ᠤᠢᠷ᠎ᠠ᠎ᠳᠤ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠠ᠋ᠴᠠ ᠭᠣᠣᠯᠯᠠᠨ ᠡᠷᠭᠢᠯᠡᠭᠰᠡᠨ ᠬᠠᠮᠲᠤ᠎ᠶᠢᠨ ᠬᠠᠭᠠᠰ ᠡᠳᠦᠷ᠎ᠦᠨ ᠵᠢᠭᠠᠨ ᠰᠤᠷᠭᠠᠯᠲᠠ ᠰᠤᠳᠤᠯᠭᠠᠨ ᠵᠢᠴᠢ ᠬᠢᠯᠢ᠎ᠶᠢᠨ ᠬᠣᠰᠢᠭᠤ ᠰᠢᠶᠠᠨ᠎ᠤ 《ᠤᠯᠤᠰ᠎ᠤᠨ ᠡᠭᠦᠳᠡᠨ᠎ᠦ ᠰᠤᠷᠭᠠᠭᠤᠯᠢ》 ᠵᠢᠨ ᠠᠯᠤᠰ ᠵᠢᠭᠠᠨ ᠰᠤᠷᠭᠠᠯᠳᠠ ᠵᠢᠨ ᠰᠤᠳᠤᠯᠭᠠᠨ᠎ᠤ ᠠᠵᠢᠯᠯᠠᠭ᠎ᠠ ᠵᠢᠨ ᠡᠬᠢᠯᠡᠯᠲᠡ᠎ᠶᠢᠨ ᠶᠣᠰᠣᠯᠠᠯ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠡᠬᠢ ᠬᠤᠪᠢᠶᠠᠷᠢ ᠰᠤᠷᠭᠠᠭᠤᠯᠢ᠎ᠳᠤ ᠶᠠᠪᠤᠭᠳᠠᠪᠠ᠃
ᠠᠵᠢᠯᠯᠠᠭ᠎ᠠ ᠨᠢ ᠰᠢᠭᠤᠳ ᠨᠡᠪᠲᠡᠷᠡᠭᠦᠯᠭᠡ᠎ᠶᠢᠨ ᠬᠡᠯᠪᠡᠷᠢ᠎ᠪᠡᠷ ᠬᠢᠯᠢ ᠵᠢᠨ ᠬᠣᠰᠢᠭᠤ ᠰᠢᠶᠠᠨ᠎ᠤ 《ᠤᠯᠤᠰ᠎ᠤᠨ ᠡᠭᠦᠳᠡᠨ᠎ᠦ ᠰᠤᠷᠭᠠᠭᠤᠯᠢ》 ᠵᠢᠴᠢ ᠬᠣᠯᠪᠣᠭᠠᠲᠤ ᠰᠤᠷᠭᠠᠭᠤᠯᠢ᠎ᠶᠢ ᠬᠠᠮᠤᠷᠴᠤ᠂ ᠬᠢᠯᠢ ᠬᠢᠵᠠᠭᠠᠷ ᠣᠷᠣᠨ᠎ᠤ ᠵᠢᠭᠠᠨ ᠰᠤᠷᠭᠠᠯᠳᠠ ᠵᠢᠨ ᠰᠤᠳᠤᠯᠭᠠᠨ᠎ᠤ ᠪᠡᠷᠬᠡ ᠰᠡᠳᠦᠪ᠎ᠢ ᠰᠢᠢᠳᠪᠦᠷᠢᠯᠡᠵᠦ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠡᠩᠴᠡᠭᠦᠷᠢᠲᠡᠢ ᠰᠢᠯᠵᠢᠯᠲᠡ᠎ᠶᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠰᠠᠭᠤᠷᠢ ᠰᠤᠷᠭᠠᠨ ᠬᠥᠮᠦᠵᠢᠯ᠎ᠦᠨ ᠰᠢᠯᠢᠳᠡᠭ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠵᠢ ᠵᠤᠷᠢᠵᠠᠢ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ 《ᠪᠠᠭ᠍ᠰᠢ᠎ᠶᠢᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ》 ᠤ᠋ᠨ ᠫᠠᠢᠰᠠ ᠰᠡᠬᠦᠬᠦ ᠶᠣᠰᠣᠯᠠᠯ ᠶᠠᠪᠤᠭᠤᠯᠵᠤ᠂ ᠲᠣᠰ ᠰᠤᠷᠭᠠᠭᠤᠯᠢ᠎ᠶᠢᠨ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠬᠦᠭᠵᠢᠯᠳᠡ ᠬᠢᠭᠡᠳ ᠵᠢᠭᠠᠨ ᠰᠤᠷᠭᠠᠯᠳᠠ ᠵᠢᠨ ᠰᠤᠳᠤᠯᠭᠠᠨ᠎ᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ ᠢ ᠰᠢᠰᠲᠧᠮᠵᠢᠭᠦᠯᠦᠨ ᠵᠢᠷᠤᠮᠵᠢᠭᠤᠯᠵᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠎ᠳᠦ ᠰᠠᠭᠤᠷᠢ ᠲᠠᠯᠪᠢᠭᠰᠠᠨ ᠪᠠᠢᠨ᠎ᠠ᠃
ᠡᠬᠢᠯᠡᠯᠲᠡ᠎ᠶᠢᠨ ᠶᠣᠰᠣᠯᠠᠯ᠎ᠤᠨ ᠳᠠᠷᠠᠭ᠎ᠠ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠡᠬᠢ ᠬᠤᠪᠢᠶᠠᠷᠢ ᠰᠤᠷᠭᠠᠭᠤᠯᠢ ᠨᠢ ᠰᠢᠭᠤᠳ ᠨᠡᠪᠲᠡᠷᠡᠭᠦᠯᠭᠡ᠎ᠪᠡᠷ ᠬᠢᠯᠢ ᠬᠢᠵᠠᠭᠠᠷ ᠣᠷᠣᠨ ᠵᠢᠴᠢ ᠬᠣᠯᠪᠣᠭᠠᠲᠤ ᠰᠤᠷᠭᠠᠭᠤᠯᠢ ᠳᠤ 《ᠬᠣᠶᠠᠷ ᠤᠳᠠᠭ᠎ᠠ ᠳᠥᠷᠪᠡᠨ ᠠᠯᠬᠤᠮ᠎ᠳᠤ》 ᠬᠠᠮᠲᠤ᠎ᠪᠠᠷ ᠬᠢᠴᠢᠶᠡᠯ ᠪᠡᠯᠡᠳᠬᠡᠭᠰᠡᠨ ᠦᠷ᠎ᠡ ᠪᠦᠲᠦᠭᠡᠯ ᠢ ᠳᠡᠯᠭᠡᠷᠡᠭᠦᠯᠵᠦ᠂ ᠪᠣᠶ᠋ᠢᠳᠠ ᠪᠥᠭᠯᠡᠭᠦᠦ ᠭᠠᠵᠠᠷ ᠣᠷᠣᠨ᠎ᠤ ᠪᠠᠭ᠍ᠰᠢ ᠨᠠᠷ᠎ᠢ ᠬᠢᠴᠢᠶᠡᠯ ᠬᠥᠮᠦᠵᠢᠯ᠎ᠦᠨ ᠭᠤᠤᠯᠳᠠᠯᠭ᠎ᠠ᠎ᠳᠤ ᠵᠢᠭᠠᠨ ᠰᠤᠷᠭᠠᠯᠳᠠ ᠵᠢᠨ ᠰᠤᠳᠤᠯᠭᠠᠨ ᠳ᠋ᠤ ᠣᠷᠣᠯᠴᠠᠭᠤᠯᠵᠤ᠂ ᠭᠠᠵᠠᠷ ᠣᠷᠣᠨ᠎ᠤ ᠬᠢᠵᠠᠭᠠᠷᠯᠠᠯ᠎ᠢ ᠡᠪᠳᠡᠵᠦ᠂ ᠬᠥᠮᠥᠨ ᠢ᠋ ᠬᠥᠮᠥᠵᠢᠭᠦᠯᠬᠦ ᠬᠠᠮᠳᠤᠷᠠᠯ ᠬᠦᠴᠦᠨ᠎ᠢ ᠨᠢᠭ᠍ᠲᠠᠷᠠᠭᠤᠯᠵᠦ᠂ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠬᠠᠮᠵᠢᠯᠴᠠᠨ ᠬᠥᠭᠵᠢᠬᠦ ᠬᠣᠯᠪᠣᠭᠠᠰᠤ᠎ᠶᠢ ᠪᠠᠢᠭᠤᠯᠪᠠ᠃