ᠪᠤᠤ ᠭᠠᠩ ᠬᠤᠷᠠᠯ ᠢ᠋ ᠡᠷᠬᠢᠯᠡᠵᠡᠢ
12 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠠᠰᠠᠭ ᠤᠨ ᠣᠷᠳᠣᠨ ᠤ ᠪᠠᠢᠩᠭᠤ ᠶ᠋ᠢᠨ ᠬᠤᠷᠠᠯ ᠢ ᠡᠷᠬᠢᠯᠡᠨ ᠬᠤᠷᠠᠯᠳᠤᠭᠤᠯᠪᠠ᠃
ᠬᠤᠷᠠᠯ᠎ᠡᠴᠡ ᠲᠥᠪ ᠦᠨ ᠠᠵᠤ ᠠᠬᠤᠶ ᠶ᠋ᠢᠨ ᠠᠵᠢᠯ᠎ᠤᠨ ᠬᠤᠷᠠᠯ ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ᠎ᠨᠢ ᠥᠩᠭᠡᠷᠡᠭ᠌ᠰᠡᠨ᠎ᠦ ᠠᠮᠵᠢᠯᠲᠠ ᠪᠦᠲᠦᠮᠵᠢ ᠶ᠋ᠢ ᠪᠥᠬᠥ᠌ ᠲᠠᠯ᠎ᠠ᠎ᠪᠠᠷ ᠳ᠋ᠦᠩᠨᠡᠵᠦ᠍᠂ ᠣᠳᠣᠬᠠᠨ᠎ᠤ ᠪᠠᠢᠳᠠᠯ᠎ᠢ ᠭᠦᠨᠵᠡᠭᠡᠶ ᠵᠠᠳᠠᠯᠵᠤ᠂ ᠳᠠᠷᠠᠭ᠎ᠠ ᠵᠢᠯ ᠦᠨ ᠡᠭᠦᠷᠭᠡ᠎ᠶ᠋ᠢ ᠱᠢᠰᠲ᠋ᠧᠮ᠎ᠲᠡᠶ ᠪᠠᠢᠷᠢᠯᠠᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ ᠳᠦ ᠬᠣᠯᠪᠣᠭ᠍ᠳᠠᠬᠤ ᠠᠯᠢ ᠣᠯᠠᠨ ᠴᠢᠬᠤᠯᠠ ᠶᠡᠬᠡ ᠣᠨᠣᠯ ᠪᠠ ᠦᠶ᠋ᠯᠡᠳᠦᠯᠭᠡ᠎ᠶ᠋ᠢᠨ ᠠᠰᠠᠭᠤᠳᠠᠯ ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠪᠢᠳᠡᠨ᠎ᠦ ᠳᠠᠷᠠᠭ᠎ᠠ ᠵᠢᠯ᠎ᠦᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ 《ᠲᠠᠪᠤᠨ ᠡᠷᠬᠡᠪᠰᠢ》 ᠵᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶ᠋ᠢ ᠭᠦᠨᠵᠡᠭᠡᠢ ᠣᠢᠯᠠᠭᠠᠵᠤ᠂ 《ᠨᠠᠢ᠍ᠮᠠᠨ ᠪᠠᠷᠢᠮᠳᠠᠯᠠᠯ》᠎ᠤ᠋ᠨ ᠭᠣᠣᠯᠳᠠᠯᠭ᠎ᠠ᠎ᠲᠠᠶ ᠡᠭᠦᠷᠭᠡ᠎ᠶ᠋ᠢ ᠪᠠᠲᠤ ᠡᠵᠡᠮᠳᠡᠵᠦ᠍᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《ᠨᠢᠭᠡ ᠪᠡᠬᠢᠯᠡᠯᠲᠡ 》 ᠵᠢ ᠪᠦᠲᠦᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠡᠯ᠎ᠡ ᠬᠦᠷᠢᠶᠡᠨ᠎ᠦ ᠠᠵᠢᠯ᠎ᠢ ᠭᠦᠨᠵᠡᠭᠡᠢ ᠲᠥᠯᠥᠪᠵᠢᠭᠦᠯᠵᠦ᠍᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠂ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠵᠢᠯ ᠦᠨ ᠡᠴᠦᠰ ᠵᠢᠯ ᠤ᠋ᠨ ᠡᠬᠢᠨ᠎ᠦ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭᠠᠯᠭ᠎ᠠ ᠶ᠋ᠢ ᠪᠠᠲᠤᠯᠠᠬᠤ᠂ ᠬᠦᠯᠦᠰᠦᠨ ᠮᠠᠯᠴᠢᠨ ᠲᠠᠷᠢᠶᠠᠴᠢᠨ ᠤ᠋ ᠴᠠᠯᠢᠩ ᠢ ᠥᠭ᠌ᠬᠦ᠂ ᠬᠦᠴᠢᠷᠳᠡᠯᠲᠡᠶ ᠬᠥᠮᠦᠰ ᠤᠨ ᠦᠨᠳᠦᠰᠦᠨ ᠵᠦᠶ᠋ᠯ ᠢ ᠪᠠᠲᠤᠯᠠᠬᠤ᠂ ᠨᠡᠢᠭᠡᠮ᠎ᠦᠨ ᠵᠥᠷᠢᠴᠡᠯ ᠢ ᠵᠢᠭ᠍ᠰᠠᠭᠠᠨ ᠪᠠᠢᠴᠠᠭᠠᠵᠤ ᠠᠷᠢᠯᠭᠠᠬᠤ᠂ ᠳᠤᠯᠠᠭᠠᠯᠠᠭ᠎ᠠ ᠤᠰᠤ ᠴᠠᠬᠢᠯᠭᠠᠨ ᠱᠢᠲᠠᠮᠠᠬᠠᠶ ᠬᠡᠶ ᠬᠠᠩᠭᠠᠬᠤ᠂ ᠠᠶᠤᠯᠭᠦᠢ ᠦᠶ᠋ᠯᠡᠳᠪᠦᠷᠢᠯᠡᠯ ᠵᠡᠷᠭᠡ ᠠᠵᠢᠯ ᠢ ᠰᠠᠢᠲᠤᠷ ᠬᠢᠵᠦ᠍᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ ᠢ ᠬᠠᠮᠠᠭᠠᠯᠠᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃
ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ ᠦᠨ ᠲᠥᠪ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠭᠤᠷᠪᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠰᠦᠯᠵᠢᠶᠡᠨ᠎ᠦ ᠠᠮᠢ ᠠᠬᠤᠢ᠎ᠶ᠋ᠢᠨ ᠵᠠᠰᠠᠯᠲᠠ᠎ᠶ᠋ᠢᠨ ᠠᠵᠢᠯ᠎ᠢ ᠪᠠᠢᠩᠭᠤᠵᠢᠭᠤᠯᠤᠨ ᠰᠠᠢᠲᠤᠷ ᠬᠢᠵᠦ᠍᠂ ᠵᠥᠪ ᠲᠠᠯ᠎ᠠ᠎ᠶ᠋ᠢᠨ ᠲᠠᠭᠤᠨ ᠬᠤᠭᠤᠯᠠᠢ᠂ ᠭᠣᠣᠯᠯᠠᠭᠴᠢ ᠦᠷᠳᠡᠭ᠂ ᠴᠠᠭ ᠦᠶ᠎ᠡ᠎ᠶ᠋ᠢᠨ ᠱᠢᠨ᠎ᠡ ᠰᠤᠷᠲᠠᠯ᠎ᠢᠶᠠᠷ ᠰᠦᠯᠵᠢᠶᠡᠨ ᠦ ᠣᠷᠣᠨ ᠵᠠᠢ ᠶ᠋ᠢ ᠴᠣᠭ᠍ᠴᠠᠯᠠᠵᠤ᠂ ᠰᠦᠯᠵᠢᠶᠡᠨ᠎ᠦ ᠡᠮᠬᠢ ᠵᠠᠮᠪᠠᠷᠠᠭ᠎ᠠ ᠦᠭᠡᠢ ᠪᠠᠢᠳᠠᠯ ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ᠎ᠦ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 《ᠬᠥᠬᠡᠬᠣᠲᠠ᠎ᠶ᠋ᠢᠨ ᠲᠦᠪ ᠬᠤᠳᠠ᠎ᠶ᠋ᠢᠨ ᠴᠠᠭᠠᠷᠢᠭ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠵᠢ ᠬᠢᠨᠠᠨ ᠵᠥᠪᠯᠡᠵᠦ᠍ ᠪᠠᠲᠤᠯᠠᠭᠠᠳ᠂ ᠡᠯ᠎ᠡ ᠲᠦᠷᠦᠯ᠎ᠦᠨ ᠡᠬᠢ ᠪᠠᠶᠠᠯᠢᠭ᠎ᠤᠨ ᠡᠯᠧᠮᠧᠨ᠋ᠲ ᠪᠠ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠣᠯᠪᠣᠯᠳᠤᠨ ᠨᠡᠪᠲᠡᠷᠡᠯᠴᠡᠬᠦ᠌ ᠶ᠋ᠢ ᠠᠬᠢᠭᠤᠯᠵᠤ᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠠᠵᠤ ᠦᠢᠯᠡᠰ ᠢ ᠵᠣᠬᠢᠴᠠᠭᠤᠯᠤᠨ ᠬᠥᠭ᠌ᠵᠢᠭᠦᠯᠬᠦ᠌᠂ ᠣᠷᠣᠨ ᠪᠦᠰᠡ ᠠᠯᠤᠰᠯᠠᠭ᠍ᠰᠠᠨ ᠵᠠᠰᠠᠯᠲᠠ᠎ᠶ᠋ᠢᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠱᠢᠪᠲᠤᠯᠤᠯᠲᠠ ᠭᠠᠷᠭᠠᠬᠤ᠎ᠪᠠᠷ ᠬᠦᠴᠦᠯᠡᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠨᠡᠮᠡᠭ᠌ᠳᠡᠯ᠎ᠦᠨ ᠲᠤᠢᠯ ᠢ ᠪᠣᠢᠵᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠶᠡᠬᠡ ᠵᠠᠰᠠᠭ ᠵᠠᠬᠢᠷᠭᠠᠨ᠎ᠤ ᠱᠢᠢᠳᠭᠡᠯ ᠢ᠋ ᠪᠦᠷᠢᠳᠭᠡᠨ ᠳᠡᠩᠰᠡᠯᠡᠵᠦ᠍ ᠬᠢᠨᠠᠯᠲᠠ ᠲᠠᠯᠪᠢᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ ᠢ᠋ ᠪᠠᠢᠭᠤᠯᠬᠤ ᠲᠤᠬᠠᠢ ᠬᠡᠷᠡᠭ᠌ᠵᠢᠭᠦᠯᠬᠦ᠌ ᠲᠥᠰᠦᠯ》 ᠢ᠋ ᠬᠢᠨᠠᠨ ᠵᠥᠪᠯᠡᠵᠦ᠍ ᠪᠠᠲᠤᠯᠠᠨ᠂ ᠰᠤᠷᠭᠠᠭᠤᠯᠢ ᠵᠢᠨ ᠨᠠᠰᠤᠨ ᠤ ᠬᠥᠮᠦᠨ ᠠᠮᠠ᠎ᠶ᠋ᠢᠨ ᠬᠤᠪᠢᠷᠠᠯᠲᠠ᠎ᠳᠤ ᠵᠣᠬᠢᠴᠠᠭᠤᠯᠤᠨ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠲᠤᠬᠠᠶ ᠵᠢᠯᠣᠭᠣᠳᠭᠤ ᠰᠠᠨᠠᠯ》 ᠢ᠋ ᠰᠤᠳᠤᠯᠪᠠ᠃
ᠬᠤᠷᠠᠯ᠎ᠡᠴᠡ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ ᠪᠣᠯᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠢᠭᠤᠯᠤᠯᠲᠠ᠂ ᠮᠥᠩᠭᠥᠨ ᠭᠦᠶ᠋ᠯᠭᠡᠭᠡᠨ ᠦ ᠠᠵᠢᠯᠯᠠᠭᠠᠨ ᠵᠢᠴᠢ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌ ᠠᠵᠢᠯ᠂ ᠨᠡᠢᠭᠡᠮ ᠦᠨ ᠵᠣᠬᠢᠶᠠᠨ ᠪᠠᠢᠭᠤᠯᠤᠯᠲᠠ ᠶ᠋ᠢᠨ ᠠᠵᠢᠯ᠂ ᠡᠳ᠋᠎ᠦᠨ ᠵᠠᠰᠠᠭ᠎ᠤᠨ ᠠᠵᠢᠯᠯᠠᠭᠠᠨ ᠤ ᠪᠠᠢᠳᠠᠯ ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠤ᠌᠂ ᠬᠠᠮᠢᠶ᠎ᠠ ᠪᠥᠬᠥᠶ ᠠᠵᠢᠯ ᠤᠨ ᠲᠤᠬᠠᠶ ᠪᠠᠢᠷᠢᠯᠠᠭᠤᠯᠤᠯᠲᠠ ᠬᠢᠪᠠ᠃