ᠲᠤᠰᠭᠠᠶ ᠪᠣᠯᠪᠠᠰᠤᠷᠠᠯ᠎ᠳᠤ ᠤᠷᠤᠯᠴᠠᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ ᠪᠡᠨ ᠳᠡᠭᠡᠭ᠌ᠰᠢᠯᠡᠭᠦᠯᠪᠡ
2025-12-18 10:14:18
ᠵᠣᠬᠢᠶᠠᠭ᠍ᠴᠢ᠄
ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 8᠎ᠤ᠋ ᠡᠳᠦᠷ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠡᠴᠡ ᠣᠢᠯᠠᠭᠠᠭ᠍ᠰᠠᠨ᠎ᠵᠢᠡᠷ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠠᠵᠢᠯ᠎ᠢ ᠥᠷᠨᠢᠭᠦᠯᠬᠦ᠌ ᠭᠤᠤᠯᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠦᠯᠦᠬᠡ᠂ 8 ᠰᠠᠷ᠎ᠠ᠎ᠡᠴᠡ 11 ᠰᠠᠷ᠎ᠠ ᠪᠣᠯᠲᠠᠯ᠎ᠠ᠂ ᠲᠣᠰ ᠲᠣᠪᠴᠢᠶ᠎ᠠ ᠨᠠᠷᠢᠨ ᠨᠢᠮᠪᠠᠶ ᠲᠥᠯᠥᠪᠵᠢᠭᠦᠯᠦᠨ᠂ ᠨᠠᠷᠢᠨ ᠨᠢᠭᠲᠠ ᠪᠠᠢᠷᠢᠯᠠᠭᠤᠯᠵᠤ᠂ ᠠᠯᠠᠱᠠ ᠠᠢᠮᠠᠭ᠎ᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ 13 ᠱᠢᠨᠵᠢᠯᠡᠭᠡᠨ᠎ᠦ ᠰᠠᠯᠠᠭ᠎ᠠ᠎ᠶ᠋ᠢᠨ 105 ᠪᠠᠭ᠍ᠰᠢ᠎ᠶ᠋ᠢ ᠵᠣᠬᠢᠶᠠᠨ ᠪᠠᠢᠭᠤᠯᠵᠤ ᠲᠠᠪᠤᠨ ᠪᠦᠯᠦᠭ ᠤᠳᠠᠭ᠎ᠠ ᠬᠤᠪᠢᠶᠠᠨ ᠪᠤᠭᠤᠲᠤ ᠬᠣᠲᠠ᠎ᠳᠤ ᠣᠴᠢᠭᠤᠯᠵᠤ᠂ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠭᠠᠵᠠᠷ ᠤᠷᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠲᠤᠰᠭᠠᠶ ᠪᠣᠯᠪᠠᠰᠤᠷᠠᠯ᠎ᠳᠤ ᠣᠷᠣᠯᠴᠠᠭᠤᠯᠪᠠ᠂ ᠪᠣᠯᠪᠠᠰᠤᠷᠠᠯ᠎ᠢᠶᠠᠷ ᠳᠠᠮᠵᠢᠨ ᠲᠣᠰ ᠠᠢᠮᠠᠭ᠎ᠤᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠲᠤᠰᠭᠠᠶ ᠪᠣᠯᠪᠠᠰᠤᠷᠠᠯ᠎ᠨᠢ ᠱᠢᠯᠢᠳᠡᠭ ᠪᠠᠭ᠍ᠰᠢ᠎ᠶ᠋ᠢᠨ ᠬᠦᠴᠦᠨ᠎ᠢ ᠬᠤᠷᠠᠮᠳᠤᠭᠤᠯᠵᠤ᠂ ᠤᠯᠤᠰ᠎ᠤᠨ ᠬᠢᠴᠢᠶᠡᠯ᠎ᠦᠨ ᠪᠠᠷᠢᠮᠵᠢᠶ᠎ᠠ᠎ᠶ᠋ᠢ ᠰᠤᠳᠤᠯᠤᠨ ᠲᠣᠭ᠍ᠲᠠᠭᠠᠬᠤ ᠳᠤᠭᠤᠢᠯᠠᠩ᠂ ᠪᠡᠭᠡᠵᠢᠩ᠎ᠦᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠱᠢᠨᠵᠢᠯᠡᠭᠡᠨ᠎ᠦ ᠲᠤᠰᠭᠠᠶ ᠮᠡᠷᠭᠡᠵᠢᠯᠲᠡᠨ᠎ᠢᠶᠡᠷ ᠬᠢᠴᠢᠶᠡᠯ ᠤᠷᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠤᠳᠤᠷᠢᠳᠤᠮᠵᠢ ᠪᠣᠯᠭᠠᠵᠤ᠂ ᠱᠢᠨ᠎ᠡ ᠬᠢᠴᠢᠶᠡᠯ᠎ᠦᠨ ᠪᠠᠷᠢᠮᠵᠢᠶ᠎ᠠ᠎ᠶ᠋ᠢᠨ ᠠᠭᠤᠯᠤᠭ᠍ᠳᠠᠬᠤᠨ᠎ᠤ ᠲᠠᠢᠯᠤᠮᠵᠢ᠂ ᠱᠢᠨ᠎ᠡ ᠬᠢᠴᠢᠶᠡᠯ᠎ᠢ ᠬᠡᠷᠡᠭ᠌ᠵᠢᠭᠦᠯᠬᠦ᠌ ᠠᠷᠭ᠎ᠠ ᠵᠠᠮ᠂ ᠱᠢᠨ᠎ᠡ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠠᠷᠭ᠎ᠠ ᠪᠣᠳᠣᠯᠭ᠎ᠠ ᠵᠡᠷᠭᠡ ᠵᠠᠩᠭᠢᠯᠠᠭ᠎ᠠ᠎ᠶ᠋ᠢᠨ ᠬᠡᠰᠡᠭ᠎ᠦᠨ ᠲᠣᠭᠣᠷᠢᠨ᠎ᠳᠤ ᠱᠢᠰᠲ᠋ᠧᠮ᠎ᠲᠡᠶ ᠨᠠᠷᠢᠯᠢᠭ ᠲᠠᠢᠯᠪᠤᠷᠢᠯᠠᠵᠤ᠂ ᠤᠷᠤᠯᠴᠠᠭᠰᠠᠨ ᠪᠠᠭ᠍ᠰᠢ ᠨᠠᠷ᠎ᠤᠨ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠱᠢᠰᠲ᠋ᠧᠮ᠎ᠵᠢᠡᠨ ᠱᠢᠨᠡᠴᠢᠯᠡᠬᠦ᠌᠎ᠳᠦ ᠬᠦᠴᠦᠨ ᠨᠡᠮᠡᠷᠢᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ᠎ᠶ᠋ᠢᠨ ᠰᠠᠭᠤᠷᠢ᠎ᠶ᠋ᠢ ᠪᠡᠬᠢᠵᠢᠭᠦᠯᠪᠡ᠃ ᠪᠣᠯᠪᠠᠰᠤᠷᠠᠯ᠎ᠤᠨ ᠬᠤᠭᠤᠴᠠᠭᠠᠨ᠎ᠳᠤ᠂ ᠠᠯᠠᠱᠠ ᠠᠢᠮᠠᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ ᠪᠠᠰᠠ ᠬᠡᠯᠡ ᠪᠢᠴᠢᠭ᠂ ᠲᠣᠭᠠᠨ᠎ᠤ ᠤᠬᠠᠭᠠᠨ᠂ ᠦᠵᠡᠯ ᠰᠠᠨᠠᠭ᠎ᠠ ᠤᠯᠤᠰ ᠲᠥᠷᠥ᠍ (ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ)᠂ ᠹᠢᠽᠢᠺ᠂ ᠬᠢᠮᠢ ᠵᠡᠷᠭᠡ ᠱᠢᠨᠵᠢᠯᠡᠭᠡᠨ᠎ᠦ 11 ᠨᠡᠷᠡᠰ ᠵᠢᠭᠠᠨ ᠰᠤᠳᠤᠯᠤᠭ᠍ᠴᠢ ᠵᠢᠴᠢ ᠭᠤᠤᠯᠯᠠᠭ᠍ᠴᠢ ᠪᠠᠭ᠍ᠰᠢ ᠵᠢ ᠲᠤᠮᠢᠯᠠᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠂ ᠪᠡᠭᠡᠵᠢᠩ᠎ᠦᠨ ᠨᠠᠷᠠᠲᠤ ᠰᠤᠷᠭᠠᠨ ᠬᠥᠮᠦᠵᠢᠯ᠎ᠦᠨ ᠡᠷᠳᠡᠮᠲᠡᠨ ᠪᠣᠯᠤᠨ ᠪᠤᠭᠤᠲᠤ᠎ᠶ᠋ᠢᠨ ᠡᠮᠦᠨ᠎ᠡ ᠹᠷᠣᠨᠲ᠎ᠤᠨ ᠵᠢᠭᠠᠨ ᠰᠤᠷᠭᠠᠯᠲᠠ᠎ᠶ᠋ᠢᠨ ᠨᠠᠷᠠᠲᠤ ᠪᠠᠭ᠍ᠰᠢ ᠲᠠᠢ ᠬᠤᠯᠪᠤᠭᠠᠯᠠᠨ ᠲᠤᠰᠭᠠᠶ ᠵᠢᠯᠣᠭᠣᠳᠭᠤ ᠪᠦᠯᠬᠦᠮ᠎ᠢ ᠪᠠᠢᠭᠤᠯᠵᠤ᠂ ᠪᠣᠯᠪᠠᠰᠤᠷᠠᠯ ᠲᠤᠮᠳᠠ ᠰᠡᠵᠢᠭ ᠡᠭᠡᠳᠡᠷᠡᠭᠡᠨ᠎ᠢ ᠲᠠᠢᠯᠬᠤ᠂ ᠵᠢᠭᠠᠨ ᠰᠤᠷᠭᠠᠯᠲᠠ᠎ᠶ᠋ᠢᠨ ᠰᠤᠳᠤᠯᠤᠨ ᠶᠠᠷᠢᠯᠴᠠᠬᠤ ᠵᠡᠷᠭᠡ ᠵᠢᠯᠣᠭᠣᠳᠭᠤ ᠠᠵᠢᠯ᠎ᠳᠤ ᠪᠥᠬᠥ᠌ ᠶᠠᠪᠤᠴᠠ᠎ᠪᠠᠷ ᠣᠷᠣᠯᠴᠠᠭᠤᠯᠵᠤ᠂ ᠣᠨᠣᠪᠴᠢᠲᠠᠶ ᠵᠢᠯᠣᠭᠣᠳᠣᠯᠭ᠎ᠠ᠎ᠪᠠᠷ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠪᠠ᠃ ᠪᠣᠯᠪᠠᠰᠤᠷᠠᠯ᠎ᠤᠨ ᠶᠠᠰᠤ ᠴᠢᠨᠠᠷ᠎ᠢ ᠪᠠᠲᠤᠯᠠᠬᠤ᠎ᠶ᠋ᠢᠨ ᠲᠦᠯᠦᠬᠡ᠂ ᠪᠣᠯᠪᠠᠰᠤᠷᠠᠯ᠎ᠤᠨ ᠬᠤᠭᠤᠴᠠᠭᠠᠨ᠎ᠳᠤ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠪᠡ᠃ ᠲᠤᠰ ᠤᠳᠠᠭᠠᠨ᠎ᠤ ᠪᠣᠯᠪᠠᠰᠤᠷᠠᠯ ᠨᠢ ᠲᠤᠰ ᠠᠢᠮᠠᠭ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠪᠦᠲᠦᠮᠵᠢᠲᠡᠢ ᠠᠬᠢᠭᠤᠯᠵᠤ᠂ ᠱᠢᠯᠢᠳᠡᠭ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠶᠤᠸᠠᠢ ᠷᠦᠩ᠄ 《ᠲᠠᠷᠠᠭᠠᠴᠢ᠎ᠶ᠋ᠢᠨ ᠠᠯᠬᠤᠮ᠎ᠳᠤ᠂ ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯ᠎ᠢ ᠱᠢᠰᠲ᠋ᠧᠮ᠎ᠲᠡᠶ ᠤᠬᠠᠭᠠᠯᠠᠨ ᠲᠥᠯᠥᠪᠯᠡᠵᠦ᠍᠂ 〈4 + N + N〉 ᠪᠣᠯᠪᠠᠰᠤᠷᠠᠯ᠎ᠤᠨ ᠠᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ᠎ᠪᠡᠷ ᠭᠤᠤᠯ ᠭᠠᠷᠳᠡᠴᠡ ᠪᠣᠯᠭᠠᠵᠤ᠂ ᠡᠯ᠎ᠡ ᠬᠢᠴᠢᠶᠡᠯ ᠲᠥᠷᠥᠯ᠎ᠦᠨ ᠪᠠᠭ᠍ᠰᠢ᠎ᠨᠠᠷ᠎ᠢ ᠵᠣᠬᠢᠶᠠᠨ ᠪᠠᠢᠭᠤᠯᠵᠤ ᠨᠡᠢᠲᠡᠯᠢᠭ ᠴᠢᠨᠠᠷᠲᠠᠶ ᠵᠢᠭᠠᠨ ᠰᠤᠷᠭᠠᠯᠲᠠ᠎ᠶ᠋ᠢᠨ ᠬᠡᠷᠡᠭ᠎ᠦᠨ ᠵᠢᠱ᠌ᠢᠶ᠎ᠡ᠎ᠶ᠋ᠢ ᠵᠠᠳᠠᠯᠤᠨ ᠱᠢᠨᠵᠢᠯᠡᠵᠦ᠍ ᠬᠢᠴᠢᠶᠡᠯ᠎ᠦᠨ ᠪᠠᠷᠢᠮᠵᠢᠶ᠎ᠠ᠎ᠶ᠋ᠢᠨ ᠣᠢᠯᠠᠭᠠᠯᠲᠠ᠎ᠶ᠋ᠢ ᠭᠦᠨᠵᠡᠭᠡᠢᠷᠡᠭᠦᠯᠦᠨ᠎ᠡ᠃ ᠡᠭᠦᠨ᠎ᠦ ᠬᠠᠮᠲᠤ 〈ᠨᠠᠷᠠᠲᠤ ᠪᠠᠭ᠍ᠰᠢ ᠬᠥᠲᠥᠯᠥᠨ ᠳᠠᠭᠠᠭᠤᠯᠬᠤ + ᠪᠦᠯᠬᠦᠮ ᠨᠡᠢᠲᠡ ᠪᠡᠷ ᠰᠤᠳᠤᠯᠤᠨ ᠶᠠᠷᠢᠯᠴᠠᠬᠤ〉 ᠬᠠᠮᠲᠤ᠎ᠪᠠᠷ ᠬᠢᠴᠢᠶᠡᠯ ᠪᠡᠯᠡᠳᠭᠡᠬᠦ᠌ ᠲᠣᠭ᠍ᠲᠡᠴᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ᠎ᠶ᠋ᠢᠨ ᠶᠠᠰᠤ ᠴᠢᠨᠠᠷ᠎ᠢ ᠬᠦᠴᠦ᠍᠎ᠪᠡᠨ ᠲᠥᠪᠯᠡᠷᠡᠭᠦᠯᠦᠨ ᠳᠡᠭᠡᠭ᠌ᠰᠢᠯᠡᠭᠦᠯᠦᠨ᠎ᠡ᠃ ᠪᠠᠭ᠍ᠰᠢ᠎ᠶ᠋ᠢᠨ ᠪᠣᠯᠪᠠᠰᠤᠷᠠᠯ ᠳ᠋ᠤ ᠤᠷᠤᠯᠴᠠᠬᠤ ᠪᠡᠷ ᠲᠡᠮᠵᠢᠨ ᠰᠤᠷᠤᠭᠰᠠᠨ ᠵᠦᠢᠯ ᠵᠢᠡᠨ ᠵᠢᠭᠠᠨ ᠰᠤᠷᠭᠠᠯᠲᠠ᠎ᠵᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌᠎ᠶ᠋ᠢ ᠲᠠᠰᠤᠷᠠᠯᠲᠠ ᠥᠬᠡᠶ ᠠᠬᠢᠭᠤᠯᠤᠨ᠎ᠠ》 ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号