ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 12 ᠰᠠᠷ᠎ᠠ᠎ᠶ᠋ᠢᠨ 15 ᠤ᠋ ᠣᠷᠣᠶ᠂ ᠪᠥᠬᠥ᠌ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ ᠱᠧᠨᠵᠧᠨ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠶᠠᠪᠤᠭ᠍ᠳᠠᠪᠠ᠃ ᠲᠣᠰ ᠬᠤᠭᠤᠴᠠᠭᠠᠨ᠎ᠤ ᠵᠡᠮᠳᠡᠭ᠌ᠴᠦᠳ᠎ᠦᠨ ᠤᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠤᠨ ᠲᠠᠮᠢᠷᠴᠢᠳ ᠨᠡᠢᠲᠡ 26 ᠠᠯᠲᠠᠨ ᠮᠧᠳᠠᠯ 29 ᠮᠥᠩᠭᠥᠨ ᠮᠧᠳᠠᠯ 39 ᠬᠦᠷᠡᠯ ᠮᠧᠳᠠᠯᠤᠯᠵᠦ᠂ ᠨᠡᠢᠲᠡ 94 ᠱᠠᠩᠨᠠᠯ᠎ᠤᠨ ᠮᠧᠳᠠᠯ ᠬᠦᠷᠲᠡᠭᠰᠡᠨ ᠬᠢᠷᠢ ᠪᠦᠲᠦᠮᠵᠢ ᠤᠯᠵᠠᠢ᠃
ᠲᠤᠰ ᠬᠤᠭᠤᠴᠠᠭᠠᠨ᠎ᠤ ᠵᠡᠮᠳᠡᠭᠴᠤᠳ᠎ᠤᠨ ᠲᠠᠮᠢᠷ᠎ᠤᠨ ᠴᠤᠭ᠍ᠯᠠᠭᠠᠨ ᠵᠢᠴᠢ ᠤᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ 238 ᠲᠠᠮᠢᠷᠴᠢᠨ 21 ᠶᠡᠬᠡ ᠲᠦᠷᠦᠯ᠎ᠤᠨ ᠤᠷᠤᠯᠳᠤᠭᠠᠨ᠎ᠳᠤ ᠤᠷᠤᠯᠴᠠᠵᠠᠢ᠃ ᠡᠭᠦᠨ᠎ᠳᠦ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠰᠤᠨᠤᠷ ᠠᠯᠳᠠᠬᠰᠠᠳ᠎ᠤᠨ ᠤᠷᠤᠯᠳᠤᠭᠠᠨ᠎ᠤ ᠲᠥᠷᠥᠯ ᠵᠦᠶ᠋ᠯ᠎ᠳᠤ 8 ᠠᠯᠲᠠᠨ ᠮᠧᠳᠠᠯ 12 ᠮᠥᠩᠭᠥᠨ ᠮᠧᠳᠠᠯ 21 ᠬᠦᠷᠡᠯ ᠮᠧᠳᠠᠯ ᠤᠯᠵᠦ᠂ ᠨᠡᠢᠲᠡ 41 ᠱᠠᠩᠨᠠᠯ᠎ᠤᠨ ᠮᠧᠳᠠᠯ ᠣᠯᠵᠠᠶ; ᠣᠯᠠᠨ ᠲᠦᠮᠡᠨ᠎ᠤ ᠲᠥᠷᠥᠯ ᠵᠦᠢᠯ᠎ᠳᠤ 2 ᠠᠯᠲᠠᠨ ᠮᠧᠳᠠᠯ ᠣᠯᠪᠠ; ᠤᠨᠴᠠᠭᠠᠢ ᠤᠯᠢᠮᠫᠢᠺ᠎ᠤᠨ ᠲᠦᠷᠦᠯ ᠵᠦᠢᠯ᠎ᠳᠤ ᠨᠡᠢᠲᠡ 16 ᠠᠯᠲᠠᠨ ᠮᠧᠳᠠᠯ 17 ᠮᠥᠩᠭᠥᠨ ᠮᠧᠳᠠᠯ 18 ᠬᠦᠷᠡᠯ ᠮᠧᠳᠠᠯ ᠤᠯᠵᠦ᠂ ᠨᠡᠢᠲᠡ 51 ᠱᠠᠩᠨᠠᠯ᠎ᠤᠨ ᠮᠧᠳᠠᠯ ᠣᠯᠵᠠᠢ᠃ ᠲᠤᠰ ᠬᠤᠭᠤᠴᠠᠭᠠᠨ᠎ᠤ ᠵᠡᠮᠳᠡᠭᠴᠤᠳ᠎ᠤᠨ ᠲᠠᠮᠢᠷ᠎ᠤᠨ ᠴᠤᠭ᠍ᠯᠠᠭᠠᠨ ᠵᠢᠴᠢ ᠤᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠲᠠᠮᠢᠷᠴᠢᠳ ᠨᠡᠢᠲᠡ 94 ᠱᠠᠩᠨᠠᠯ᠎ᠤᠨ ᠮᠧᠳᠠᠯ ᠬᠦᠷᠲᠡᠭᠰᠡᠨ ᠰᠢᠯᠢᠳᠡᠭ ᠬᠢᠷᠢ ᠪᠦᠲᠦᠮᠵᠢᠤᠯᠵᠦ᠂ ᠠᠯᠲᠠᠨ ᠮᠧᠳᠠᠯ᠎ᠤᠨ ᠶᠡᠷᠦᠩᠬᠡᠶ ᠲᠣᠭ᠎ᠠ ᠪᠠ ᠱᠠᠩᠨᠠᠯ᠎ᠤᠨ ᠮᠧᠳᠠᠯ᠎ᠤᠨ ᠶᠡᠷᠦᠩᠬᠡᠶ ᠲᠣᠭ᠎ᠠ ᠴᠥᠮ ᠲᠡᠦᠬᠡ᠎ᠶ᠋ᠢᠨ ᠲᠡᠮᠳᠡᠭ᠌ᠯᠡᠯ᠎ᠢ ᠱᠢᠨᠡᠳᠭᠡᠪᠡ᠃
ᠱᠠᠩᠨᠠᠯ᠎ᠤᠨ ᠮᠧᠳᠠᠯ ᠨᠢᠭᠡ ᠪᠦᠷᠢ᠎ᠶ᠋ᠢᠨ ᠠᠷᠤ᠎ᠳᠤ ᠴᠥᠮ ᠲᠠᠮᠢᠷᠴᠢᠳ᠎ᠤᠨ ᠪᠡᠶ᠎ᠡ ᠮᠠᠬᠠᠪᠣᠳ᠎ᠤᠨ ᠬᠢᠵᠠᠭᠠᠷᠯᠠᠯ ᠵᠢᠡᠨ ᠢᠯᠡᠨ ᠳᠠᠪᠠᠵᠤ᠂ ᠥᠪᠡᠷ᠎ᠢ ᠪᠠᠨ ᠬᠦᠴᠦᠷᠭᠡᠭᠵᠢᠬᠦᠯᠬᠦ ᠬᠠᠲᠠᠭᠤ ᠪᠠᠷᠢᠮᠲᠠᠯᠠᠯ ᠪᠠᠢᠳᠠᠭ᠃ ᠡᠨᠡ ᠬᠦ᠌ 94 ᠱᠠᠩᠨᠠᠯ᠎ᠤᠨ ᠮᠧᠳᠠᠯ᠎ᠤᠨ ᠬᠢᠷᠢ ᠪᠦᠲᠦᠮᠵᠢ᠎ᠶ᠋ᠢᠨ ᠬᠠᠭᠤᠳᠠᠰᠤ᠎ᠨᠢ ᠲᠣᠭᠠᠨ᠎ᠤ ᠱᠢᠪᠲᠤᠯᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠵᠡᠮᠳᠡᠭ᠌ᠴᠦᠳ᠎ᠦᠨ ᠱᠢᠷᠭᠠᠭᠤ ᠴᠢᠷᠮᠠᠢᠯᠭ᠎ᠠ᠎ᠪᠠᠷ᠎ᠢᠶᠠᠨ ᠪᠢᠴᠢᠭ᠌ᠯᠡᠭ᠌ᠰᠡᠨ ᠲᠡᠮᠡᠴᠡᠯ᠎ᠦᠨ ᠬᠠᠭᠤᠳᠠᠰᠤ ᠪᠣᠯᠤᠨ᠎ᠠ᠃