ᠰᠤᠷᠭᠠᠭᠤᠯᠢ ᠵᠢᠨ ᠬᠦᠷᠢᠶᠡᠨ ᠤ᠋ ᠡᠷᠡᠭᠦᠯ ᠬᠠᠮᠠᠭᠠᠯᠠᠯ ᠤ᠋ᠨ ᠰᠡᠷᠭᠡᠢᠯᠡᠯᠲᠡ ᠵᠢᠨ ᠱᠤᠭᠤᠮ ᠢ᠋ ᠪᠠᠲᠤ ᠴᠤᠭᠴᠠᠯᠠᠨ᠎ᠠ
2025-12-19 16:30:45
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠣᠢᠷ᠎ᠠ ᠳ᠋ᠤ᠌ ᠮᠠᠨᠵᠤᠤᠷ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠥᠪᠯᠡᠯ᠎ᠤᠨ ᠬᠢᠨ ᠰᠤᠷᠭᠠᠨ ᠬᠥᠮᠦᠵᠢᠯ ᠤ᠋ᠨ ᠲᠣᠪᠴᠢᠶ᠎ᠠ ᠲᠠᠢ ᠬᠠᠮᠲᠤᠷᠠᠨ 2025 ᠣᠨ ᠤ᠋ ᠬᠡᠦᠭᠡᠳ ᠤ᠋ᠨ ᠴᠡᠴᠡᠷᠯᠢᠭ ᠲᠦ᠍ ᠣᠷᠣᠭᠰᠠᠨ᠂ ᠰᠤᠷᠭᠠᠭᠤᠯᠢ ᠳ᠋ᠤ᠌ ᠣᠷᠣᠭᠰᠠᠨ ᠬᠡᠦᠭᠡᠳ ᠤ᠋ᠨ ᠸᠠᠺᠼᠢᠨ ᠤ᠋ ᠲᠠᠷᠢᠯᠭ᠎ᠠ ᠵᠢᠨ ᠦᠨᠡᠮᠯᠡᠯ ᠢ᠋ ᠪᠠᠢᠴᠠᠭᠠᠨ ᠰᠢᠯᠭᠠᠬᠤ ᠠᠵᠢᠯ ᠢ᠋ ᠲᠤᠰᠬᠠᠢ ᠱᠠᠯᠠᠪᠳᠠᠭᠤᠯᠤᠨ ᠪᠠᠢᠴᠠᠭᠠᠵᠤ᠂ ᠨᠠᠷᠢᠨ ᠣᠨᠣᠴᠠᠲᠠᠢ ᠬᠢᠨᠠᠨ ᠬᠠᠮᠢᠶᠠᠷᠴᠤ ᠬᠡᠦᠬᠡᠳ ᠤ᠋ᠨ ᠡᠷᠡᠭᠦᠯ ᠮᠡᠨᠳᠦ ᠵᠢᠨ ᠬᠠᠮᠠᠭᠠᠯᠠᠯᠲᠠ ᠵᠢᠨ ᠲᠣᠣᠷ ᠢ᠋ ᠪᠠᠲᠤ ᠰᠦᠯᠵᠢᠵᠤ ᠪᠠᠢᠨ᠎ᠠ᠃

ᠲᠤᠰ ᠤᠳᠠᠭᠠᠨ ᠤ᠋ ᠱᠠᠯᠠᠪᠳᠠᠭᠤᠯᠤᠨ ᠪᠠᠢᠴᠠᠭᠠᠯᠳᠠ ᠵᠢᠨ ᠠᠵᠢᠯ ᠨᠢ ᠪᠥᠬᠥ ᠬᠣᠲᠠ ᠵᠢᠨ 15 ᠬᠡᠦᠬᠡᠳ ᠤ᠋ᠨ ᠴᠡᠴᠡᠷᠯᠢᠭ (ᠬᠡᠦᠭᠡᠳ ᠢ᠋᠎ᠨᠠᠢᠳᠠᠨ ᠬᠥᠮᠦᠵᠢᠭᠦᠯᠬᠦ ᠭᠠᠵᠠᠷ) ᠤ᠋ᠨ ᠪᠠᠢᠭᠤᠯᠤᠮᠵᠢ ᠵᠢᠴᠢ ᠪᠠᠭ᠎ᠠ ᠰᠤᠷᠭᠠᠭᠤᠯᠢ ᠵᠢ ᠪᠦᠬᠦᠨ ᠢ᠋ ᠬᠠᠮᠤᠷᠤᠭᠰᠠᠨ ᠪᠠᠢᠨ᠎ᠠ᠃ ᠬᠡᠦᠭᠡᠳ ᠤ᠋ᠨ ᠸᠠᠺᠼᠢᠨ ᠤ᠋ ᠲᠠᠷᠢᠯᠭ᠎ᠠ ᠵᠢᠨ ᠦᠨᠡᠮᠯᠡᠯ ᠢ᠋ ᠪᠠᠢᠴᠠᠭᠠᠨ ᠰᠢᠯᠭᠠᠬᠤ ᠠᠵᠢᠯ ᠢ᠋ ᠪᠠᠢᠭᠤᠯᠤᠮᠵᠢ ᠵᠢᠨ ᠰᠤᠷᠤᠭᠴᠢ ᠡᠯᠰᠡᠬᠦ ᠳᠦᠷᠢᠮ ᠳ᠋ᠤ ᠤᠷᠤᠭᠤᠯᠤᠭᠰᠠᠨ ᠡᠰᠡᠭᠦ᠂ ᠪᠠᠢᠴᠠᠭᠠᠨ ᠰᠢᠯᠭᠠᠭᠰᠠᠨ ᠲᠡᠮᠳᠡᠭᠯᠡᠯ ᠨᠢ ᠵᠢᠷᠤᠮᠵᠢᠯ ᠲᠠᠢ ᠪᠦᠷᠢᠨ ᠭᠦᠢᠴᠡᠳ ᠪᠠᠢᠬᠤ ᠡᠰᠡᠬᠦ᠂ ᠳᠠᠷᠢᠯᠭ᠎ᠠ ᠬᠢᠭᠰᠡᠨ ᠦᠭᠡᠢ ᠬᠡᠦᠬᠡᠳ ᠲᠦ᠍ ᠴᠠᠭ ᠲᠤᠬᠠᠢ ᠳ᠋ᠤᠨᠢ ᠨᠥᠬᠥᠵᠦ ᠲᠠᠷᠢᠬᠤ ᠡᠰᠡᠬᠦ ᠵᠡᠷᠭᠡ ᠵᠠᠩᠭᠢᠯᠠᠭ᠎ᠠ ᠵᠢᠨ ᠠᠭᠤᠯᠭ᠎ᠠ ᠳ᠋ᠤ᠌ ᠭᠣᠣᠯᠳᠠᠯᠭ᠎ᠠ ᠲᠠᠢ ᠰᠢᠯᠭᠠᠨ ᠪᠠᠢᠴᠠᠭᠠᠪᠠ᠃ ᠪᠠᠢᠴᠠᠭᠠᠯᠳᠠ ᠵᠢᠨ ᠳᠤᠭᠤᠢᠯᠠᠩ ᠲᠤᠬᠠᠢ ᠵᠢᠨ ᠲᠠᠯᠠᠪᠠᠢ ᠳ᠋ᠤ᠌ ᠮᠠᠲ᠋ᠧᠷᠢᠶᠠᠯ ᠢ᠋ ᠪᠠᠢᠴᠠᠭᠠᠨ ᠦᠵᠡᠬᠦ᠂ ᠰᠠᠨᠠᠯ ᠵᠢᠡᠨ ᠰᠣᠯᠢᠯᠴᠠᠨ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ᠂ ᠡᠯ᠎ᠡ ᠨᠢᠭᠡᠴᠢ ᠵᠢᠨ ᠠᠵᠢᠯ ᠢ᠋ ᠠᠬᠢᠭᠤᠯᠵᠤ ᠪᠠᠢᠭ᠎ᠠ ᠪᠠᠢᠳᠠᠯ ᠢ᠋ ᠪᠥᠬᠥ ᠲᠠᠯ᠎ᠠ ᠪᠠᠷ ᠡᠵᠡᠮᠰᠢᠵᠦ᠂ ᠬᠦᠷᠦᠯᠴᠡᠬᠦ ᠦᠭᠡᠢ ᠲᠠᠯ᠎ᠠ ᠳ᠋ᠤᠨᠢ ᠬᠠᠨᠳᠤᠭᠤᠯᠤᠨ ᠣᠨᠣᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠰᠬᠠᠢᠵᠢᠭᠰᠠᠨ ᠵᠢᠯᠣᠭᠣᠳᠬᠤ ᠰᠠᠨᠠᠭᠤᠯᠭ᠎ᠠ ᠥᠭᠬᠦᠭᠰᠡᠨ ᠮᠥᠷᠲᠡᠭᠡᠨ ᠪᠠᠰᠠ ᠳᠠᠷᠠᠭᠠᠴᠢ ᠵᠢᠨ ᠠᠯᠬᠤᠮ ᠤ᠋ᠨ ᠠᠵᠢᠯ ᠤ᠋ᠨ ᠪᠠᠷᠢᠮᠵᠢᠶ᠎ᠠ ᠪᠠ ᠠᠬᠢᠭᠤᠯᠬᠤ ᠴᠠᠭ ᠤ᠋ᠨ ᠬᠢᠵᠠᠭᠠᠷ ᠢ᠋ ᠲᠣᠳᠣᠷᠬᠠᠢᠯᠠᠵᠠᠢ᠃

ᠡᠨᠡ ᠤᠳᠠᠭᠠᠨ ᠤ᠋ ᠱᠠᠯᠠᠪᠳᠠᠭᠤᠯᠤᠨ ᠪᠠᠢᠴᠠᠭᠠᠯᠲᠠ ᠳ᠋ᠤ᠌ ᠡᠷᠡᠭᠦᠯ ᠬᠠᠮᠠᠭᠠᠯᠠᠯ ᠪᠣᠯᠤᠨ ᠰᠤᠷᠭᠠᠨ ᠬᠥᠮᠦᠵᠢᠯ ᠤ᠋ᠨ ᠰᠠᠯᠠᠭ᠎ᠠ ᠮᠥᠴᠢᠷ ᠤ᠋ᠨ ᠬᠠᠮᠵᠢᠯᠴᠠᠭ᠎ᠠ ᠵᠢᠨ ᠲᠣᠭᠲᠠᠴᠠ ᠵᠢ ᠭᠦᠨᠵᠡᠭᠡᠢᠷᠡᠭᠦᠯᠵᠦ ᠰᠤᠷᠭᠠᠭᠤᠯᠢ ᠵᠢᠨ ᠬᠦᠷᠢᠶᠡᠨ ᠤ᠋ ᠬᠡᠦᠭᠡᠳ ᠤ᠋ᠨ ᠸᠠᠺᠼᠢᠨ ᠤ᠋ ᠲᠠᠷᠢᠯᠭ᠎ᠠ ᠵᠢᠨ ᠦᠨᠡᠮᠯᠡᠯ ᠢ᠋ ᠪᠠᠢᠴᠠᠭᠠᠬᠤ ᠠᠵᠢᠯ ᠢ᠋ ᠪᠠᠢᠩᠭᠤᠵᠢᠭᠤᠯᠬᠤ᠂ ᠵᠢᠷᠤᠮᠵᠢᠭᠤᠯᠬᠤ᠂ ᠨᠠᠷᠢᠯᠢᠭᠵᠢᠭᠤᠯᠬᠤ ᠳᠠᠢᠰᠢ ᠠᠬᠢᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号