ᠨᠢᠳᠦᠨ ᠤ᠋ ᠰᠠᠯᠠᠭ᠎ᠠ ᠵᠢᠨ ᠬᠠᠮᠢᠶᠠᠷᠤᠯᠲᠠ ᠵᠢᠨ ᠲᠤᠰᠬᠠᠢ ᠡᠷᠳᠡᠮ ᠰᠢᠨᠵᠢᠯᠡᠭᠡᠨ ᠤ᠋ ᠬᠤᠷᠠᠯ ᠪᠤᠯᠪᠠ
2025-12-19 16:46:06
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ ᠤ᠋ᠨ ᠨᠠᠭᠠᠠᠬᠤ ᠤᠬᠠᠭᠠᠨ ᠤ᠋ ᠶᠡᠭᠡ ᠰᠤᠷᠭᠠᠭᠤᠯᠢ ᠵᠢᠨ ᠬᠠᠷᠢᠶᠠᠳᠤ ᠡᠮᠨᠡᠯᠭᠡ ᠵᠢᠨ ᠬᠢᠨ ᠨᠢᠳᠦᠨ ᠤ᠋ ᠰᠠᠯᠠᠭ᠎ᠠ ᠵᠢᠨ ᠬᠠᠮᠢᠶᠠᠷᠤᠯᠲᠠ ᠵᠢᠨ ᠲᠤᠰᠬᠠᠢ ᠡᠷᠳᠡᠮ ᠰᠢᠨᠵᠢᠯᠡᠭᠡᠨ ᠤ᠋ ᠬᠤᠷᠠᠯ ᠢ᠋ ᠡᠷᠬᠢᠯᠡᠨ ᠬᠤᠷᠠᠯᠳᠤᠭᠤᠯᠪᠠ᠃

ᠬᠤᠷᠠᠯ ᠳ᠋ᠤ᠌᠂ ᠨᠢᠳᠦᠨ ᠤ᠋ ᠰᠠᠯᠠᠭ᠎ᠠ ᠵᠢᠨ ᠡᠮᠴᠢᠯᠡᠭᠡᠨ ᠤ᠋ ᠮᠡᠷᠭᠡᠵᠢᠯ᠂ ᠰᠤᠪᠢᠯᠠᠯᠲᠠ ᠵᠢᠨ ᠴᠢᠳᠠᠪᠤᠷᠢᠲᠠᠨ ᠢ᠋ ᠬᠥᠮᠦᠵᠢᠭᠦᠯᠬᠦ᠂ ᠵᠢᠭᠠᠨ ᠰᠤᠷᠭᠠᠯᠲᠠ ᠵᠢᠨ ᠵᠠᠭᠪᠤᠷ ᠤ᠋ᠨ ᠰᠢᠨ᠎ᠡ ᠵᠢ ᠡᠭᠦᠳᠬᠦ᠂ ᠣᠢᠷ᠎ᠠ ᠬᠠᠷᠠᠭ᠎ᠠ ᠵᠢ ᠰᠡᠷᠭᠡᠢᠯᠡᠨ ᠡᠵᠡᠮᠳᠡᠬᠦ ᠵᠡᠷᠭᠡ ᠬᠦᠷᠢᠶᠡᠨ ᠳ᠋ᠦ᠍ ᠠᠩᠬᠠᠷᠤᠯ ᠵᠢᠠᠨ ᠬᠠᠨᠳᠤᠭᠤᠯᠵᠤ᠂ ᠳᠤᠮᠳᠠᠳᠤ ᠤᠯᠤᠰ ᠤ᠋ᠨ ᠠᠷᠠᠳ ᠤ᠋ᠨ ᠴᠢᠯᠥᠭᠡᠯᠡᠬᠦ ᠴᠡᠷᠢᠭ ᠤ᠋ᠨ ᠶᠡᠷᠦᠩᠬᠡᠢ ᠡᠮᠨᠡᠯᠭᠡ ᠵᠢᠨ ᠬᠣᠷᠢᠶ᠎ᠠ᠂ ᠪᠡᠭᠡᠵᠢᠩ ᠤ᠋ᠨ ᠲᠦᠩ ᠷᠸᠨ ᠡᠮᠨᠡᠯᠭᠡ ᠵᠢᠨ ᠬᠣᠷᠢᠶ᠎ᠠ ᠵᠡᠷᠭᠡ ᠤᠯᠤᠰ ᠤ᠋ᠨ ᠳᠣᠲᠣᠭᠠᠳᠤ ᠵᠢᠨ ᠨᠡᠷᠡᠲᠦ ᠲᠤᠰᠬᠠᠢ ᠮᠡᠷᠭᠡᠵᠢᠯᠲᠡᠨ ᠢ᠋ ᠤᠷᠢᠵᠤ ᠡᠷᠳᠡᠮ ᠰᠢᠨᠵᠢᠯᠡᠭᠡᠨ ᠤ᠋ ᠤᠯᠤᠯᠳᠠ ᠲᠦᠷᠦᠭᠳᠡᠯ ᠵᠢᠡᠨ ᠬᠤᠪᠢᠶᠠᠯᠴᠠᠵᠤ᠂ ᠨᠢᠳᠦᠨ ᠤ᠋ ᠰᠠᠯᠠᠭ᠎ᠠ ᠵᠢᠨ ᠬᠠᠮᠢᠶᠠᠷᠤᠯᠲᠠ ᠵᠢᠴᠢ ᠡᠮᠴᠢᠯᠡᠭᠡᠨ ᠤ᠋ ᠦᠢᠯᠡᠳᠦᠯᠭᠡ ᠳ᠋ᠦ᠍ ᠡᠯᠪᠡᠭ ᠪᠠᠶᠠᠯᠢᠭ ᠰᠡᠳᠬᠢᠴᠡ ᠪᠠ ᠲᠤᠷᠰᠢᠯᠭ᠎ᠠ ᠵᠢ ᠬᠠᠩᠭᠠᠵᠠᠢ᠃ 

ᠲᠤᠰ ᠤᠳᠠᠭᠠᠨ ᠤ᠋ ᠨᠢᠳᠦᠨ ᠤ᠋ ᠰᠠᠯᠠᠭ᠎ᠠ ᠵᠢᠨ ᠬᠠᠮᠢᠶᠠᠷᠤᠯᠲᠠ ᠵᠢᠨ ᠲᠤᠰᠬᠠᠢ ᠡᠷᠳᠡᠮ ᠰᠢᠨᠵᠢᠯᠡᠭᠡᠨ ᠤ᠋ ᠬᠤᠷᠠᠯ ᠢ᠋ ᠡᠷᠬᠢᠯᠡᠨ ᠬᠤᠷᠠᠯᠳᠤᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ᠋ ᠨᠢᠳᠦᠨ ᠤ᠋ ᠰᠠᠯᠠᠭ᠎ᠠ ᠵᠢᠨ ᠡᠮᠴᠢᠯᠡᠭᠡ ᠵᠢᠴᠢ ᠬᠠᠮᠢᠶᠠᠷᠤᠯᠲᠠ ᠵᠢᠨ ᠬᠦᠷᠢᠶ᠎ᠡ ᠬᠡᠪᠴᠢᠶᠡᠨ ᠳ᠋ᠡᠬᠢ ᠲᠤᠰᠬᠠᠢ ᠮᠡᠷᠭᠡᠵᠢᠯ ᠤ᠋ᠨ ᠬᠥᠮᠦᠰ ᠲᠦ᠍ ᠥᠨᠳᠥᠷ ᠲᠦᠪᠰᠢᠨ ᠪᠦᠬᠦᠢ ᠰᠣᠯᠢᠯᠴᠠᠭᠠᠨ ᠤ᠋ ᠲᠠᠪᠴᠠᠩ ᠢ᠋ ᠬᠠᠡᠭᠭᠠᠵᠤ᠂ ᠨᠢᠳᠦᠨ ᠤ᠋ ᠰᠠᠯᠠᠭ᠎ᠠ ᠵᠢᠨ ᠬᠠᠮᠢᠶᠠᠷᠤᠯᠲᠠ ᠵᠢᠨ ᠣᠢᠯᠠᠭᠠᠭᠳᠠᠬᠤᠨ᠂ ᠡᠮᠴᠢᠯᠡᠭᠡᠨ ᠤ᠋ ᠮᠡᠷᠭᠡᠵᠢᠯ᠂ ᠵᠢᠭᠠᠨ ᠰᠤᠷᠭᠠᠯᠲᠠ ᠵᠢᠨ ᠵᠠᠭᠪᠤᠷ ᠤ᠋ᠨ ᠰᠢᠨ᠎ᠡ ᠵᠢ ᠡᠭᠦᠳᠬᠦ ᠪᠠ ᠬᠥᠭᠵᠢᠬᠦᠯᠬᠦ ᠎ᠳᠤ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号