ᠡᠪᠦᠯ ᠤ᠋ᠨ ᠨᠠᠷᠠᠨᠤ ᠢᠯᠴᠢᠨᠳᠤ ᠪᠤᠭᠤᠳᠤ ᠬᠤᠳᠠᠵᠢᠨ ᠬᠥᠨᠳᠡᠯᠡᠨ ᠲᠣᠭᠣᠷᠢᠭ ᠤ᠋ᠨ ᠨᠢᠭᠡᠨ ᠰᠠᠭᠤᠷᠢ ᠵᠠᠯᠠᠭᠤ ᠴᠢᠳᠠᠪᠤᠷᠢᠲᠠᠨ ᠤ᠋ ᠥᠷᠲᠡᠭᠡ ᠤᠨᠴᠠ ᠲᠤᠯᠠᠭᠠᠬᠠᠨ ᠪᠠᠢᠯ᠎ᠠ᠃ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ ᠡᠴᠡ ᠲᠡᠭᠦᠰᠦᠨ ᠪᠤᠭᠤᠳᠤ ᠳ᠋ᠤ ᠢᠷᠡᠵᠦ ᠨᠢᠭᠡᠨ ᠱᠢᠨ᠎ᠡ ᠮᠠᠲ᠋ᠧᠷᠢᠶᠠᠯ ᠤ᠋ᠨ ᠠᠵᠤ ᠠᠬᠤᠢᠯᠠᠯ ᠳ᠋ᠤ ᠠᠵᠢᠯᠯᠠᠵᠤ ᠪᠠᠢᠭ᠎ᠠ ᠳ᠋ᠣᠺᠲ᠋ᠣᠷ ᠵᠠᠩ ᠶᠠᠨ ᠰᠠᠶᠢᠬᠠᠨ ᠦᠷᠲᠡᠭᠡᠨ ᠳ᠋ᠡᠬᠢ ᠴᠢᠳᠠᠪᠤᠷᠢᠲᠠᠨ ᠤ᠋ 《ᠪᠤᠭᠤᠳᠤ》 ᠳ᠋ᠤ ᠰᠢᠭᠤᠳ ᠨᠡᠪᠲᠡᠷᠡᠬᠦ ᠣᠶᠤᠨᠴᠢ ᠲᠠᠪᠴᠠᠩ ᠢ᠋ᠶ᠋ᠡᠷ ᠳᠡᠮᠵᠢᠨ ᠬᠡᠷ ᠲᠦᠷᠢᠶᠡᠰᠦᠯᠡᠬᠦ᠌ ᠨᠥᠬᠥᠪᠥᠷᠢ ᠶ᠋ᠢᠨ ᠭᠤᠶᠤᠴᠢᠯᠠᠯ ᠢ᠋ᠶ᠋ᠡᠨ ᠳᠡᠪᠱᠢᠭᠦᠯᠪᠡ᠃ 《ᠳᠦᠷᠢᠶᠡᠰᠦᠨ ᠭᠡᠷ ᠲᠦ᠍ ᠣᠷᠣᠵᠤ ᠰᠠᠭᠤᠭ᠍ᠰᠠᠨ ᠡᠴᠡ ᠡᠨᠡ ᠴᠢᠳᠠᠪᠤᠷᠢᠲᠠᠨ ᠤ᠋ ᠦᠷᠲᠡᠭᠡ ᠳ᠋ᠤ ᠢᠷᠡᠬᠦ᠂ ᠲᠥᠷᠥ ᠶ᠋ᠢᠨ ᠪᠣᠳᠣᠯᠭ᠎ᠠ ᠶ᠋ᠢᠨ ᠵᠥᠪᠯᠡᠯᠭᠡ ᠤᠯᠬᠤ᠂ ᠭᠠᠷᠳᠠᠮ ᠭᠦᠶ᠋ᠴᠡᠳᠭᠡᠬᠦ᠌ ᠬᠦᠷᠲᠡᠯ᠎ᠡ ᠴᠥᠮ ᠡᠨᠡ ᠬᠦ᠌ ᠠᠵᠤ ᠦᠶ᠋ᠯᠡᠳᠪᠦᠷᠢ ᠶ᠋ᠢᠨ ᠬᠣᠲᠠ ᠶ᠋ᠢᠨ ᠨᠠᠷᠢᠨ ᠨᠢᠮᠪᠠᠶ ᠦᠨᠡᠨᠴᠢ ᠰᠡᠳᠭᠢᠯ ᠢ᠋ ᠤᠬᠠᠵᠤ ᠮᠡᠳᠡᠷᠡᠯ᠎ᠠ》 ᠭᠡᠵᠦ᠍ ᠲᠡᠷᠡ ᠬᠡᠯᠡᠨ᠎ᠠ᠃
ᠴᠢᠳᠠᠪᠤᠷᠢᠲᠠᠨ ᠤ᠋ ᠠᠵᠢᠯ ᠢ᠋ ᠬᠣᠲᠠ ᠶ᠋ᠢᠨ ᠬᠥᠭ᠌ᠵᠢᠯᠲᠡ ᠶ᠋ᠢᠨ ᠳᠤᠲᠤᠭᠠᠳᠤ ᠬᠦᠴᠦᠨ ᠪᠤᠯᠭᠠᠵᠤ᠂ ᠪᠤᠭᠤᠲᠤ ᠬᠤᠳᠠ ᠬᠠᠤᠯᠢ ᠲᠣᠭ᠍ᠲᠠᠭᠠᠬᠤ ᠬᠡᠯᠪᠡᠷᠢ ᠪᠡᠷ ᠴᠢᠳᠠᠪᠤᠷᠢᠲᠠᠨ ᠢ᠋ ᠬᠦᠨᠳᠦᠳᠭᠡᠵᠦ ᠪᠠᠢᠭ᠎ᠠ ᠰᠡᠳᠬᠢᠯᠭᠡ ᠪᠠᠨ ᠬᠠᠷᠠᠭᠤᠯᠤᠨ᠎ᠠ᠃ ᠵᠢᠯ ᠪᠤᠯᠭᠠᠨ ᠤ᠋ 8 ᠰᠠᠷ᠎ᠠ ᠶ᠋ᠢᠨ 23 ᠤ᠋ ᠡᠳᠦᠷ ᠤ᠋ᠨ 《ᠪᠤᠭᠤᠲᠤ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠡᠳᠦᠷ》 ᠪᠣᠯᠤᠨ 《ᠪᠤᠭᠤᠲᠤ ᠶ᠋ᠢᠨ ᠴᠢᠳᠠᠪᠤᠷᠢᠲᠠᠨ ᠤ᠋ ᠭᠠᠷᠠᠭ》 ᠢ᠋ ᠨᠢᠭᠡᠨᠲᠡ ᠭᠤᠷᠪᠠᠨ ᠬᠤᠭᠤᠴᠠᠭ᠎ᠠ ᠠᠮᠵᠢᠯᠲᠠ ᠲᠠᠢ ᠡᠷᠭᠢᠯᠡᠪᠡ᠃ 《ᠴᠢᠳᠠᠪᠤᠷᠢᠲᠠᠨ ᠢ᠋ ᠤᠷᠢᠵᠤ ᠠᠪᠴᠢᠷᠠᠬᠤ ᠪᠤᠯ ᠲᠡᠷᠢᠭᠦᠨ ᠴᠢᠬᠤᠯᠠ ᠶᠡᠬᠡ ᠶᠠᠪᠤᠳᠠᠯ ᠮᠥᠨ》 ᠭᠡᠬᠦ ᠨᠢ ᠠᠵᠢᠯᠯᠠᠭ᠎ᠠ ᠶ᠋ᠢᠨ ᠲᠦᠷᠦᠯ ᠲᠡᠮᠲᠡᠭ ᠪᠣᠯᠬᠤ ᠪᠡᠷ ᠪᠠᠷᠠᠬᠤ ᠥᠬᠡᠶ ᠨᠠᠩ ᠴᠤ᠌ ᠬᠤᠲᠠ ᠶ᠋ᠢᠨ ᠬᠦᠭᠵᠢᠯᠲᠡ ᠳ᠋ᠤ ᠭᠦᠨᠵᠡᠭᠡᠢ ᠠᠭᠤᠰᠤᠯᠴᠠᠬᠰᠠᠨ ᠬᠣᠲᠠ ᠶ᠋ᠢᠨ ᠪᠠᠢᠯᠳᠤᠬᠤ ᠪᠣᠳᠣᠯᠭ᠎ᠠ ᠪᠤᠯᠬᠤ ᠶᠤᠮ᠃
ᠪᠤᠭᠤᠲᠤ ᠬᠤᠲᠠᠵᠢᠨ ᠬᠢᠨ ᠲᠤᠬᠠᠢᠵᠢᠨ ᠭᠠᠵᠠᠷᠤᠨ ᠪᠤᠳᠠᠳᠤ ᠪᠠᠢᠳᠠᠯᠵᠢᠡᠨ ᠦᠨᠳᠤᠰᠤᠯᠠᠵᠤ᠂ ᠬᠠᠷᠠᠯᠳᠠ ᠵᠤᠷᠢᠯᠳᠠ ᠲᠤᠭᠳᠠᠭᠠᠨ᠂ ᠪᠦᠳᠤᠮᠵᠢᠳᠠᠢ ᠠᠷᠭ᠎ᠠ ᠭᠡᠮᠵᠢᠶ᠎ᠠ ᠠᠪᠴᠤ ᠴᠢᠳᠠᠪᠤᠷᠢᠳᠠᠨ ᠢ ᠤᠷᠢᠵᠤ ᠠᠪᠴᠢᠷᠠᠬᠤ ᠠᠵᠢᠯᠯᠠᠭ᠎ᠠ ᠵᠢ ᠡᠷᠴᠢᠮᠳᠠᠢ ᠦᠷᠨᠢᠬᠦᠯᠪᠠ᠃ ᠲᠥᠷᠥ ᠶ᠋ᠢᠨ ᠪᠣᠳᠣᠯᠭ᠎ᠠ ᠶ᠋ᠢᠨ ᠲᠠᠯ᠎ᠠ ᠪᠡᠷ᠂ 《ᠠᠵᠢᠯ ᠦᠶ᠋ᠯᠡᠰ ᠤ᠋ᠨ ᠣᠷᠣᠨ ᠲᠣᠭ᠎ᠠ ᠵᠢ ᠠᠵᠤ ᠠᠬᠤᠢᠯᠠᠯ ᠬᠡᠷᠡᠭ᠌ᠯᠡᠬᠦ᠌》 ᠱᠢᠨ᠎ᠡ ᠵᠢ ᠡᠭᠦᠳᠬᠦ᠌ ᠵᠠᠭ᠍ᠪᠤᠷ ᠨᠢ ᠭᠤᠤᠯᠳᠠᠯᠭ᠎ᠠ ᠲᠠᠢ ᠠᠵᠤ ᠦᠶ᠋ᠯᠡᠰ ᠲᠦ᠍ ᠪᠠᠴᠢᠮ ᠬᠡᠷᠡᠭ᠌ᠰᠡᠬᠦ᠌ ᠴᠢᠳᠠᠪᠤᠷᠢᠲᠠᠨ ᠤ᠋ ᠬᠢᠷᠢ ᠬᠡᠮ ᠤ᠋ᠨ ᠪᠣᠭᠣᠮᠢ ᠵᠢ ᠰᠢᠢᠳᠪᠦᠷᠢᠯᠡᠵᠦ ᠦᠭᠪᠡ; ᠮᠠᠰᠲᠸᠷ ᠳ᠋ᠤᠺᠲ᠋ᠤᠷ ᠤ᠋ᠨ ᠨᠦᠬᠦᠪᠦᠷᠢ ᠶ᠋ᠢᠨ ᠲᠦᠯᠦᠪᠯᠡᠭᠡ ᠪᠡᠷ ᠳᠠᠮᠵᠢᠭᠤᠯᠤᠨ ᠨᠢᠭᠡᠨᠲᠡ ᠨᠡᠢᠲᠡ 1.2 ᠳ᠋ᠦᠩᠱᠢᠭᠤᠷ ᠲᠥᠭᠥᠷᠢᠭ ᠤ᠋ᠨ ᠪᠡᠯᠡ ᠮᠦᠨᠭᠭᠦ ᠶ᠋ᠢᠨ ᠨᠦᠬᠦᠪᠦᠷᠢ ᠤᠯᠭᠤᠵᠤ᠂ ᠦᠨᠡᠨ ᠪᠣᠳᠠᠲᠠᠶ ᠲᠡᠳᠬᠦᠨ ᠳᠡᠮᠵᠢᠬᠦ ᠵᠢ ᠪᠡᠶᠡᠯᠡᠭᠦᠯᠪᠡ᠃ ᠣᠢᠷ᠎ᠠ ᠶ᠋ᠢᠨ ᠭᠤᠷᠪᠠᠨ ᠵᠢᠯ ᠳ᠋ᠤ ᠤᠷᠢᠵᠤ ᠠᠪᠴᠢᠷᠠᠭᠰᠠᠨ ᠴᠢᠳᠠᠪᠤᠷᠢᠲᠠᠨ ᠤ᠋ ᠶᠡᠷᠦᠩᠬᠡᠶ ᠬᠡᠮᠵᠢᠶ᠎ᠡ ᠨᠢ ᠠᠷᠪᠠᠨ ᠲᠦᠮᠡᠨ ᠶᠡᠬᠡ ᠪᠣᠭᠣᠮᠲᠠ ᠵᠢ ᠳᠠᠪᠠᠵᠤ᠂ ᠪᠤᠭᠤᠲᠤ ᠳ᠋ᠤ ᠪᠠᠢᠭ᠎ᠠ ᠶᠡᠬᠡ ᠳᠡᠭᠡᠳᠦ ᠰᠤᠷᠭᠠᠭᠤᠯᠢ ᠶ᠋ᠢᠨ ᠤᠶᠤᠳᠠᠳ ᠤ᠋ᠨ ᠪᠣᠭᠤᠳᠤ ᠳ᠋ᠤ ᠦᠯᠡᠳᠡᠵᠤ ᠨᠤᠳᠤᠭᠰᠢᠭᠰᠠᠨ ᠨᠣᠷᠮ᠎ᠠ 27.05% ᠵᠢ ᠳᠠᠪᠠᠵᠦ᠂ ᠡᠲᠡᠭᠡᠷ ᠲᠣᠭ᠎ᠠ ᠪᠠᠷᠢᠮᠲᠠ ᠨᠢ ᠬᠣᠲᠠ ᠶ᠋ᠢᠨ ᠲᠠᠲᠠᠬᠤ ᠬᠦᠴᠦᠨ ᠤ᠋ ᠬᠠᠮᠤᠭ ᠤ᠋ᠨ ᠱᠢᠭᠤᠳ ᠬᠠᠷᠢᠭᠤᠯᠲᠠ ᠶ᠋ᠢᠨ ᠬᠠᠭᠤᠳᠠᠰᠤ ᠪᠣᠯᠪᠠ᠃ 87 ᠴᠢᠳᠠᠪᠤᠷᠢᠲᠠᠨ ᠤᠷᠢᠬᠤ ᠠᠵᠢᠯ ᠤ᠋ᠨ ᠥᠷᠲᠡᠭᠡ᠂ 188 ᠴᠢᠳᠠᠪᠤᠷᠢᠲᠠᠨ ᠤᠷᠢᠬᠤ ᠡᠯᠴᠢ ᠵᠢᠴᠢ ᠪᠥᠬᠥ᠌ ᠵᠢᠯ ᠤ᠋ᠨ 2800 ᠭᠠᠷᠤᠶ ᠲᠠᠯᠠᠪᠤᠷ ᠡᠯ᠎ᠡ ᠲᠥᠷᠥᠯ ᠤ᠋ᠨ ᠠᠵᠢᠯᠲᠠᠨ ᠡᠯᠰᠡᠬᠦ᠌ ᠠᠵᠢᠯᠯᠠᠭ᠎ᠠ ᠨᠢ ᠪᠠᠢᠨᠭᠭᠤᠵᠢᠬᠰᠠᠨ᠂ ᠤᠯᠠᠨ ᠲᠠᠯᠠᠵᠢ ᠬᠠᠮᠤᠷᠤᠭ᠍ᠰᠠᠨ ᠴᠢᠳᠠᠪᠤᠷᠢᠲᠠᠨ ᠤᠷᠢᠬᠤ ᠲᠤᠤᠷ ᠢ᠋ ᠪᠦᠷᠢᠯᠳᠦᠭᠦᠯᠵᠡᠶ᠃
ᠴᠢᠳᠠᠪᠤᠷᠢᠲᠠᠨ ᠢ᠋ ᠬᠡᠷᠬᠢᠨ ᠦᠯᠡᠳᠡᠭᠡᠵᠦ᠂ ᠲᠠᠳᠠᠨᠠᠷᠤᠨ ᠤᠷ᠎ᠠ ᠠᠪᠢᠶᠠᠰᠢ ᠭᠡᠷᠬᠢᠨ ᠪᠠᠳᠠᠷᠠᠭᠤᠯᠬᠤ ᠪᠢᠯᠡ? ᠪᠤᠭᠤᠲᠤ 《ᠠᠵᠤ ᠦᠶ᠋ᠯᠡᠰ ᠪᠠ ᠴᠢᠳᠠᠪᠤᠷᠢᠲᠠᠨ ᠤ᠋ ᠠᠭᠤᠰᠤᠯᠴᠠᠯ》ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠴᠢᠳᠠᠪᠤᠷᠢᠲᠠᠨ ᠬᠥᠮᠦᠵᠢᠭᠦᠯᠬᠦ᠌ ᠠᠷᠭ᠎ᠠ ᠵᠠᠮ ᠢ᠋ ᠨᠠᠷᠢᠨ ᠨᠢᠮᠪᠠᠶ ᠵᠢᠷᠤᠭ᠍ᠯᠠᠪᠠ᠃ ᠴᠢᠳᠠᠪᠤᠷᠢᠲᠡᠨ ᠤ᠋ ᠡᠷᠳᠡᠮ ᠱᠢᠨᠵᠢᠯᠡᠭᠡ ᠬᠢᠬᠦ ᠪᠠ ᠤᠷ᠎ᠠ ᠴᠢᠳᠠᠪᠤᠷᠢ ᠶ᠋ᠢ ᠨᠢ ᠪᠠᠳᠠᠷᠠᠭᠤᠯᠬᠤ ᠲᠠᠯ᠎ᠠ ᠪᠠᠷ᠂ ᠪᠤᠭᠤᠳᠤ ᠬᠤᠲᠠ 《ᠠᠬᠢᠭᠤᠯᠬᠤ ᠬᠦᠳᠡᠯᠭᠡᠭᠦᠷ》 ᠪᠤᠯᠬᠤ ᠪᠠᠷ ᠴᠢᠷᠮᠠᠢᠵᠤ ᠪᠠᠢᠨ᠎ᠠ᠃ ᠣᠷᠣᠢᠯᠠᠭ᠍ᠰᠠᠨ ᠴᠢᠳᠠᠪᠤᠷᠢᠲᠠᠨ ᠳ᠋ᠤ ᠴᠢᠭ᠌ᠯᠡᠭᠦᠯᠦᠨ᠂ 《ᠨᠢᠭᠡ ᠬᠥᠮᠦᠨ ᠳ᠋ᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠨᠠᠷᠢᠯᠢᠬ᠍ᠵᠢᠭᠤᠯᠤᠭ᠍ᠰᠠᠨ ᠦᠶ᠋ᠯᠡᠴᠢᠯᠡᠭᠡ ᠬᠠᠩᠭᠠᠵᠤ᠂ 2025 ᠣᠨ ᠳ᠋ᠤ᠂ ᠪᠤᠭᠤᠲᠤ ᠲᠠᠢ ᠨᠢᠭ᠍ᠲᠠ ᠬᠣᠯᠪᠣᠭ᠎ᠠ ᠪᠦᠬᠦᠢ 6 ᠳᠡᠭᠡᠳᠦ ᠲᠠᠰ ᠤ᠋ᠨ ᠴᠢᠳᠠᠪᠤᠷᠢᠲᠠᠨ 《ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠪᠠ ᠳᠤᠮᠳᠠᠳᠤ ᠤᠯᠤᠰ ᠤ᠋ᠨ ᠢᠨᠵᠸᠨ᠋ᠸᠷᠢᠩ ᠤ᠋ᠨ ᠬᠦᠷᠢᠶᠡᠯᠡᠩ》 ᠤ᠋ᠨ ᠠᠺᠠᠳᠧᠮᠢᠴᠢ ᠶ᠋ᠢᠨ ᠬᠦᠴᠦᠨᠲᠡᠶ ᠵᠢᠱ᠌ᠢᠭ᠌ᠳᠡᠭ᠌ᠴᠢ ᠪᠣᠯᠵᠣ᠂ ᠲᠣᠰ ᠭᠠᠵᠠᠷ ᠤ᠋ᠨ ᠲᠤᠰᠭᠠᠶ ᠮᠡᠷᠭᠡᠵᠢᠯᠲᠡᠨ 《ᠤᠯᠤᠰ ᠤ᠋ᠨ ᠭᠠᠷᠮᠠᠭᠠᠶ ᠢᠨᠵᠧᠨᠧᠷ》 ᠤ᠋ᠨ ᠴᠣᠯᠠ ᠭᠥᠷᠳᠡᠵᠦ᠍᠂ ᠡᠳᠡᠭᠡᠷ ᠨᠢ ᠳᠡᠭᠡᠳᠦ ᠲᠠᠰ ᠤ᠋ᠨ ᠴᠢᠳᠠᠪᠤᠷᠢᠲᠠᠨ ᠢ᠋ ᠬᠥᠮᠦᠵᠢᠭᠦᠯᠬᠦ᠌ ᠲᠠᠯ᠎ᠠ ᠪᠡᠷ ᠱᠢᠪᠲᠤᠯᠤᠯᠲᠠ ᠲᠠᠢ ᠪᠣᠯᠤᠭ᠍ᠰᠠᠨ ᠢ᠋ ᠬᠠᠷᠠᠭᠤᠯᠪᠠ᠃ ᠰᠤᠷᠭᠠᠭᠤᠯᠢ ᠪᠠ ᠣᠷᠣᠨ ᠨᠤᠲᠤᠭ ᠤ᠋ᠨ ᠬᠠᠮᠵᠢᠯᠴᠠᠭ᠎ᠠ ᠪᠣᠯ ᠵᠠᠩᠭᠢᠯᠠᠭ᠎ᠠ ᠶ᠋ᠢᠨ ᠭᠠᠷᠳᠠᠴᠠ ᠪᠠᠢᠵᠤ᠂ ᠲᠣᠬᠠᠢᠵᠢᠨ ᠭᠠᠵᠠᠷ ᠤ᠋ᠨ ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠲᠠᠰ ᠤ᠋ᠨ ᠬᠣᠪᠣᠷ ᠱᠢᠷᠣᠶ ᠶ᠋ᠢᠨ ᠠᠵᠤ ᠦᠶ᠋ᠯᠡᠰ ᠤ᠋ᠨ ᠳᠡᠭᠡᠳᠦ ᠰᠤᠷᠭᠠᠭᠤᠯᠢ ᠵᠢ ᠪᠠᠭ᠍ᠲᠠᠭᠠᠭ᠍ᠰᠠᠨ ᠣᠲᠣ ᠦᠶ᠎ᠡ ᠶ᠋ᠢᠨ ᠠᠵᠤ ᠦᠶ᠋ᠯᠡᠰ ᠤ᠋ᠨ ᠳᠡᠭᠡᠳᠦ ᠰᠤᠷᠭᠠᠭᠤᠯᠢ ᠶ᠋ᠢᠨ ᠪᠦᠯᠦᠭᠵᠢᠯ ᠪᠠᠢᠭᠤᠯᠬᠤ ᠵᠢ ᠠᠬᠢᠭᠤᠯᠬᠤ ᠶ᠋ᠢᠨ ᠬᠠᠮᠲᠤ ᠳᠤᠮᠳᠠᠳᠤ ᠤᠯᠤᠰ ᠤ᠋ᠨ ᠬᠥᠩᠭᠡᠨᠴᠠᠭᠠᠨ᠂ ᠤᠯᠤᠰ ᠤ᠋ᠨ ᠡᠨᠧᠷᠭᠢ ᠵᠡᠷᠭᠡ ᠳᠠᠭᠠᠭᠤᠯᠤᠭ᠍ᠴᠢ ᠠᠵᠤ ᠠᠬᠤᠢᠯᠠᠯ ᠲᠠᠢ ᠢᠨᠵᠧᠨᠧᠷᠢᠩ ᠤ᠋ᠨ ᠮᠠᠰᠲᠸᠷ ᠳ᠋ᠣᠺᠲ᠋ᠣᠷ ᠢ᠋ ᠬᠠᠮᠲᠤᠷᠠᠨ ᠬᠥᠮᠦᠵᠢᠭᠦᠯᠬᠦ᠌ ᠵᠢ ᠬᠡᠷᠡᠭ᠌ᠵᠢᠭᠦᠯᠵᠦ᠍᠂ ᠴᠢᠳᠠᠪᠤᠷᠢᠲᠠᠨ ᠢ᠋ ᠬᠥᠮᠦᠵᠢᠭᠦᠯᠬᠦ᠌ ᠵᠢ ᠠᠵᠤ ᠦᠶ᠋ᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠲᠠᠢ ᠰᠢᠭᠤᠳ ᠵᠤᠯᠭᠠᠭᠤᠯᠪᠠ᠃ ᠦᠶ᠋ᠯᠡᠳᠬᠦ᠌ ᠦᠶ᠋ᠯᠡᠰ ᠤ᠋ᠨ ᠰᠠᠭᠤᠷᠢ ᠵᠢ ᠲᠤᠯᠭᠠᠭᠤᠷᠢᠯᠠᠭ᠍ᠰᠠᠨ ᠤᠷ᠎ᠠ ᠮᠡᠷᠭᠡᠱᠢᠯᠳᠦ ᠴᠢᠳᠠᠪᠤᠷᠢᠲᠠᠨ ᠳ᠋ᠤ᠂ 《ᠰᠣᠷᠣᠭ᠍ᠴᠢ ᠡᠯᠰᠡᠭᠰᠡᠨ ᠨᠢ ᠳᠠᠷᠤᠶ ᠠᠵᠢᠯᠴᠢᠨ ᠡᠯᠰᠡᠭᠰᠡᠨ ᠲᠡᠢ ᠠᠳᠠᠯᠢ᠂ ᠰᠤᠷᠭᠠᠭᠤᠯᠢ ᠳ᠋ᠤ ᠣᠷᠣᠭᠰᠠᠨ ᠨᠢ ᠳᠠᠷᠤᠶ ᠦᠶ᠋ᠯᠡᠳᠪᠦᠷᠢ ᠳ᠋ᠤ ᠣᠷᠣᠭᠰᠠᠨ ᠲᠠᠢ ᠠᠳᠠᠯᠢ》 ᠳᠤᠮᠳᠠᠳᠤ ᠤᠯᠤᠰ ᠤ᠋ᠨ ᠣᠨᠴᠠᠯᠢᠭ ᠪᠥᠬᠥᠶ ᠱᠠᠪᠢ ᠠᠵᠢᠯᠴᠢᠨ ᠤ᠋ ᠲᠦᠷᠢᠮ ᠢ᠋ ᠡᠭᠦᠳᠴᠦ᠍᠂ ᠥᠪᠡᠷᠲᠡᠭᠡᠨ ᠵᠠᠰᠠᠬᠤ ᠣᠷᠣᠨ ᠤ᠋ ᠬᠡᠪᠴᠢᠶ᠎ᠡ ᠪᠡᠷ ᠬᠠᠮᠤᠭ ᠤ᠋ᠨ ᠶᠡᠬᠡ ᠳᠡᠭᠡᠳᠦ ᠤᠷ᠎ᠠ ᠮᠡᠷᠭᠡᠱᠢᠯᠳᠦ ᠴᠢᠳᠠᠪᠤᠷᠢᠲᠠᠨ ᠤ᠋ ᠣᠯᠠᠨ ᠨᠡᠢᠲᠡ ᠶ᠋ᠢᠨ ᠪᠣᠳᠠᠲᠠᠶ ᠪᠣᠯᠪᠠᠰᠤᠷᠠᠯ ᠤ᠋ᠨ ᠰᠠᠭᠤᠷᠢᠨ ᠳ᠋ᠤ ᠲᠦᠱᠢᠭ᠌ᠯᠡᠨ᠂ ᠡᠯ᠎ᠡ ᠲᠥᠷᠥᠯ ᠤ᠋ᠨ ᠬᠠᠨᠳᠤᠯᠭᠠᠲᠤ ᠠᠩᠭᠢ ᠡᠷᠭᠢᠯᠡᠵᠦ᠍᠂ ᠭᠤᠷᠪᠠᠨ ᠵᠢᠯ ᠳ᠋ᠤ 6500 ᠭᠠᠷᠤᠶ ᠤᠷ᠎ᠠ ᠮᠡᠷᠭᠡᠵᠢᠯ ᠲᠠᠢ ᠴᠢᠳᠠᠪᠤᠷᠢᠲᠠᠨ ᠢ᠋ ᠬᠥᠮᠦᠵᠢᠭᠦᠯᠪᠡ᠃
ᠴᠢᠳᠠᠪᠤᠷᠢᠲᠠᠨ ᠤ᠋ ᠦᠨ᠎ᠡ ᠥᠷᠲᠡᠭ ᠢ᠋ ᠭᠦᠶ᠋ᠴᠡᠳ ᠪᠠᠳᠠᠷᠠᠭᠤᠯᠬᠤ ᠳ᠋ᠤ ᠬᠠᠷᠰᠢ ᠰᠠᠭᠠᠳ ᠢ᠋ ᠡᠪᠳᠡᠵᠦ᠍᠂ ᠲᠠᠪᠴᠠᠩ ᠤᠯᠭᠤᠬᠤ ᠬᠡᠷᠡᠭ᠌ᠲᠡᠶ᠃ ᠪᠤᠭᠤᠲᠤ ᠬᠤᠲᠠ 《ᠶᠡᠬᠡ ᠳᠡᠭᠡᠳᠦ ᠰᠤᠷᠭᠠᠭᠤᠯᠢ ᠶ᠋ᠢᠨ ᠴᠢᠳᠠᠪᠤᠷᠢᠲᠠᠨ ᠢ᠋ ᠠᠵᠤ ᠠᠬᠤᠢᠯᠠᠯ ᠬᠡᠷᠡᠭ᠌ᠯᠡᠬᠦ᠌᠂ ᠠᠵᠤ ᠠᠬᠤᠢᠯᠠᠯ ᠤ᠋ᠨ ᠴᠢᠳᠠᠪᠤᠷᠢᠲᠠᠨ ᠢ᠋ ᠶᠡᠬᠡ ᠳᠡᠭᠡᠳᠦ ᠰᠤᠷᠭᠠᠭᠤᠯᠢ ᠬᠡᠷᠡᠭ᠌ᠯᠡᠬᠦ᠌》 ᠬᠤᠤᠰ ᠴᠢᠭ᠌ᠯᠡᠯ ᠢ᠋ᠶ᠋ᠡᠷ ᠱᠢᠯᠵᠢᠬᠦ᠌ ᠲᠣᠭ᠍ᠲᠠᠴᠠ ᠵᠢ ᠢᠳᠡᠪᠬᠢᠲᠡᠶ ᠰᠦᠪᠡᠭ᠌ᠴᠢᠯᠡᠵᠦ᠍᠂ ᠳ᠋ᠣᠺᠲ᠋ᠣᠷ ᠴᠢᠳᠠᠪᠤᠷᠢᠲᠠᠨ ᠢ᠋ ᠨᠢᠭᠡᠳᠦᠭᠡᠷ ᠹᠷᠣᠨᠲ ᠲᠦ᠍ ᠰᠣᠩᠭᠣᠨ ᠲᠣᠮᠢᠯᠠᠵᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠤ᠋ᠨ ᠲᠤᠱᠢᠶᠠᠯ ᠡᠭᠦᠷᠭᠡᠯᠡᠭᠦᠯᠦᠭ᠌ᠰᠡᠨ ᠪᠥᠭᠡᠳ ᠪᠣᠳᠠᠲᠤ ᠦᠷ᠎ᠡ ᠪᠦᠲᠦᠮᠵᠢ ᠭᠠᠷᠭᠠᠭ᠍ᠰᠠᠨ ᠦᠷ᠎ᠡ ᠪᠦᠲᠦᠭᠡᠯ ᠢ᠋ ᠤᠨᠳᠤᠤᠱᠢᠭᠤᠯᠬᠤ ᠲᠥᠷᠥᠯ ᠵᠦᠶ᠋ᠯ ᠳ᠋ᠤ ᠲᠤᠰᠠᠯᠠᠮᠵᠢ ᠦᠵᠡᠭᠦᠯᠵᠦ᠍᠂ ᠣᠶᠤᠨ ᠤ᠋ ᠡᠬᠢ ᠪᠠᠶᠠᠯᠢᠭ ᠤ᠋ᠨ ᠠᠵᠤ ᠦᠶ᠋ᠯᠡᠰ ᠤ᠋ᠨ ᠨᠢᠭᠡᠳᠦᠭᠡᠷ ᠹᠷᠣᠨᠲ ᠲᠦ᠍ ᠱᠢᠭᠤᠳ ᠬᠦᠴᠦᠨ ᠨᠡᠮᠡᠷᠢᠯᠡᠬᠦ ᠵᠢ ᠠᠬᠢᠭᠤᠯᠪᠠ᠃ ᠲᠤᠰᠭᠠᠶ ᠮᠡᠷᠭᠡᠵᠢᠯᠲᠡᠨ ᠤ᠋ ᠦᠨᠳᠦᠰᠦᠨ ᠱᠠᠲᠤᠨ ᠳ᠋ᠤ ᠦᠶ᠋ᠯᠡᠴᠢᠯᠡᠬᠦ᠌ ᠠᠵᠢᠯᠯᠠᠭ᠎ᠠ ᠨᠢ ᠳᠡᠭᠡᠳᠦ ᠲᠠᠰ ᠤ᠋ᠨ ᠣᠶᠤᠨ ᠤᠬᠠᠭᠠᠨ ᠢ᠋ ᠲᠠᠷᠢᠶᠠᠨ ᠭᠠᠵᠠᠷ ᠪᠣᠯᠤᠨ ᠦᠶ᠋ᠯᠡᠳᠪᠦᠷᠢ ᠶ᠋ᠢᠨ ᠲᠠᠰᠤᠭ ᠲᠠᠢᠰᠢ ᠬᠠᠨᠳᠤᠭᠤᠯᠵᠤ᠂ ᠲᠦᠷᠦᠭᠦᠬᠡᠨ᠂ ᠣᠷᠣᠢᠯᠠᠭ᠍ᠰᠠᠨ ᠶᠡᠬᠡ ᠳᠡᠭᠡᠳᠦ ᠰᠤᠷᠭᠠᠭᠤᠯᠢ ᠶ᠋ᠢᠨ ᠬᠦᠷᠢᠶᠡᠯᠡᠩ ᠭᠠᠵᠠᠷ ᠤ᠋ᠨ ᠲᠤᠰᠭᠠᠶ ᠮᠡᠷᠭᠡᠵᠢᠯᠲᠡᠨ ᠤ᠋ ᠪᠦᠯᠬᠦᠮ ᠭᠦᠶᠡᠩ ᠱᠢᠶᠠᠨ ᠳ᠋ᠤ ᠭᠦᠨᠵᠡᠭᠡᠢᠷᠡᠵᠦ᠍᠂ ᠣᠯᠠᠨ ᠲᠠᠯᠠᠪᠤᠷ ᠲᠤᠬᠠᠶ ᠶ᠋ᠢᠨ ᠲᠠᠯᠠᠪᠠᠶ ᠶ᠋ᠢᠨ ᠮᠡᠷᠭᠡᠵᠢᠯ ᠤ᠋ᠨ ᠪᠣᠭᠣᠮᠲᠠ ᠱᠢᠪᠲᠤᠯᠬᠤ ᠪᠡᠷ ᠳᠡᠮᠵᠢᠨ᠂ ᠲᠤᠬᠠᠶ ᠶ᠋ᠢᠨ ᠭᠠᠵᠠᠷ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠪᠣᠳᠠᠲᠠᠶ ᠬᠦᠴᠢᠷ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠪᠡ᠃ ᠳᠥᠷᠪᠡᠨ ᠵᠢᠯ ᠳᠠᠷᠠᠭᠠᠯᠠᠨ ᠱᠢᠯᠭᠠᠷᠠᠭᠤᠯᠤᠭ᠍ᠰᠠᠨ 《ᠪᠤᠭᠤᠲᠤ ᠶ᠋ᠢᠨ ᠱᠢᠨ᠎ᠡ ᠵᠢ ᠡᠭᠦᠳᠬᠦ᠌ ᠬᠥᠭ᠌ᠵᠢᠯᠲᠡ ᠶ᠋ᠢᠨ ᠱᠠᠩᠨᠠᠯ》 ᠵᠢᠴᠢ ᠲᠠᠰᠤᠷᠠᠯᠲᠠ ᠥᠬᠡᠶ ᠥᠷᠭᠡᠳᠴᠦ᠍ ᠪᠠᠢᠭ᠎ᠠ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠣᠷᠣᠨ》 ᠤ᠋ ᠵᠢᠭ᠍ᠰᠠᠭᠠᠯ ᠨᠢ ᠱᠢᠨ᠎ᠡ ᠵᠢ ᠡᠭᠦᠳᠬᠦ᠌ ᠵᠢ ᠦᠷᠭᠦᠯᠵᠢᠯᠡᠨ ᠵᠣᠷᠢᠭ᠍ᠵᠢᠭᠤᠯᠵᠤ᠂ ᠬᠥᠭ᠌ᠵᠢᠯᠲᠡ ᠶ᠋ᠢᠨ ᠣᠷᠣᠨ ᠵᠠᠶ ᠵᠢ ᠥᠷᠭᠡᠳᠭᠡᠵᠦ᠍᠂ ᠣᠷᠣᠭᠤᠯᠤᠨ ᠠᠪᠴᠢᠷᠠᠭ᠍ᠰᠠᠨ ᠴᠢᠳᠠᠪᠤᠷᠢᠲᠠᠨ ᠤ᠋ ᠪᠦᠯᠬᠦᠮ ᠨᠡᠢᠲᠡ ᠨᠢ ᠨᠢᠭᠡᠨᠲᠡ ᠬᠣᠲᠠ ᠶ᠋ᠢᠨ ᠱᠢᠨ᠎ᠡ ᠵᠢ ᠡᠭᠦᠳᠬᠦ᠌ ᠵᠢ ᠬᠥᠭ᠌ᠵᠢᠭᠡᠬᠦ᠌ ᠴᠢᠬᠤᠯᠠ ᠡᠬᠢ ᠰᠤᠷᠪᠤᠯᠵᠢ ᠪᠣᠯᠵᠠᠶ᠃
ᠴᠢᠳᠠᠪᠤᠷᠢᠲᠠᠨ ᠢ᠋ ᠣᠷᠣᠭᠤᠯᠤᠨ ᠠᠪᠴᠢᠷᠠᠬᠤ ᠬᠦᠮᠦᠵᠢᠭᠦᠯᠬᠦ ᠬᠡᠷᠡᠭ᠌ᠯᠡᠬᠦ᠌ ᠨᠢ ᠴᠦᠮ 《ᠴᠢᠳᠠᠪᠤᠷᠢᠲᠠᠨ ᠢ᠋ ᠦᠯᠡᠳᠡᠭᠡᠬᠦ᠌》 ᠶ᠋ᠢᠨ ᠲᠥᠯᠥᠭᠡ ᠶᠤᠮ ᠃ ᠰᠦᠶ᠋ᠳᠭᠡᠯ ᠬᠤᠷᠢᠶᠠᠬᠤ ᠥᠬᠡᠶ ᠤᠷᠤᠨ ᠰᠠᠭᠤᠴᠠ ᠬᠠᠨᠭᠭᠠᠬᠤ ᠪᠠ ᠠᠩᠬᠠᠨ ᠤ᠋ ᠠᠭᠤᠰᠤᠯᠴᠠᠯ ᠤ᠋ᠨ ᠦᠶ᠋ᠯᠡᠴᠢᠯᠡᠭᠡ ᠬᠠᠩᠭᠠᠬᠤ ᠵᠠᠯᠠᠭᠤ ᠴᠢᠳᠠᠪᠤᠷᠢᠲᠠᠨ ᠤ᠋ ᠥᠷᠲᠡᠭᠡ ᠡᠴᠡ᠂ ᠦᠷ᠎ᠡ ᠬᠡᠦᠬᠡᠳ ᠤ᠋ᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯᠵᠢᠯ ᠵᠡᠷᠭᠡ 24 ᠵᠦᠶ᠋ᠯ ᠤ᠋ᠨ ᠳᠣᠲᠣᠨᠣ ᠦᠶ᠋ᠯᠡᠴᠢᠯᠡᠭᠡ ᠬᠠᠩᠭᠠᠬᠤ ᠳᠡᠭᠡᠳᠦ ᠲᠠᠰ ᠤ᠋ᠨ ᠴᠢᠳᠠᠪᠤᠷᠢᠲᠠᠨ ᠤ᠋ ᠦᠶ᠋ᠯᠡᠴᠢᠯᠡᠭᠡᠨ ᠤ᠋ ᠺᠠᠷᠲ ᠬᠦᠷᠲᠡᠯ᠎ᠡ᠂ ᠵᠠᠯᠠᠭᠤ ᠴᠢᠳᠠᠪᠤᠷᠢᠲᠠᠨ ᠤ᠋ ᠨᠡᠢᠭᠡᠮ ᠤ᠋ᠨ ᠬᠠᠷᠢᠯᠴᠠᠭᠠᠨ ᠤ᠋ ᠬᠡᠷᠡᠭ᠌ᠴᠡᠭᠡ ᠵᠢ ᠱᠢᠢᠳᠪᠦᠷᠢᠯᠡᠬᠦ᠌ ᠢᠨᠠᠭ᠍ᠯᠠᠵᠤ ᠨᠥᠬᠥᠷᠯᠡᠬᠦ᠌ ᠠᠵᠢᠯᠯᠠᠭ᠎ᠠ ᠡᠴᠡ ᠰᠦᠯᠵᠢᠶᠡᠨ ᠳᠡᠭᠡᠷ᠎ᠡ ᠪᠠ ᠲᠤᠬᠠᠢ ᠶ᠋ᠢᠨ ᠲᠠᠯᠠᠪᠤᠷ ᠲᠦ᠍ ᠠᠭᠤᠰᠤᠯᠴᠠᠭᠤᠯᠤᠭ᠍ᠰᠠᠨ᠂ ᠥᠨᠳᠥᠷ ᠪᠦᠲᠦᠮᠵᠢᠲᠡᠢ ᠳᠥᠭᠥᠮ ᠳᠥᠲᠡ ᠲᠤᠰᠭᠠᠢ ᠦᠢᠯᠡᠴᠢᠯᠡᠭᠡᠨ ᠤ᠋ ᠴᠣᠩᠬᠣᠪᠴᠢ ᠬᠦᠷᠲᠡᠯ᠎ᠡ᠂ ᠳᠠᠬᠢᠨ ᠲᠣᠭ᠍ᠲᠠᠭ᠍ᠰᠠᠨ ᠬᠤᠭᠤᠴᠠᠭᠠᠨ ᠳ᠋ᠤ ᠶᠠᠪᠤᠭ᠍ᠳᠠᠬᠤ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ᠌ ᠴᠢᠳᠠᠪᠤᠷᠢᠲᠠᠨ ᠤ᠋ ᠶᠠᠷᠢᠯᠴᠠᠬᠤ ᠬᠤᠷᠠᠯ ᠤ᠋ᠨ ᠲᠣᠭ᠍ᠲᠠᠴᠠ ᠳ᠋ᠤ ᠬᠦᠷᠲᠠᠯ᠎ᠠ ᠁ ᠪᠤᠭᠤᠲᠤ ᠬᠤᠳᠠ ᠶᠠᠭ ᠦᠢᠯᠡᠴᠢᠯᠡᠭᠡ ᠪᠠᠨ ᠴᠢᠳᠠᠪᠤᠷᠢᠲᠠᠨ ᠤ᠋ ᠰᠡᠳᠭᠢᠯ ᠳ᠋ᠤ ᠬᠦᠷᠭᠡᠵᠦ᠍᠂ ᠴᠢᠳᠠᠪᠤᠷᠢᠲᠠᠨ ᠳ᠋ᠤ ᠠᠵᠢᠯ ᠦᠢᠯᠡᠰ ᠤ᠋ᠨ ᠲᠠᠪᠴᠠᠩ ᠲᠠᠢ᠂ ᠠᠮᠢᠳᠤᠷᠠᠯ ᠤ᠋ᠨ ᠴᠢᠨᠠᠷ ᠴᠢᠨᠰᠠᠭ᠎ᠠ ᠲᠠᠢ᠂ ᠬᠠᠢᠷ᠎ᠠ ᠰᠡᠳᠭᠢᠯᠭᠡ ᠶ᠋ᠢᠨ ᠬᠠᠷᠢᠶᠠᠯᠠᠯ ᠲᠠᠢ ᠪᠠᠢᠬᠤ ᠵᠢ ᠮᠡᠳᠡᠷᠡᠭᠦᠯᠬᠦ᠌ ᠪᠡᠷ ᠴᠢᠷᠮᠠᠢᠵᠤ ᠪᠠᠢᠨ᠎ᠠ᠃ ᠡᠨᠡ ᠬᠦ᠌ ᠱᠢᠰᠲ᠋ᠧᠮᠲᠦ ᠴᠢᠨᠠᠷᠲᠠᠶ ᠦᠶ᠋ᠯᠡᠳᠦᠯᠭᠡ ᠨᠢ ᠨᠢᠭᠡᠨᠲᠡ ᠥᠷᠭᠡᠨ ᠢ᠋ᠶ᠋ᠡᠷ ᠮᠡᠳᠡᠷᠡᠭ᠌ᠳᠡᠵᠦ᠍᠂ ᠬᠣᠯᠪᠣᠭ᠍ᠳᠠᠯ ᠪᠥᠬᠥᠶ ᠬᠡᠷᠡᠭ ᠤ᠋ᠨ ᠵᠢᠱ᠌ᠢᠶ᠎ᠡ ᠨᠢ ᠵᠠᠯᠭᠠᠭ᠎ᠠ ᠪᠡᠷ ᠪᠥᠬᠥ᠌ ᠤᠯᠤᠰ ᠤ᠋ᠨ ᠴᠢᠳᠠᠪᠤᠷᠢᠲᠠᠨ ᠤ᠋ ᠠᠵᠢᠯ ᠤ᠋ᠨ ᠬᠠᠮᠤᠭ ᠤ᠋ᠨ ᠰᠠᠢᠨ ᠬᠡᠷᠡᠭ ᠤ᠋ᠨ ᠵᠢᠱ᠌ᠢᠶ᠎ᠡ ᠪᠠ ᠥᠭᠡᠷᠡᠴᠢᠯᠡᠯᠲᠡ ᠶ᠋ᠢᠨ ᠦᠶ᠋ᠯᠡᠳᠦᠯᠭᠡ ᠶ᠋ᠢᠨ ᠬᠡᠷᠡᠭ ᠤ᠋ᠨ ᠵᠢᠱ᠌ᠢᠶ᠎ᠡ ᠳ᠋ᠤ ᠰᠣᠩᠭᠣᠭ᠍ᠳᠠᠨ ᠣᠷᠣᠵᠤ᠂ ᠳᠤᠮᠳᠠᠳᠤ ᠤᠯᠤᠰ ᠤ᠋ᠨ ᠬᠠᠭᠤᠴᠢᠨ ᠠᠵᠤ ᠦᠶ᠋ᠯᠡᠳᠪᠦᠷᠢ ᠶ᠋ᠢᠨ ᠬᠣᠲᠠ ᠶ᠋ᠢᠨ ᠴᠢᠳᠠᠪᠤᠷᠢᠲᠠᠨ ᠤ᠋ ᠬᠥᠭ᠌ᠵᠢᠯ ᠮᠠᠨᠳᠤᠯ ᠢ᠋ ᠠᠵᠢᠭ᠍ᠯᠠᠬᠤ ᠨᠡᠢᠲᠡᠯᠢᠭ ᠥᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ᠃