤᠭᠤᠯᠬᠤ ᠠᠯᠬᠤᠭ᠎ᠠ ᠵᠢ ᠲᠦᠷᠭᠡᠳᠭᠡᠨ ᠠᠬᠢᠭᠤᠯᠵᠤ ᠪᠤᠢ᠃ ᠨᠠᠶ᠋ᠮᠠᠨ ᠬᠣᠱᠢᠭᠤ ᠵᠢᠯ ᠤ᠋ᠨ ᠭᠠᠷᠤᠯᠲᠠ ᠨᠢ 500 ᠲᠦᠮᠡᠨ ᠲᠣᠨ ᠤ᠋ ᠴᠡᠪᠡᠷ ᠬᠤᠵᠢᠷ ᠦᠶ᠋ᠯᠡᠳᠪᠦᠷᠢᠯᠡᠬᠦ᠌ ᠲᠥᠷᠥᠯ ᠵᠦᠶ᠋ᠯ ᠢ᠋ᠶ᠋ᠡᠷ ᠳᠠᠭᠠᠭᠤᠯᠤᠭ᠍ᠴᠢ ᠪᠣᠯᠭᠠᠵᠤ᠂ ᠳᠠᠪᠤᠰᠤᠨ ᠤ᠋ ᠬᠢᠮᠢ ᠶ᠋ᠢᠨ ᠠᠵᠤ ᠦᠶ᠋ᠯᠡᠳᠪᠦᠷᠢ᠂ ᠨᠠᠷᠢᠯᠢᠬᠵᠢᠭᠤᠯᠤᠬᠰᠠᠨ ᠬᠢᠮᠢ ᠶ᠋ᠢᠨ ᠠᠵᠤ ᠦᠶ᠋ᠯᠡᠳᠪᠦᠷᠢ᠂ ᠲᠣᠮᠣ ᠮᠤᠯᠸᠺᠦ᠋ᠯᠲᠤ ᠮᠠᠲ᠋ᠧᠷᠢᠶᠠᠯ᠂ ᠨᠡᠢᠯᠡᠮᠡᠯ ᠪᠣᠷᠲᠣᠭᠣᠷ ᠢ᠋ ᠣᠷᠴᠢᠯᠳᠤᠭᠤᠯᠤᠨ ᠶᠡᠷᠦᠩᠬᠡᠢᠯᠡᠨ ᠠᠱᠢᠭ᠍ᠯᠠᠬᠤ ᠵᠡᠷᠭᠡ ᠬᠡᠯᠬᠢᠶ᠎ᠡ ᠵᠢ ᠤᠷᠲᠤᠳᠭᠠᠨ ᠬᠡᠯᠬᠢᠶ᠎ᠡ ᠵᠢ ᠨᠥᠬᠥᠪᠥᠷᠢᠯᠡᠬᠦ᠌ ᠲᠥᠷᠥᠯ ᠵᠦᠶ᠋ᠯ ᠢ᠋ ᠠᠯᠬᠤᠮ ᠠᠯᠬᠤᠮ ᠢ᠋ᠶ᠋ᠡᠷ ᠬᠡᠷᠡᠭ᠌ᠵᠢᠭᠦᠯᠵᠦ᠍᠂ ᠴᠠᠬᠢᠯᠭᠠᠨ ᠡᠭᠦᠰᠭᠡᠭᠴᠢ ᠴᠠᠬᠢᠯᠭᠠᠨ ᠤ᠋ ᠲᠤᠤᠷ ᠴᠠᠬᠢᠯᠭᠠᠨ ᠳᠠᠭᠠᠭᠠᠴᠠ ᠡᠨ᠋ᠸᠷᠬᠢ ᠬᠠᠳᠠᠭᠠᠯᠠᠬᠤ ᠵᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ ᠢ᠋ ᠢᠵᠢ ᠪᠦᠷᠢᠳᠦᠭᠦᠯᠦᠨ ᠪᠥᠲᠥᠭᠡᠨ ᠪᠠᠢᠭᠤᠯᠵᠤ᠂ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠳ᠋ᠤ ᠲᠣᠭ᠍ᠲᠠᠭᠤᠨ ᠪᠥᠭᠡᠳ ᠨᠠᠢᠳᠠᠪᠤᠷᠢᠲᠠᠶ ᠪᠣᠬᠢᠷᠲᠤᠯ ᠥᠬᠡᠶ ᠴᠠᠬᠢᠯᠭᠠᠨ ᠬᠦᠴᠦᠨ ᠤ᠋ ᠪᠠᠲᠤᠯᠠᠭ᠎ᠠ ᠬᠠᠩᠭᠠᠵᠤ᠂ ᠡᠬᠢ ᠪᠠᠶᠠᠯᠢᠭ ᠢ᠋ ᠥᠨᠳᠥᠷ ᠪᠦᠲᠦᠮᠵᠢᠲᠡᠶ ᠠᠱᠢᠭ᠍ᠯᠠᠬᠤ ᠪᠠ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ ᠵᠢ ᠦᠨᠡᠨ ᠬᠦ᠌ ᠪᠡᠶᠡᠯᠡᠭᠦᠯᠬᠦ᠌ ᠪᠤᠯᠤᠨ᠎ᠠ ᠃
《 ᠪᠠᠢᠭᠠᠯᠢᠯᠢᠭ ᠬᠤᠵᠢᠷ ᠤ᠋ᠨ ᠱᠢᠨ᠎ᠡ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠪᠦᠯᠦᠭᠵᠢᠯ ᠢ᠋ ᠪᠤᠢ ᠪᠤᠯᠭᠠᠬᠰᠠᠨ ᠤ᠋ ᠳᠠᠷᠠᠭ᠎ᠠ ᠵᠢᠱ᠌ᠢᠯᠲᠡ ᠪᠡᠷ ᠵᠢᠯ ᠤ᠋ᠨ ᠦᠶ᠋ᠯᠡᠳᠬᠦᠨ ᠤ᠋ ᠥᠷᠲᠡᠭ ᠨᠢ 224 ᠳ᠋ᠦᠩᠱᠢᠭᠤᠷ ᠲᠥᠭᠥᠷᠢᠭ ᠲᠦ᠍ ᠬᠦᠷᠴᠦ᠍᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠴᠢᠬᠤᠯᠠ ᠨᠡᠮᠡᠭ᠌ᠳᠡᠯ ᠤ᠋ᠨ ᠲᠤᠢᠯ ᠪᠣᠯᠬᠤ ᠪᠣᠯᠤᠨ᠎ᠠ᠃ ᠳᠠᠷᠠᠭᠠᠴᠢ ᠪᠡᠷ ᠨᠠᠢ᠍ᠮᠠᠨ ᠬᠣᠱᠢᠭᠤ ᠲᠦᠩᠯᠢᠶᠤᠤ ᠬᠤᠳᠠ ᠶ᠋ᠢᠨ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ ᠵᠢ ᠰᠠᠢᠲᠤᠷ ᠡᠬᠢᠯᠡᠭᠦᠯᠬᠦ᠌ ᠵᠢ ᠪᠦᠬᠦ᠌ ᠬᠦᠴᠦᠨ ᠢ᠋ᠶ᠋ᠡᠷ ᠢ᠋ᠶ᠋ᠡᠨ ᠠᠬᠢᠭᠤᠯᠵᠤ᠂ 〈 ᠪᠣᠭᠣᠮᠲᠠ ᠱᠢᠪᠲᠤᠯᠬᠤ 〉 ᠰᠠᠨᠠᠭᠠᠴᠢᠯᠠᠭᠠᠲᠤ ᠳᠠᠢᠯᠠᠯᠳᠤᠭᠠᠨ ᠢ᠋ ᠰᠠᠢᠲᠤᠷ ᠬᠢᠵᠦ᠍᠂ 〈 ᠬᠥᠭᠡᠭᠡᠵᠦ᠍ ᠭᠦᠢᠴᠡᠨ ᠳᠠᠪᠠᠵᠤ ᠭᠠᠷᠬᠤ〉 ᠬᠤᠷᠳᠤᠴᠠ ᠪᠡᠷ ᠪᠦᠬᠦ᠌ ᠬᠤᠳᠠ ᠶ᠋ᠢᠨ ᠠᠵᠤ ᠠᠬᠤᠢ ᠶ᠋ᠢᠨ ᠨᠢᠭᠡᠳᠦᠭᠡᠷ ᠵᠢᠭ᠍ᠰᠠᠭᠠᠯ ᠳ᠋ᠤ ᠤᠷᠤᠬᠤ ᠪᠠᠷ ᠬᠦᠴᠦᠯᠡᠨ ᠴᠢᠷᠮᠠᠢᠨ᠎ᠠ》 ᠭᠡᠵᠦ᠍ ᠨᠠᠢ᠍ᠮᠠᠨ ᠬᠣᠱᠢᠭᠤᠨ ᠤ᠋ ᠨᠠᠮ ᠤ᠋ᠨ ᠬᠣᠷᠢᠶᠠᠨ ᠤ᠋ ᠳᠡᠳ᠋ ᠱᠦᠵᠢ᠂ ᠬᠣᠱᠢᠭᠤᠨ ᠳᠠᠷᠤᠭ᠎ᠠ ᠢᠦᠢ ᠶᠦᠩ ᠬᠡᠯᠡᠪᠡ ᠃