ᠬᠦᠰᠡᠯ ᠨᠠᠢᠳᠠᠯᠭ᠎ᠠ ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ ᠎ᠳᠦ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ ᠪᠠᠶᠠᠨᠨᠠᠭᠤᠷ ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
2025-12-19 12:47:38
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆


ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠾᠧ ᠸᠧᠶ ᠬᠤᠸᠠ᠎ᠶ᠋ᠢ ᠰᠤᠷᠪᠤᠯᠵᠢᠯᠠᠭ᠍ᠰᠠᠨ᠎ᠨᠢ

  

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠨᠢ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠎ᠳᠤ ᠥᠪᠥᠷ ᠮᠣᠩᠭᠣᠯ ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ᠎ᠳᠤ ᠣᠷᠣᠨ ᠪᠠᠢᠷᠢ ᠵᠢ ᠲᠣᠭ᠍ᠲᠠᠭᠠᠨ᠂ ᠵᠠᠮ ᠱᠤᠭᠤᠮ᠎ᠢ ᠲᠣᠳᠣᠷᠬᠠᠶ ᠪᠣᠯᠭᠠᠪᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠱᠦᠵᠢ ᠾᠧ ᠸᠧᠶ ᠬᠤᠸᠠ᠎ᠶ᠋ᠢ ᠰᠤᠷᠪᠤᠯᠵᠢᠯᠠᠪᠠ᠃

ᠾᠧ ᠸᠧᠢ ᠬᠤᠸᠠ᠂ ᠪᠠᠶᠠᠨᠨᠠᠭᠤᠷ ᠬᠣᠲᠠ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠦᠪ ᠬᠣᠷᠢᠶ᠎ᠠ᠎ᠶ᠋ᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠪᠦᠬᠦ᠌ ᠲᠠᠯ᠎ᠠ᠎ᠪᠠᠷ ᠵᠣᠯᠭᠠᠭᠤᠯᠵᠤ᠂ ᠨᠡᠪᠳᠡᠷᠡᠯᠴᠡᠬᠦᠯᠦᠨ ᠠᠬᠢᠭᠤᠯᠵᠤ᠂ ᠡᠯ᠎ᠡ ᠵᠦᠶ᠋ᠯ᠎ᠦᠨ ᠡᠭᠦᠷᠭᠡ᠎ᠶ᠋ᠢᠨ ᠱᠠᠭᠠᠷᠳᠠᠯᠭ᠎ᠠ᠎ᠶ᠋ᠢ ᠠᠵᠢᠯᠯᠠᠭᠠᠨ᠎ᠤ ᠲᠥᠰᠦᠯ ᠪᠣᠯᠭᠠᠨ ᠬᠤᠪᠢᠷᠠᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠣᠳᠣ ᠦᠶ᠎ᠡ ᠎ᠶ᠋ᠢᠨ ᠥᠨᠳᠥᠷ ᠪᠦᠲᠦᠮᠵᠢᠲᠡᠶ ᠲᠠᠷᠢᠶᠠᠯᠠᠩ᠂ ᠬᠢᠯᠢ ᠳᠠᠭᠠᠤ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ ᠲᠠᠯ᠎ᠡ ᠪᠡᠷ ᠪᠦᠬᠦ᠌ ᠣᠷᠣᠨ᠎ᠤ ᠡᠮᠦᠨ᠎ᠡ ᠡᠩᠨᠡᠭᠡᠨ᠎ᠳᠦ ᠶᠠᠪᠤᠬᠤ ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ ᠵᠢ ᠲᠤᠷᠠᠳᠴᠤ᠂ ᠪᠦᠬᠦ᠌ ᠤᠯᠤᠰ ᠪᠦᠬᠦ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠢᠯᠡᠭᠦᠬᠡᠨ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠵᠤ᠂ ᠪᠣᠳᠠᠲᠤ ᠠᠵᠢᠯᠯᠠᠭ᠎ᠠ ᠪᠠ ᠠᠵᠢᠯ᠎ᠤᠨ ᠦᠷ᠎ᠡ ᠪᠦᠲᠦᠮᠵᠢ᠎ᠪᠡᠷ 《ᠬᠣᠶᠠᠷ ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》  ᠶ᠋ᠢ ᠡᠷᠡᠰ ᠪᠡᠶᠡᠯᠡᠭᠦᠯᠦᠨ᠎ᠡ᠃

ᠨᠢᠭᠡ᠂ ᠠᠮᠢ ᠠᠬᠤᠢ᠎ᠶ᠋ᠢᠨ ᠪᠠᠷᠢᠮᠵᠢᠶ᠎ᠠ ᠵᠢ ᠴᠢᠩᠳᠠᠯᠠᠵᠦ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤᠳᠭᠠᠨ᠎ᠠ᠃ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠶ᠋ᠢ ᠯᠠᠪᠳᠠᠭᠤᠨ ᠪᠠᠲᠤᠲᠠᠶ ᠡᠭᠦᠷᠭᠡᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ᠌ ᠣᠷᠣᠨ᠎ᠢ ᠲᠦᠷᠭᠡᠳᠭᠡᠨ ᠪᠠᠢᠭᠤᠯᠤᠨ᠎ᠠ᠃ ᠭᠣᠣᠯ ᠬᠦᠴᠦᠨ ᠬᠣᠱᠢᠭᠤᠴᠢ᠎ᠶ᠋ᠢᠨ ᠲᠦᠷᠢ ᠲᠥᠷᠬᠦ᠌᠎ᠪᠡᠷ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠬᠠᠳᠤᠨ ᠭᠣᠣᠯ᠎ᠤᠨ 《ᠶᠡᠬᠡ ᠲᠤᠬᠤᠢ ᠤᠷᠤᠨ》 ᠤ᠋ ᠪᠣᠭᠣᠮᠲᠠ ᠱᠢᠪᠲᠤᠯᠬᠤ  ᠳᠠᠢᠯᠠᠯᠳᠤᠭᠠᠨ᠎ᠢ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ 《ᠳ᠋ᠸᠩᠺᠸᠤ ᠵᠢᠨ ᠵᠠᠭ᠍ᠪᠤᠷ》 ᠢ᠋ ᠪᠠᠶᠠᠯᠢᠭ᠍ᠵᠢᠭᠤᠯᠤᠨ ᠥᠷᠭᠡᠳᠭᠡᠵᠦ᠍᠂ ᠱᠢᠰᠲ᠋ᠧᠮ᠎ᠲᠡᠶ ᠵᠠᠰᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨ᠋ᠸᠷᠬᠢ ᠣᠯᠭᠣᠬᠤ᠂ ᠠᠵᠤ ᠦᠢᠯᠡᠰ᠎ᠢᠶᠡᠷ ᠳᠠᠢᠴᠢᠯᠠᠬᠤ᠂ ᠪᠦᠬᠦ᠌ ᠠᠷᠠᠳ᠎ᠢᠶᠠᠷ᠎ᠢᠶᠠᠨ ᠣᠷᠣᠯᠴᠠᠬᠤ᠂ ᠴᠢᠨᠠᠷ ᠰᠠᠢᠲᠠᠢ ᠥᠨᠳᠥᠷ ᠪᠦᠲᠦᠮᠵᠢᠲᠡᠢ ᠪᠠᠢᠬᠤ᠎ᠶ᠋ᠢ ᠪᠠᠷᠢᠮᠲᠠᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠢᠱ᠌ᠢᠶᠡᠴᠢ ᠳᠠᠭᠤᠷᠢᠶᠠᠯ ᠪᠣᠯᠤᠨ᠎ᠠ᠃ ᠤᠯᠠᠭᠠᠨᠰᠤᠬᠠᠢ ᠵᠢᠨ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠴᠡᠭ ᠰᠤᠷᠪᠤᠯᠵᠢ᠂ ᠤᠯᠠᠨ ᠡᠬᠢ ᠰᠤᠷᠪᠤᠯᠵᠢ᠂ ᠳᠣᠲᠣᠭᠠᠳᠤ ᠡᠬᠢ ᠰᠤᠷᠪᠤᠯᠵᠢ ᠵᠢᠨ ᠲᠠᠯ᠎ᠡ ᠪᠡᠷ ᠵᠡᠷᠭᠡ᠎ᠪᠡᠷ ᠬᠦᠴᠦᠯᠡᠵᠦ᠍᠂ ᠨᠠᠭᠤᠷ᠎ᠤᠨ ᠬᠥᠪᠡᠭᠡᠨ᠎ᠦ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠦᠢᠯᠡᠳᠪᠦᠷᠢᠯᠡᠯ ᠠᠮᠢᠳᠤᠷᠠᠯ ᠠᠮᠢ ᠠᠬᠤᠢ᠎ᠶ᠋ᠢ ᠵᠡᠷᠭᠡ᠎ᠪᠡᠷ ᠠᠳᠭᠤᠵᠤ᠂ ᠨᠠᠭᠤᠷ᠎ᠤᠨ ᠣᠷᠣᠨ᠎ᠤ ᠤᠰᠤᠨ᠎ᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠬᠦ᠌᠂ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠬᠤ᠂ ᠠᠵᠤ ᠦᠶ᠋ᠯᠡᠳᠪᠦᠷᠢ᠎ᠶ᠋ᠢᠨ ᠤᠰᠤ ᠡᠵᠡᠮᠳᠡᠬᠦ᠌᠂ ᠠᠮᠢ ᠠᠬᠤᠶ᠎ᠶ᠋ᠢᠨ ᠤᠰᠤ ᠬᠠᠮᠠᠭᠠᠯᠠᠬᠤ᠂ ᠬᠣᠲᠠ ᠬᠥᠳᠡᠭᠡ᠎ᠶ᠋ᠢᠨ ᠤᠰᠤ ᠠᠷᠪᠢᠯᠠᠨ ᠭᠠᠮᠨᠠᠬᠤ᠂ ᠲᠠᠬᠢᠮᠠᠯ ᠤᠰᠤ ᠵᠢ ᠪᠤᠴᠠᠭᠠᠨ ᠬᠡᠷᠡᠭ᠌ᠯᠡᠬᠦ᠌ 《ᠬᠠᠮ ᠠᠷᠭ᠎ᠠ》 ᠶ᠋ᠢ ᠰᠠᠢᠲᠤᠷ ᠬᠢᠵᠦ᠍᠂ 《ᠳᠥᠷᠪᠡ᠎ᠶ᠋ᠢ ᠬᠢᠵᠠᠭᠠᠷᠯᠠᠵᠤ ᠬᠣᠶᠠᠷ᠎ᠢ ᠪᠠᠲᠤᠯᠠᠬᠤ ᠨᠢᠭᠡ᠎ᠶ᠋ᠢ ᠴᠡᠭ᠌ᠴᠡᠯᠡᠨ ᠵᠠᠰᠠᠬᠤ》ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠨᠤᠲᠤᠭ ᠪᠡᠯᠴᠢᠭᠡᠷ᠎ᠦᠨ ᠠᠭᠤᠷᠬᠠᠶ᠎ᠶ᠋ᠢ ᠵᠠᠰᠠᠵᠤ ᠰᠡᠷᠭᠦᠭᠡᠬᠦ᠌᠎ᠶ᠋ᠢ ᠲᠦᠷᠭᠡᠳᠭᠡᠵᠦ᠍᠂ ᠨᠤᠲᠤᠭ ᠪᠡᠯᠴᠢᠭᠡᠷ᠎ᠢ ᠠᠮᠤᠷᠵᠢᠭᠤᠯᠤᠨ ᠰᠠᠢᠵᠢᠷᠠᠭᠤᠯᠬᠤ᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢ ᠵᠠᠰᠠᠬᠤ ᠶᠤᠰᠤᠳᠠᠢ ᠵᠢ ᠨᠢ ᠪᠦᠬᠦᠨ᠎ᠢ ᠵᠠᠰᠠᠬᠤ᠎ᠶ᠋ᠢ ᠠᠬᠢᠭᠤᠯᠤᠨ᠎ᠠ᠃

ᠬᠣᠶᠠᠷ᠂ ᠳᠠᠪᠠᠭᠤᠯᠢᠭ᠎ᠢᠶᠠᠨ ᠪᠠᠳᠠᠷᠠᠭᠤᠯᠵᠤ᠂ ᠣᠳᠣ ᠦᠶ᠎ᠡ᠎ᠶ᠋ᠢᠨ ᠲᠠᠷᠢᠶᠠᠯᠠᠩ᠎ᠤᠨ ᠳᠡᠰ ᠳᠡᠪᠱᠢᠬᠦ᠌᠎ᠶ᠋ᠢ ᠠᠬᠢᠭᠤᠯᠤᠨ᠎ᠠ᠃ ᠶᠡᠷᠦᠩᠬᠡᠶ ᠱᠦᠵᠢ᠎ᠶ᠋ᠢᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ ᠳ᠋ᠤ ᠣᠲᠣ ᠦᠶ᠎ᠡ᠎ᠶ᠋ᠢᠨ ᠥᠨᠳᠥᠷ ᠪᠦᠲᠦᠮᠵᠢᠲᠡᠶ ᠲᠠᠷᠢᠶᠠᠯᠠᠩ᠎ᠢ ᠶᠡᠬᠡ᠎ᠪᠡᠷ ᠬᠥᠭ᠌ᠵᠢᠭᠦᠯᠬᠦ᠌ ᠲᠤᠬᠠᠶ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠭᠠᠷᠤᠯᠲᠠ ᠦᠶ᠋ᠯᠡᠳᠪᠦᠷᠢᠯᠡᠯ᠎ᠦᠨ ᠴᠢᠳᠠᠪᠤᠷᠢ᠂ ᠦᠶ᠋ᠯᠡᠳᠪᠦᠷᠢᠯᠡᠯ ᠠᠮᠢ ᠠᠬᠤᠶ᠂ ᠭᠠᠷᠤᠯᠲᠠ ᠣᠷᠣᠯᠭ᠎ᠠ᠎ᠶ᠋ᠢᠨ ᠨᠡᠮᠡᠭ᠌ᠳᠡᠯ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠣᠲᠣ ᠦᠶ᠎ᠡ᠎ᠶ᠋ᠢᠨ ᠥᠨᠳᠥᠷ ᠪᠦᠲᠦᠮᠵᠢᠲᠡᠶ ᠲᠠᠷᠢᠶᠠᠯᠠᠩ ᠲᠥᠪᠯᠡᠷᠡᠭ᠌ᠰᠡᠨ ᠣᠷᠣᠨ᠎ᠢ ᠲᠦᠷᠭᠡᠳᠭᠡᠨ ᠪᠥᠲᠥᠭᠡᠨ ᠪᠠᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠲᠠᠷᠢᠶᠠᠯᠠᠩ᠎ᠤᠨ ᠲᠣᠮᠣ ᠬᠣᠲᠠ᠎ᠶ᠋ᠢᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ᠃ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠬᠤᠵᠢᠷᠯᠢᠭ ᠭᠠᠵᠠᠷ᠎ᠢ ᠶᠡᠷᠦᠩᠬᠡᠢᠯᠡᠨ ᠠᠱᠢᠭ᠍ᠯᠠᠬᠤ᠂ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠬᠤ ᠵᠡᠷᠭᠡ ᠲᠥᠷᠥᠯ ᠵᠦᠢᠯ᠎ᠢ ᠨᠢᠭᠡᠳᠦᠯᠲᠡᠢ ᠲᠥᠯᠥᠪᠵᠢᠬᠦᠯᠦᠨ ᠬᠡᠷᠡᠭ᠌ᠵᠢᠭᠦᠯᠵᠦ᠍᠂ ᠰᠠᠢᠨ ᠦᠷ᠎ᠡ ᠵᠢ ᠰᠤᠳᠤᠯᠤᠨ ᠨᠡᠭᠡᠭᠡᠵᠦ᠍ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠤᠨ᠂ ᠥᠪᠡᠷ᠎ᠦᠨ ᠥᠷᠲᠡᠭ᠎ᠢ᠎ᠨᠢ ᠪᠠᠭᠤᠷᠠᠭᠤᠯᠤᠨ ᠦᠷ᠎ᠡ ᠠᠱᠢᠭ᠎ᠢ᠎ᠨᠢ ᠨᠡᠮᠡᠭ᠌ᠳᠡᠭᠦᠯᠬᠦ᠌᠂ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ ᠪᠡᠷ ᠴᠢᠷᠮᠠᠢᠨ᠎ᠠ᠃ ᠱᠢᠯᠢᠳᠡᠭ ᠡᠭᠦᠯᠳᠡᠷ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ 《ᠳᠤᠮᠳᠠᠳᠤ ᠤᠯᠤᠰ᠎ᠤᠨ ᠬᠣᠨᠢᠨ᠎ᠤ ᠬᠤᠳᠠ》 ᠵᠢᠨ ᠳᠠᠪᠠᠭᠤᠯᠢᠭ ᠪᠠᠢᠷᠢ ᠰᠠᠭᠤᠷᠢ᠎ᠶ᠋ᠢ ᠪᠡᠬᠢᠵᠢᠭᠦᠯᠦᠨ᠎ᠡ᠃ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠴᠢᠨᠠᠷ ᠰᠠᠢᠲᠠᠶ ᠪᠡᠯᠴᠢᠭᠡᠷ ᠡᠪᠡᠰᠦ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠰᠠᠭᠠᠯᠢ᠎ᠶ᠋ᠢᠨ ᠦᠨᠢᠶ᠎ᠡ᠂ ᠮᠢᠬᠠᠨ ᠤ᠋ ᠦᠬᠡᠷ᠎ᠦᠨ ᠬᠡᠪᠴᠢᠶ᠎ᠡ᠎ᠶ᠋ᠢ ᠲᠣᠭ᠍ᠲᠠᠪᠤᠷᠢᠵᠢᠭᠤᠯᠤᠨ᠎ᠠ᠃ ᠲᠥᠬᠦᠭᠡᠷᠦᠮᠵᠢᠲᠦ ᠲᠠᠷᠢᠶᠠᠯᠠᠩ᠎ᠢ ᠶᠡᠬᠡ ᠪᠡᠷ ᠬᠥᠭ᠌ᠵᠢᠭᠦᠯᠵᠦ᠍᠂ ᠤᠢ᠎ᠶ᠋ᠢᠨ ᠳᠤᠳᠤᠷᠠᠬᠢ ᠠᠵᠤ ᠠᠬᠤᠶ᠂ ᠣᠨᠴᠠᠯᠢᠭ᠍ᠲᠤ ᠵᠢᠮᠢᠰ ᠢᠳᠡᠱᠢᠨ ᠨᠣᠭᠣᠭ᠎ᠠ ᠵᠡᠷᠭᠡ ᠠᠵᠤ ᠦᠢᠯᠡᠰ᠎ᠦᠨ ᠬᠥᠭ᠌ᠵᠢᠯᠲᠡ᠎ᠶ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠤᠨ᠎ᠠ᠃ ᠮᠠᠯ᠎ᠤᠨ ᠠᠱᠢᠭ ᠱᠢᠮ᠎ᠡ ᠳᠠᠷᠢᠶᠠᠯᠠᠩ᠎ᠤᠨ ᠪᠦᠳᠦᠭᠡᠭᠳᠡᠬᠦᠨ᠎ᠢ ᠨᠠᠷᠢᠯᠢᠭ ᠡᠳ᠋ᠰᠢᠬᠦᠯᠬᠦ ᠵᠢ ᠠᠬᠢᠭᠤᠯᠵᠦ᠂ ᠲᠠᠷᠢᠮᠠᠯ ᠨᠢ ᠡᠬᠢᠨ᠎ᠳᠤ ᠪᠦᠳᠦᠭᠡᠭ᠌ᠳᠡᠭᠦᠨ ᠨᠢ ᠰᠡᠭᠦᠯ᠎ᠳᠤ᠂ ᠬᠦᠳᠡᠭᠡ ᠠᠵᠤ ᠠᠬᠤᠢ ᠨᠢ ᠡᠬᠢᠨ᠎ᠳᠤ ᠠᠵᠤ ᠦᠢᠯᠡᠳᠪᠤᠷᠢ ᠨᠢ ᠰᠡᠭᠦᠯ᠎ᠳᠤ ᠪᠠᠢᠬᠤ ᠵᠢ ᠪᠠᠶᠠᠯᠠᠬᠦᠯᠵᠦ᠂ 《ᠪᠣᠷᠣᠲᠣᠬᠣᠢ᠎ᠶ᠋ᠢᠨ ᠲᠠᠷᠢᠶᠠᠯᠠᠩ ᠎ᠤᠨ ᠭᠠᠷᠤᠯᠲᠠ》 ᠎ᠶ᠋ᠢᠨ ᠠᠯᠳᠠᠷᠱᠢᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃

ᠭᠤᠷᠪᠠ᠂ ᠭᠤᠤᠯᠯᠠᠬᠤ ᠠᠵᠤ ᠦᠶ᠋ᠯᠡᠰ᠎ᠢ ᠬᠦᠴᠦᠷᠬᠡᠭ᠌ᠵᠢᠭᠦᠯᠦᠨ᠂ ᠣᠨᠴᠠᠯᠢᠭ᠎ᠢᠶᠠᠷ ᠢᠯᠡ ᠲᠣᠳᠣ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ᠋ ᠪᠠᠢᠭᠤᠯᠤᠨ᠎ᠠ᠃ ᠤᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ 《ᠬᠣᠶᠠᠷ ᠰᠠᠭᠤᠷᠢᠨ᠂ ᠳᠦᠷᠪᠡᠨ ᠪᠦᠯᠦᠭ᠌ᠵᠢᠯ》ᠤ᠋ᠨ ᠭᠣᠣᠯᠯᠠᠭ᠍ᠴᠢ ᠠᠵᠤ ᠦᠢᠯᠡᠰ᠎ᠢ ᠬᠦᠴᠦ᠍᠎ᠪᠡᠨ ᠲᠥᠪᠯᠡᠷᠡᠭᠦᠯᠦᠨ ᠬᠦᠴᠦᠷᠬᠡᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠬᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠬᠤ᠎ᠶ᠋ᠢ ᠠᠬᠢᠭᠤᠯᠤᠨ᠎ᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠢ᠋ ᠡᠳ᠋ᠱᠢᠭᠦᠯᠬᠦ᠌ ᠰᠠᠭᠤᠷᠢᠨ ᠤ᠋ ᠲᠠᠯ᠎ᠠ᠎ᠪᠠᠷ᠂ ᠨᠡᠷᠡᠨ ᠬᠤᠸᠠᠷ᠂ ᠮᠢᠬᠠᠨ ᠤ᠋ ᠬᠣᠨᠢ᠂ ᠴᠠᠭᠠᠨ ᠢᠳᠡᠭᠡᠨ᠎ᠤ ᠦᠢᠯᠡᠰ ᠵᠡᠷᠭᠡ 11 ᠵᠤᠷᠪᠤᠰ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ ᠲᠡᠢᠰᠢ ᠭᠣᠣᠯᠯᠡᠨ ᠬᠦᠴᠦᠯᠡᠵᠦ᠍᠂ ᠠᠩᠬ᠎ᠠ ᠵᠡᠷᠭᠡ᠎ᠶ᠋ᠢᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠢ᠋ ᠡᠳ᠋ᠱᠢᠭᠦᠯᠬᠦ᠌᠎ᠶ᠋ᠢ ᠰᠡᠯᠡᠭᠦᠴᠡᠯ᠎ᠦᠨ ᠢᠳᠡᠭᠡᠨ᠂ ᠵᠢᠮᠢᠰ᠎ᠦᠨ ᠱᠢᠭᠦᠰᠦ ᠤᠮᠳᠠᠭᠠᠨ᠂ ᠡᠷᠡᠭᠦᠯᠵᠢᠯ᠎ᠦᠨ ᠡᠳ᠋᠂ ᠵᠠᠰᠠᠯ ᠴᠢᠮᠡᠭ᠎ᠦᠨ ᠡᠳ᠋ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠨᠢᠭᠡᠳᠦᠭᠡᠷ ᠠᠵᠤ ᠦᠢᠯᠡᠰ᠎ᠦᠨ《ᠬᠤᠶᠠᠳᠤᠭᠠᠷ ᠠᠵᠤ ᠦᠢᠯᠡᠰ ᠲᠠᠢ ᠵᠤᠯᠭᠠᠯᠴᠠᠵᠦ ᠭᠤᠷᠪᠡᠳᠤᠭᠠᠷ ᠠᠵᠤ ᠦᠢᠯᠡᠰ ᠲᠠᠢ ᠬᠤᠯᠪᠤᠯᠳᠤᠬᠤ》 ᠵᠢ ᠠᠬᠢᠭᠤᠯᠤᠨ᠎ᠠ᠃ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ ᠎ᠤᠨ ᠰᠠᠭᠤᠷᠢᠨ ᠤ᠋ ᠲᠠᠯ᠎ᠠ᠎ᠪᠠᠷ᠂ ᠤᠯᠠᠭᠠᠨᠪᠤᠬ᠎ᠠ᠎ᠶ᠋ᠢᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ᠎ᠢ ᠲᠦᠷᠭᠡᠳᠭᠡᠨ ᠪᠠᠢᠭᠤᠯᠵᠤ᠂ 《ᠭᠠᠷᠭᠠᠬᠤ ᠬᠠᠳᠠᠭᠠᠯᠠᠬᠤ ᠬᠦᠷᠭᠡᠬᠦ ᠬᠡᠷᠡᠭ᠌ᠯᠡᠬᠦ᠌ ᠦᠢᠯᠡᠳᠬᠦ》 ᠵᠢ ᠨᠢᠭᠡ ᠴᠣᠭ᠍ᠴᠠᠵᠢᠭᠤᠯᠤᠨ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢ ᠱᠢᠭᠤᠳ ᠬᠣᠯᠪᠣᠬᠤ᠂ ᠰᠠᠯᠬᠢ ᠭᠡᠷᠡᠯ᠎ᠢ ᠤᠰᠤᠳᠦ᠋ᠷᠦᠭᠵᠢᠬᠦᠯᠦᠨ ᠨᠦᠭᠡᠴᠡᠯᠡᠬᠦ ᠵᠡᠷᠭᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠵᠦ᠍᠂ ᠲᠣᠰᠣ ᠬᠡᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ ᠪᠠ ᠱᠢᠨᠵᠢᠶᠠᠩ᠎ᠤᠨ ᠨᠡᠭᠦᠷᠡᠰᠦ᠎ᠶ᠋ᠢ ᠤᠯᠠᠷᠢᠭᠤᠯᠤᠨ ᠠᠱᠢᠭ᠍ᠯᠠᠬᠤ 《ᠨᠢᠭᠡ ᠥᠷᠲᠡᠭᠡ ᠭᠤᠷᠪᠠᠨ ᠲᠥᠪ》ᠤ᠋ᠨ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢ ᠲᠥᠯᠥᠪᠵᠢᠭᠦᠯᠦᠨ ᠬᠥᠭ᠌ᠵᠢᠭᠦᠯᠵᠦ᠍᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠶᠡᠷᠦᠩᠬᠡᠢᠯᠡᠭ᠌ᠰᠡᠨ ᠴᠢᠨᠠᠷᠲᠠᠶ ᠡᠨᠧᠷᠭᠢ᠎ᠶ᠋ᠢᠨ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠲᠠᠯ᠎ᠠ᠎ᠪᠠᠷ᠂ ᠭᠤᠤᠯᠯᠠᠬᠤ ᠲᠣᠨᠣᠭ᠂ ᠪᠦᠬᠦᠯᠢ ᠴᠤᠭᠴᠠ ᠵᠢᠨ ᠮᠠᠱᠢᠨ ᠦᠶ᠋ᠯᠡᠳᠬᠦ᠌ ᠪᠠ ᠠᠵᠢᠯᠯᠠᠭᠤᠯᠵᠤ ᠬᠠᠮᠠᠭᠠᠯᠠᠬᠤ ᠦᠶ᠋ᠯᠡᠴᠢᠯᠡᠭᠡᠨ᠎ᠦ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ᠂ ᠡᠨᠧᠷᠭᠢ ᠨᠦᠭᠡᠴᠡᠯᠡᠬᠦ᠂ ᠲᠠᠷᠢᠶᠠᠯᠠᠩ᠎ᠤᠨ ᠮᠠᠱᠢᠨ᠎ᠢᠶᠠᠷ ᠭᠤᠤᠯ ᠪᠣᠯᠭᠠᠭ᠍ᠰᠠᠨ ᠣᠲᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠱᠢᠰᠲ᠋ᠧᠮ᠎ᠢ ᠬᠦᠴᠦᠯᠡᠨ ᠪᠠᠢᠭᠤᠯᠤᠨ᠎ᠠ᠃ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠲᠠᠯ᠎ᠠ᠎ᠪᠠᠷ᠂ ᠲᠦᠭᠦᠬᠡᠶ ᠮᠠᠲ᠋ᠧᠷᠢᠶᠠᠯ᠎ᠤᠨ ᠡᠮ᠎ᠢ ᠪᠡᠯᠡᠨ ᠡᠮ ᠪᠣᠯᠭᠠᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠨᠡᠢᠯᠡᠮᠡᠯ ᠡᠮ᠂ ᠡᠷᠡᠭᠦᠯᠵᠢᠯ᠎ᠦᠨ ᠡᠮ᠂ ᠠᠮᠢᠳᠤ ᠪᠣᠳᠠᠰ᠎ᠤᠨ ᠮᠠᠯ᠎ᠤᠨ ᠡᠮ᠂ ᠡᠩᠬᠦᠷᠡᠶ ᠠᠮᠢᠲᠠᠨ᠎ᠤ ᠲᠡᠵᠢᠭᠡᠯ ᠪᠣᠷᠳᠣᠭ᠎ᠠ ᠵᠡᠷᠭᠡ ᠠᠵᠤ ᠦᠶ᠋ᠯᠡᠰ᠎ᠢ ᠬᠥᠭ᠌ᠵᠢᠭᠦᠯᠦᠨ᠂ ᠵᠢᠩᠬᠢᠨᠢ ᠰᠠᠢᠨ ᠡᠮ᠎ᠦᠨ ᠮᠠᠲ᠋ᠧᠷᠢᠶᠠᠯ᠎ᠢ ᠴᠢᠨᠠᠬᠤ ᠡᠮ᠂ ᠨᠠᠢᠷᠠᠯᠲᠠ᠎ᠡᠴᠡ ᠬᠢᠲᠠᠳ ᠪᠡᠯᠡᠨ ᠡᠮ᠂ ᠲᠣᠮᠣ ᠡᠷᠡᠭᠦᠯ ᠮᠡᠨᠳᠦ᠍᠎ᠶ᠋ᠢᠨ ᠦᠶ᠋ᠯᠡᠳᠬᠦᠨ ᠳᠠᠢᠰᠢ ᠤᠷᠲᠤᠳᠭᠠᠬᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠤᠨ᠎ᠠ᠃ ᠱᠢᠨ᠎ᠡ ᠮᠠᠶᠢᠭ᠎ᠦᠨ ᠲᠡᠮᠦᠷᠯᠢᠭ ᠬᠠᠢᠯᠤᠭᠤᠯᠬᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠠᠵᠤ ᠦᠢᠯᠡᠰ᠎ᠦᠨ ᠪᠠᠢᠷᠢᠱᠢᠭᠤᠯᠤᠯ᠎ᠤᠨ ᠱᠠᠭᠠᠷᠳᠠᠯᠭ᠎ᠠ ᠶᠣᠰᠣᠭᠠᠷ 《ᠬᠠᠢᠬᠤ ᠮᠠᠯᠲᠠᠬᠤ ᠱᠢᠯᠢᠬᠦ᠌ ᠬᠠᠢᠯᠤᠭᠤᠯᠬᠤ ᠪᠣᠯᠪᠠᠰᠤᠷᠠᠭᠤᠯᠬᠤ 》 ᠬᠡᠯᠬᠢᠶ᠎ᠡ᠎ᠶ᠋ᠢ ᠲᠡᠭᠦᠯᠳᠡᠷᠵᠢᠭᠦᠯᠦᠨ᠂ ᠬᠢᠯᠢ᠎ᠪᠡᠷ ᠥᠩᠭᠡᠷᠡᠬᠦ᠌ ᠨᠡᠭᠦᠷᠡᠰᠦ ᠵᠡᠰ᠎ᠦᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠨᠡᠭᠦᠷᠡᠰᠦᠨ ᠎ᠦ ᠬᠡᠦᠳᠡᠰᠦ᠂ ᠪᠦᠳᠦᠭᠦᠯᠢᠭ ᠪᠧᠨᠽᠧᠨ᠂ ᠵᠡᠰ ᠮᠠᠲᠧᠷᠢᠶᠠᠯ ᠪᠣᠯᠪᠠᠰᠤᠷᠠᠭᠤᠯᠬᠤ ᠵᠡᠷᠭᠡ ᠠᠵᠤ ᠦᠢᠯᠡᠰ ᠎ᠢ ᠤᠷᠲᠤᠳᠭᠠᠨ ᠬᠥᠭ᠌ᠵᠢᠭᠦᠯᠵᠦ᠍᠂ ᠬᠡᠦᠷᠱᠢᠭᠦᠯᠬᠦ᠌ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠰᠠᠭᠤᠷᠢᠨ ᠪᠣᠯᠤᠨ ᠵᠡᠰ ᠬᠠᠢᠯᠤᠭᠤᠯᠬᠤ ᠰᠠᠭᠤᠷᠢᠨ ᠎ᠢ ᠪᠥᠲᠥᠭᠡᠨ ᠪᠠᠢᠭᠤᠯᠤᠨ᠎ᠠ᠃ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠲᠠᠯ᠎ᠠ᠎ᠪᠠᠷ᠂ ᠣᠯᠠᠨ ᠲᠠᠯᠠᠰᠲᠤ ᠴᠠᠬᠢᠭᠤᠷ᠂ ᠪᠢᠨᠳᠦᠷᠢᠶ᠎ᠡ᠂ ᠠᠯᠮᠠᠰ ᠵᠡᠷᠭᠡ ᠬᠦᠷᠢᠶ᠎ᠡ ᠴᠠᠷᠠᠭ᠎ᠠ᠎ᠳᠤ ᠲᠦᠭᠦᠬᠡᠢ ᠮᠠᠲ᠋ᠧᠷᠢᠶᠠᠯ᠎ᠡᠴᠡ ᠳᠡᠭᠡᠳᠦ ᠴᠡᠪᠡᠷᠴᠡ᠂ ᠳᠡᠭᠡᠳᠦ ᠨᠠᠷᠢᠯᠢᠭ᠍ᠴᠠ᠂ ᠳᠡᠭᠡᠳᠦ ᠴᠢᠳᠠᠪᠬᠢ ᠲᠡᠢᠰᠢ ᠬᠥᠭ᠌ᠵᠢᠬᠦ᠌᠎ᠶ᠋ᠢ ᠠᠬᠢᠭᠤᠯᠵᠤ᠂ ᠴᠠᠬᠢᠭᠤᠷ᠂ ᠾᠷᠣᠮ᠂ ᠨᠡᠭᠦᠷᠡᠰᠦᠨ ᠱᠢᠷᠬᠡᠭ᠌ᠯᠢᠭ᠂ ᠪᠠᠯ ᠴᠢᠯᠠᠭᠤᠨ ᠠᠯᠺᠧᠨ ᠵᠡᠷᠭᠡ ᠠᠵᠤ ᠦᠢᠯᠡᠰ᠎ᠦᠨ ᠬᠡᠯᠬᠢᠶ᠎ᠡ᠎ᠶ᠋ᠢ ᠲᠦᠷᠭᠡᠳᠭᠡᠨ ᠪᠠᠢᠷᠢᠱᠢᠭᠤᠯᠵᠤ᠂ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠣᠯᠠᠨ ᠡᠱᠢᠵᠢᠨ ᠬᠥᠭ᠌ᠵᠢᠬᠦ᠌᠎ᠶ᠋ᠢ ᠠᠬᠢᠭᠤᠯᠤᠨ᠎ᠠ᠃

ᠳᠥᠷᠪᠡ᠂ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠬᠢᠯᠢ ᠳᠠᠭᠠᠤ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠱᠢᠨ᠎ᠡ ᠳᠠᠪᠠᠭᠤᠯᠢᠭ᠎ᠢ ᠲᠦᠷᠭᠡᠳᠭᠡᠨ ᠪᠣᠢᠵᠢᠭᠤᠯᠤᠨ᠎ᠠ᠃ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠬᠦᠢᠰᠦ᠎ᠶ᠋ᠢᠨ ᠬᠤᠳᠠ᠎ᠶ᠋ᠢᠨ ᠠᠴᠢᠶᠠᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠣᠲᠣᠭᠠᠳᠤ᠎ᠳᠠᠭᠠᠨ ᠬᠣᠯᠪᠣᠯᠳᠤᠨ ᠭᠠᠳᠠᠭ᠍ᠰᠢ ᠨᠡᠪᠲᠡᠷᠡᠯᠴᠡᠬᠦ᠌᠂ ᠬᠢᠯᠢ ᠪᠠ ᠳᠣᠲᠣᠷ ᠭᠠᠵᠠᠷ ᠬᠠᠷᠢᠯᠴᠠᠨ ᠬᠥᠳᠡᠯᠦᠯᠴᠡᠬᠦ᠌ ᠪᠦᠬᠦ᠌ ᠲᠠᠯ᠎ᠠ᠎ᠶ᠋ᠢᠨ ᠨᠡᠭᠡᠭᠡᠯᠲᠡᠲᠦ ᠪᠠᠢᠷᠢᠱᠢᠯ᠎ᠢ ᠪᠠᠢᠭᠤᠯᠤᠨ᠎ᠠ᠃ ᠬᠢᠯᠢ ᠠᠯᠤᠰᠯᠠᠭ᠍ᠰᠠᠨ ᠲᠡᠮᠦᠷ ᠵᠠᠮ᠂ ᠤᠶᠤᠨᠲᠤ ᠪᠣᠭᠣᠮᠲᠠ᠂ ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠲᠣᠭᠣᠷᠢᠭ᠎ᠤᠨ ᠪᠥᠲᠥᠭᠡᠨ ᠪᠠᠢᠭᠤᠯᠤᠯᠲᠠ ᠎ᠶ᠋ᠢ ᠲᠦᠷᠭᠡᠳᠭᠡᠵᠦ᠍᠂ AGV ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠂ ᠤᠶᠤᠨᠴᠢ ᠰᠦᠯᠵᠢᠶᠡᠨ ᠬᠤᠯᠪᠤᠯᠳᠠᠲᠤ ᠮᠠᠱᠢᠨ ᠲᠡᠷᠭᠡ᠂ ᠤᠰᠤᠲᠥ᠋ᠷᠥᠭ᠌ᠴᠢ ᠡᠨᠧᠷᠭᠢ᠎ᠶ᠋ᠢᠨ ᠬᠦᠨᠳᠦ ᠠᠴᠢᠶᠠᠨ᠎ᠤ ᠮᠠᠰᠢᠨ ᠵᠡᠷᠭᠡ ᠣᠯᠠᠨ ᠬᠡᠯᠪᠡᠷᠢ᠎ᠶ᠋ᠢᠨ ᠬᠣᠯᠪᠣᠭᠠᠯᠠᠨ ᠲᠡᠭᠡᠭᠡᠪᠦᠷᠢᠯᠡᠬᠦ᠌ ᠱᠢᠰᠲ᠋ᠧᠮ᠎ᠢ ᠪᠠᠶᠠᠯᠢᠭ᠍ᠵᠢᠭᠤᠯᠵᠤ᠂ ᠰᠠᠭᠤᠷᠢᠱᠢᠭᠤᠯᠤᠨ ᠡᠳ᠋ᠱᠢᠭᠦᠯᠬᠦ᠌ ᠬᠦᠷᠢᠶᠡᠯᠡᠩ ᠲᠣᠭᠣᠷᠢᠭ᠎ᠤᠨ ᠶᠡᠷᠦᠩᠬᠡᠢᠯᠡᠭ᠌ᠰᠡᠨ ᠳᠠᠭᠠᠭᠠᠴᠡ᠎ᠶ᠋ᠢ ᠪᠥᠬᠥ᠌ ᠲᠠᠯ᠎ᠠ ᠎ᠪᠠᠷ ᠳᠡᠭᠡᠭ᠌ᠰᠢᠯᠡᠭᠦᠯᠦᠨ᠂ ᠪᠣᠭᠣᠮᠲᠠ᠎ᠶ᠋ᠢᠨ ᠠᠵᠤ ᠠᠬᠤᠶ ᠎ᠶ᠋ᠢ ᠤᠯᠠᠮ ᠨᠢᠭᠡ ᠠᠯᠬᠤᠮ ᠪᠤᠵᠠᠭᠠᠢᠷᠠᠭᠤᠯᠤᠨ᠎ᠠ᠃ ᠭᠠᠳᠠᠭᠠᠳᠤ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠮᠠᠯ᠎ᠤᠨ ᠠᠱᠢᠭ ᠱᠢᠮ᠎ᠡ᠎ᠲᠠᠷᠢᠶᠠᠯᠠᠩ ᠎ᠤ᠋ᠨ ᠪᠦᠲᠦᠭᠡᠭ᠌ᠳᠡᠬᠦᠨ᠂ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ᠂ ᠠᠮᠢᠳᠤ ᠪᠣᠳᠠᠰ᠎ᠤᠨ ᠡᠮ ᠡᠮᠨᠡᠯᠭᠡ᠂ ᠲᠠᠷᠢᠶᠠᠯᠠᠩ᠎ᠤᠨ ᠮᠠᠱᠢᠨ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠣᠨᠴᠠᠯᠢᠭ᠎ᠲᠠᠶ ᠬᠢᠯᠢ ᠳᠠᠭᠠᠤ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠣᠯᠠᠨ ᠠᠷᠭ᠎ᠠ ᠵᠠᠮ᠎ᠢᠶᠠᠷ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠤᠨ᠎ᠠ᠃ ᠬᠥᠬᠡᠬᠣᠲᠠ ᠪᠤᠭᠤᠲᠤ ᠣᠷᠳᠣᠰ᠎ᠤᠨ ᠠᠵᠤ ᠠᠬᠤᠢ᠎ᠶ᠋ᠢᠨ ᠴᠠᠭᠠᠷᠢᠭ᠂ ᠬᠠᠳᠤᠨ ᠭᠣᠣᠯ ᠳᠠᠭᠠᠤ᠎ᠶ᠋ᠢᠨ ᠠᠵᠤ ᠠᠬᠤᠢ᠎ᠶ᠋ᠢᠨ ᠪᠦᠰᠡ ᠪᠣᠯᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠡᠯ᠎ᠡ ᠠᠢᠮᠠᠭ ᠬᠣᠲᠠ᠎ᠯᠤᠭ᠎ᠠ ᠠᠭᠤᠰᠤᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠵᠦ᠍᠂ ᠠᠮᠢ ᠠᠬᠤᠢ ᠣᠷᠴᠢᠨ ᠲᠣᠭᠣᠷᠢᠨ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ᠂ ᠰᠠᠭᠤᠷᠢ ᠲᠦᠬᠦᠭᠡᠷᠦᠮᠵᠢ᠎ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠂ ᠠᠵᠤ ᠦᠢᠯᠡᠰ᠎ᠦᠨ ᠬᠥᠭ᠌ᠵᠢᠯᠲᠡ ᠬᠠᠷᠢᠯᠴᠠᠨ ᠨᠥᠬᠥᠪᠥᠷᠢᠯᠡᠵᠦ᠍ ᠬᠠᠷᠢᠯᠴᠠᠨ ᠲᠤᠰᠠᠯᠠᠬᠤ᠂ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠠᠮᠲᠤᠪᠠᠷ ᠪᠠᠢᠭᠤᠯᠵᠤ ᠬᠠᠮᠲᠤᠪᠠᠷ ᠡᠳ᠋ᠯᠡᠬᠦ᠌᠎ᠶ᠋ᠢ ᠠᠬᠢᠭᠤᠯᠤᠨ᠎ᠠ᠃ ᠬᠣᠲᠠ᠎ᠶ᠋ᠢᠨ ᠣᠷᠣᠨ ᠪᠦᠰᠡ᠎ᠶ᠋ᠢᠨ ᠠᠭᠤᠰᠤᠯᠴᠠᠯ᠎ᠢ ᠴᠢᠩᠭᠠᠳᠭᠠᠵᠤ᠂ ᠯᠢᠨ ᠾᠧ ᠲᠣᠭᠣᠷᠢᠭ᠂ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠂ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠣᠷᠣᠨ ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠴᠢᠬᠤᠯᠠ ᠡᠯᠧᠮᠧᠨ᠋ᠲ ᠲᠥᠪᠯᠡᠷᠡᠭ᠌ᠰᠡᠨ᠂ ᠠᠵᠤ ᠦᠶ᠋ᠯᠡᠰ ᠲᠥᠪᠯᠡᠷᠡᠭ᠌ᠰᠡᠨ ᠭᠤᠤᠯ ᠬᠥᠳᠡᠯᠭᠡᠭᠦᠷ᠎ᠢ ᠴᠣᠭ᠍ᠴᠠᠯᠠᠵᠤ᠂ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠥᠯᠥᠭᠡᠯᠡᠨ ᠳᠠᠢᠴᠢᠯᠠᠨ᠎ᠠ᠃

ᠲᠠᠪᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠎ᠶ᠋ᠢ ᠴᠢᠩᠭᠠᠷᠠᠭᠤᠯᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠦᠨ᠎ᠡ᠃ ᠤᠯᠤᠰ᠎ᠤᠨ ᠲᠡᠷᠢᠭᠦᠨ᠎ᠦ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢᠭᠤᠯᠬᠤ᠎ᠪᠠᠷ ᠬᠦᠳᠦᠯᠦᠮᠵᠢ ᠪᠣᠯᠭᠠᠵᠤ᠂ 《1 + 10 + N》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠠᠮᠢᠳᠤᠯᠢᠭ ᠰᠠᠢᠲᠤᠷ ᠬᠡᠷᠡᠭ᠌ᠯᠡᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠳᠡᠭᠡᠳᠦ ᠱᠠᠲᠤᠨ᠎ᠤ ᠳᠡᠮᠵᠢᠯᠭᠡ᠎ᠶ᠋ᠢ ᠢᠳᠡᠪᠬᠢᠲᠡᠢ ᠭᠤᠶᠤᠴᠢᠯᠡᠨ ᠣᠯᠵᠤ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠨᠠᠷᠢᠯᠢᠭ ᠡᠳ᠋ᠱᠢᠭᠦᠯᠬᠦ᠌᠂ ᠥᠨᠳᠥᠷ ᠪᠦᠲᠦᠮᠵᠢᠲᠡᠢ᠎ᠪᠡᠷ ᠤᠰᠤ ᠠᠷᠪᠢᠯᠠᠬᠤ᠂ ᠡᠬᠢ ᠪᠠᠶᠠᠯᠢᠭ᠎ᠢ ᠥᠨᠳᠥᠷ ᠥᠷᠲᠡᠭ᠌ ᠵᠢᠡᠷ᠎ᠠᠱᠢᠭ᠍ᠯᠠᠬᠤ ᠵᠡᠷᠭᠡ ᠳᠠᠪᠠᠭᠤᠯᠢᠭ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠨᠢᠭᠡ ᠪᠦᠯᠦᠭ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠲᠤᠷᠱᠢᠯᠲᠠ᠎ᠶ᠋ᠢᠨ ᠰᠠᠭᠤᠷᠢᠨ᠎ᠢ ᠪᠠᠢᠷᠢᠰᠢᠭᠤᠯᠤᠨ ᠪᠦᠲᠦᠭᠡᠨ ᠪᠠᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠪᠠᠢᠭᠤᠯᠤᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠠᠵᠤ ᠦᠢᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠯᠭ᠎ᠠ᠎ᠲᠠᠶ ᠰᠡᠳᠦᠪ᠎ᠦᠨ ᠪᠣᠭᠣᠮᠲᠠ ᠱᠢᠪᠲᠤᠯᠬᠤ ᠡᠷᠴᠢᠮ᠎ᠢ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠡᠷᠡᠭ᠌ᠴᠡᠭᠡ᠎ᠪᠡᠷ ᠰᠤᠳᠤᠯᠤᠨ ᠨᠡᠭᠡᠭᠡᠬᠦ᠌᠎ᠶ᠋ᠢ ᠬᠦᠳᠦᠯᠬᠦ᠂ ᠰᠤᠳᠤᠯᠤᠨ ᠨᠡᠭᠡᠭᠡᠬᠦ᠌᠎ᠪᠡᠷ ᠠᠵᠤ ᠦᠢᠯᠡᠰ᠎ᠢ ᠳᠠᠢᠴᠢᠯᠠᠬᠤ᠂ ᠠᠵᠤ ᠦᠢᠯᠡᠰ᠎ᠢᠶᠡᠷ ᠱᠢᠨ᠎ᠡ᠎ᠶ᠋ᠢ ᠡᠭᠦᠳᠬᠦ᠌᠎ᠵᠢ ᠠᠬᠢᠭᠤᠯᠬᠤ ᠰᠠᠢ᠌ᠨ ᠣᠷᠴᠢᠯ᠎ᠢ ᠪᠡᠶᠡᠯᠡᠭᠦᠯᠦᠨ᠎ᠡ᠃ ᠤᠢᠷ᠎ᠠ ᠤᠭᠲᠠᠷᠭᠤᠢ᠎ᠵᠢᠨ ᠠᠵᠤ ᠠᠬᠤᠢ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ 《ᠵᠣᠬᠢᠶᠠᠮᠠᠯ ᠤᠶᠤᠨ ᠴᠢᠳᠠᠪᠤᠷᠢ +》 ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠢᠳᠡᠪᠬᠢᠲᠡᠢ ᠪᠠᠢᠷᠢᠱᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠎ᠡ᠃

ᠵᠢᠷᠭᠤᠭ᠎ᠠ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤᠪᠠᠷ ᠪᠠᠶᠠᠵᠢᠭ᠍ᠰᠠᠨ ᠵᠣᠯ ᠵᠢᠷᠭᠠᠯᠲᠤ ᠭᠡᠷ ᠣᠷᠣᠨ᠎ᠢ ᠪᠠᠢᠭᠤᠯᠤᠨ᠎ᠠ᠃ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠠᠢᠨᠭᠭᠤᠵᠢᠭᠰᠠᠨ ᠬᠠᠪᠰᠤᠷᠤᠨ ᠲᠡᠳᠬᠦᠬᠦ᠌᠎ᠶ᠋ᠢ ᠰᠠᠢᠲᠤᠷ ᠬᠢᠵᠦ᠍᠂ ᠬᠠᠪᠰᠤᠷᠤᠨ ᠲᠡᠳᠬᠦᠵᠦ᠍ ᠬᠢᠨᠠᠨ ᠬᠡᠮᠵᠢᠬᠦ ᠪᠣᠳᠠᠲᠤ ᠪᠦᠲᠦᠮᠵᠢᠲᠦ ᠴᠢᠨᠠᠷ᠂ ᠣᠨᠣᠪᠴᠢᠲᠤ ᠴᠢᠨᠠᠷ᠎ᠢ ᠳᠡᠭᠡᠭ᠌ᠰᠢᠯᠡᠭᠦᠯᠦᠨ᠎ᠡ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠤᠨ᠂ 《ᠪᠤᠴᠠᠬᠤ ᠭᠠᠯᠠᠭᠤ᠎ᠶ᠋ᠢᠨ ᠲᠥᠯᠥᠪᠯᠡᠭᠡ》᠂ 《ᠢᠵᠢ ᠪᠦᠷᠢᠳᠦᠭᠦᠯᠬᠦ᠌ ᠢᠨᠵᠧᠨᠧᠷᠢᠩ》 ᠢ᠋ ᠭᠦᠨᠵᠡᠭᠡᠢ ᠬᠡᠷᠡᠭ᠌ᠵᠢᠭᠦᠯᠵᠦ᠍᠂ ᠬᠦᠳᠡᠯᠮᠦᠷᠢ᠎ᠪᠠᠷ ᠲᠡᠳᠬᠦᠮᠵᠢ ᠎ᠶ᠋ᠢ ᠣᠷᠣᠯᠠᠭᠤᠯᠬᠤ᠂ ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠬᠤ ᠵᠡᠷᠭᠡ ᠵᠠᠭ᠍ᠪᠤᠷ᠎ᠢ ᠳᠡᠯᠭᠡᠷᠡᠭᠦᠯᠦᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠲᠣᠭ᠍ᠲᠠᠭᠤᠨ᠎ᠢᠶᠠᠷ ᠨᠡᠮᠡᠭ᠌ᠳᠡᠬᠦ᠌ ᠶ᠋ᠢ ᠤᠯᠠᠨ ᠠᠷᠭ᠎ᠠ ᠵᠠᠮ᠎ᠢᠶᠠᠷ ᠠᠬᠢᠭᠤᠯᠤᠨ᠎ᠠ᠃ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠯᠦᠭ᠌ᠵᠢᠭᠦᠯᠦᠨ ᠰᠤᠷᠭᠠᠭᠤᠯᠢ ᠡᠷᠭᠢᠯᠡᠬᠦ᠌᠂ ᠨᠢᠭ᠍ᠲᠠᠷᠬᠠᠰᠠᠨ ᠬᠡᠯᠪᠡᠷᠢ᠎ᠶ᠋ᠢᠨ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠣᠶᠣᠯ᠎ᠤᠨ ᠦᠶ᠋ᠯᠡᠰ᠎ᠢ ᠶᠡᠬᠡᠪᠡᠷ ᠴᠡᠴᠡᠭ᠌ᠯᠡᠭᠦᠯᠦᠨ ᠬᠥᠭ᠌ᠵᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠎ᠡ᠃ ᠬᠣᠲᠠ ᠬᠥᠳᠡᠭᠡ ᠎ᠶ᠋ᠢᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠣᠲᠠ ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠂ 《ᠮᠢᠩᠭ᠎ᠠ ᠲᠦᠮᠡ᠎ᠶ᠋ᠢᠨ ᠢᠨᠵᠧᠨᠧᠷᠢᠩ》ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠨᠥᠬᠥᠴᠡᠯ᠎ᠢ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠂ ᠣᠳᠣᠬᠢᠴᠢᠯᠠᠭ᠍ᠰᠠᠨ ᠠᠷᠠᠳ᠎ᠤᠨ ᠬᠣᠲᠠ ᠪᠠ ᠣᠷᠣᠱᠢᠨ ᠰᠠᠭᠤᠵᠤ ᠠᠵᠢᠯᠯᠠᠬᠤ᠎ᠳᠤ ᠲᠣᠬᠢᠷᠠᠮᠵᠢᠲᠠᠶ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠤᠨ᠎ᠠ ᠭᠡᠪᠡ᠃

《ᠠᠯᠤᠰ᠎ᠤᠨ ᠲᠥᠰᠦᠪ ᠎ᠢ ᠵᠢᠷᠤᠭ᠍ᠯᠠᠬᠳᠠᠯ᠎ᠠ᠂ ᠪᠣᠳᠠᠲᠠᠢ ᠠᠵᠢᠯᠯᠠᠬᠤ ᠨᠢ ᠨᠡᠩ ᠴᠢᠬᠤᠯᠠ ᠶᠤᠮ᠃ ᠪᠢᠳᠡ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠲᠣᠭ᠍ᠲᠡᠴᠡ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠨ ᠪᠤᠳᠠᠲᠤ ᠦᠷ᠎ᠡ ᠪᠦᠲᠦᠮᠵᠢ ᠤᠯᠬᠤ ᠤᠳᠤᠷᠢᠳᠤᠮᠵᠢ᠎ᠶ᠋ᠢ ᠴᠢᠩᠭᠠᠳᠭᠠᠵᠤ᠂ ᠶᠡᠭᠡ ᠰᠤᠷᠤᠯᠴᠠᠯᠭ᠎ᠠ᠎ᠶ᠋ᠢ ᠡᠷᠬᠢᠮᠯᠡᠬᠦ᠌᠂ ᠭᠦᠨᠵᠡᠭᠡᠢ ᠪᠠᠢᠴᠠᠭᠠᠨ ᠰᠤᠳᠤᠯᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠠᠷᠢᠭᠤᠨ ᠴᠢᠬᠡᠴᠢ ᠪᠠᠢᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠪᠠᠶᠠᠨᠨᠠᠭᠤᠷ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ ᠎ᠶ᠋ᠢ ᠴᠢᠷᠮᠠᠢᠨ ᠪᠢᠴᠢᠭ᠌ᠯᠡᠨ᠎ᠡ! 》 ᠭᠡᠵᠦ᠍ ᠾᠧ ᠸᠧᠶ ᠬᠤᠸᠠ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号