12 ᠰᠠᠷ᠎ᠠ᠎ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ᠎ᠤᠨ ᠣᠷᠳᠣᠨ ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠶ᠋ᠢᠨ ᠵᠠᠬᠢᠳᠠᠯ ᠰᠤᠷᠪᠤᠯᠵᠢᠯᠠᠯ ᠤ᠋ᠨ ᠲᠤᠪᠴᠢᠶ᠎ᠠ ᠳᠤ ᠬᠦᠷᠴᠦ᠍ ᠵᠠᠬᠢᠳᠠᠯ ᠰᠤᠷᠪᠤᠯᠵᠢᠯᠠᠯ ᠬᠢᠬᠦ ᠪᠡᠷ ᠢᠷᠡᠭᠰᠡᠨ ᠤᠯᠠᠨ ᠲᠦᠮᠡᠨ᠎ᠢ ᠬᠦᠯᠢᠶᠡᠨ ᠠᠪᠤᠪᠠ᠃
ᠪᠦᠦ ᠭᠠᠩ ᠵᠠᠬᠢᠳᠠᠯ ᠰᠤᠷᠪᠤᠯᠵᠢᠯᠠᠯ ᠬᠢᠬᠦ ᠪᠡᠷ ᠢᠷᠡᠭ᠌ᠰᠡᠨ ᠤᠯᠠᠨ ᠲᠦᠮᠡᠨ᠎ᠲᠡᠶ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ ᠤ᠋ᠨ ᠬᠦᠰᠡᠯ ᠱᠠᠭᠠᠷᠳᠠᠯᠭ᠎ᠠ᠎ᠶ᠋ᠢ ᠨᠠᠷᠢᠨ ᠣᠢᠯᠠᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠲᠡᠶ ᠱᠢᠢᠳᠪᠦᠷᠢᠯᠡᠬᠦ᠌ ᠠᠷᠭ᠎ᠠ᠎ᠶ᠋ᠢ ᠵᠥᠪᠳᠡᠯᠴᠡᠪᠡ᠃ ᠲᠡᠷᠡ᠂ ᠤᠯᠠᠨ ᠲᠦᠮᠡᠨ᠎ᠦ ᠲᠤᠰᠭᠠᠭ᠍ᠰᠠᠠ ᠠᠰᠠᠭᠤᠳᠠᠯ ᠨᠢ ᠶᠡᠬᠡ ᠪᠠᠭ᠎ᠠ ᠬᠦᠴᠢᠷ ᠬᠢᠯᠪᠡᠷ ᠭᠡᠰᠡᠨ ᠦᠭᠡᠢ ᠴᠦᠮ ᠲᠡᠳᠡᠨ᠎ᠦ ᠲᠤᠰ ᠪᠡᠶ᠎ᠡ᠎ᠶ᠋ᠢᠨ ᠠᠱᠢᠭ ᠲᠤᠰᠠᠲᠠᠶ ᠬᠣᠯᠪᠣᠭ᠍ᠳᠠᠨ᠎ᠠ᠂ ᠳᠡᠳᠡᠨ ᠤ᠋ ᠲᠠᠯ᠎ᠠ ᠡᠴᠡ ᠪᠤᠳᠤᠨ ᠰᠡᠳᠭᠢᠵᠤ᠂ ᠤᠳᠠᠭᠠᠰᠢᠷᠠᠭᠤᠯᠵᠤ ᠪᠣᠯᠬᠤ ᠦᠭᠡᠢ᠂ ᠬᠣᠢᠱᠢᠯᠠᠭᠤᠯᠵᠤ ᠪᠣᠯᠬᠤ ᠦᠭᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠱᠢᠨ᠎ᠡ ᠳᠠᠷᠤᠭ᠎ᠠ ᠬᠠᠭᠤᠴᠢᠨ ᠳᠠᠩᠰᠠ᠎ᠶ᠋ᠢ ᠰᠢᠢᠳᠪᠦᠷᠢᠯᠡᠬᠦ ᠣᠢᠯᠠᠭᠠᠭ᠍ᠳᠠᠬᠤᠨ᠎ᠢ ᠪᠤᠢ ᠪᠣᠯᠭᠠᠵᠤ᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ ᠢ ᠲᠦᠷᠦᠯ ᠬᠤᠪᠢᠶᠠᠨ ᠡᠮᠬᠢᠯᠡᠵᠦ᠍᠂ ᠬᠠᠤᠯᠢ ᠴᠠᠭᠠᠵᠠ᠂ ᠲᠦᠷᠦ᠍ ᠶ᠋ᠢᠨ ᠪᠤᠳᠤᠯᠭ᠎ᠠ᠂ ᠠᠵᠤ ᠠᠬᠤᠢ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠌᠂ ᠡᠶᠡᠳᠡᠭᠦᠯᠬᠦ᠌᠂ ᠵᠢᠭᠠᠵᠤ ᠵᠢᠯᠣᠭᠣᠳᠭᠤ ᠵᠡᠷᠭᠡ ᠠᠷᠭ᠎ᠠ ᠶ᠋ᠢ ᠶᠡᠷᠦᠩᠬᠡᠢᠯᠡᠨ ᠬᠡᠷᠡᠭ᠌ᠯᠡᠵᠦ᠍᠂ ᠤᠯᠠᠨ ᠲᠦᠮᠡᠨ ᠦ ᠵᠦᠢ ᠵᠣᠬᠢᠰᠲᠠᠢ ᠬᠠᠤᠯᠢ ᠶᠣᠰᠣᠨ ᠤ ᠠᠱᠢᠭ ᠲᠤᠰᠠ᠎ᠶ᠋ᠢᠨ ᠬᠦᠰᠡᠯ ᠱᠠᠭᠠᠷᠳᠠᠯᠭ᠎ᠠ ᠶ᠋ᠢ ᠦᠨᠡᠨ ᠬᠦ᠌ ᠰᠠᠢᠲᠤᠷ ᠱᠢᠢᠳᠪᠦᠷᠢᠯᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠪᠦᠦ ᠭᠠᠩ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ ᠤᠨ ᠵᠠᠬᠢᠳᠠᠯ ᠰᠤᠷᠪᠤᠯᠵᠢᠯᠠᠯ᠎ᠤᠨ ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠠᠩ ᠣᠯᠠᠨ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ ᠳᠤ ᠱᠢᠶ᠋ᠳᠪᠦᠷᠢᠯᠡᠵᠦ᠍᠂ ᠴᠤᠬᠤᠢᠵᠤ ᠪᠠᠢᠬᠤ ᠦᠶ᠎ᠡ᠎ᠳᠦᠨᠢ ᠱᠢᠶ᠋ᠳᠪᠦᠷᠢᠯᠡᠬᠦ᠌ ᠬᠡᠷᠡᠭ᠌ᠲᠡᠶ᠃ ᠤᠳᠤᠷᠢᠳᠭᠤ ᠺᠠᠳ᠋ᠷ ᠳᠣᠷᠣᠭ᠍ᠰᠢ ᠪᠠᠭᠤᠵᠤ ᠵᠠᠬᠢᠳᠠᠯ ᠰᠤᠷᠪᠤᠯᠵᠢᠯᠠᠯ ᠢ᠋ ᠬᠦᠯᠢᠶᠡᠨ ᠠᠪᠬᠤ᠂ ᠬᠡᠷᠡᠭ ᠢ ᠳᠠᠭᠠᠭᠠᠴᠢᠯᠠᠨ ᠱᠢᠢᠳᠪᠦᠷᠢᠯᠡᠬᠦ᠌ ᠳᠦᠷᠢᠮ ᠢ ᠰᠠᠢᠲᠤᠷ ᠨᠠᠢᠳᠠᠪᠤᠷᠢᠵᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤ᠋ᠨ ᠳᠠᠷᠤᠭ᠍ᠳᠠᠮᠠᠯ ᠬᠡᠷᠡᠭ ᠬᠦᠴᠢᠷ ᠬᠡᠷᠡᠭ ᠢ ᠱᠢᠢᠳᠪᠦᠷᠢᠯᠡᠬᠦ᠌᠎ᠶ᠋ᠢ ᠠᠬᠢᠭᠤᠯᠵᠤ᠂ 《ᠬᠡᠷᠡᠭ ᠢ ᠳᠠᠭᠤᠰᠭᠠᠵᠤ ᠤᠴᠢᠷ ᠶᠠᠪᠤᠳᠠᠯ ᠢ ᠰᠢᠢᠳᠪᠦᠷᠢᠯᠡᠬᠦ》᠂ 《ᠤᠴᠢᠷ ᠶᠠᠪᠤᠳᠠᠯ ᠢ᠋ ᠨᠢ ᠰᠢᠢᠳᠪᠦᠷᠢᠯᠡᠵᠤ ᠰᠡᠳᠭᠢᠯ ᠰᠠᠨᠠᠭ᠎ᠠ ᠵᠢ ᠨᠢ ᠠᠮᠤᠷᠵᠢᠭᠤᠯᠬᠤ 》 ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃