ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠬᠢᠵᠠᠭᠠᠷᠳᠦ ᠺᠤᠮᠫᠠᠨᠢ ᠪᠠᠢᠭᠤᠯᠤᠭᠳᠠᠪᠠ
2025-12-19 13:02:09
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠡᠯ᠎ᠠ ᠱᠠᠳᠤᠨ ᠤ᠋ ᠵᠠᠰᠠᠭ ᠤ᠋ᠨ ᠤᠷᠳᠤᠨ ᠤ᠋ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠨᠠᠷᠢᠯᠢᠭ ᠵᠢᠯᠤᠭᠤᠳᠤᠯᠭ᠎ᠠ ᠪᠠ ᠠᠵᠢᠯ ᠲᠦᠷᠦᠯ ᠤ᠋ᠨ ᠬᠢᠨ ᠤ᠋ ᠢᠳᠡᠪᠬᠢᠳᠠᠢ ᠬᠠᠮᠵᠢᠯᠴᠠᠭ᠎ᠠ ᠪᠡᠷ ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠬᠢᠵᠠᠭᠠᠷᠳᠦ ᠺᠤᠮᠫᠠᠨᠢ ᠤᠢᠷ᠎ᠠ ᠳ᠋ᠤ ᠦᠢᠯᠡᠳᠪᠤᠷᠢ ᠬᠤᠳᠠᠯᠳᠤᠭᠠᠨ ᠤ᠋ ᠰᠠᠯᠠᠭ᠎ᠠ ᠮᠦᠴᠢᠷ ᠲᠤ᠌ ᠳᠠᠩᠰᠠᠯᠠᠭᠤᠯᠬᠤ ᠠᠵᠢᠯ ᠶ᠋ᠢᠡᠨ ᠠᠮᠵᠢᠯᠳᠠ ᠲᠠᠢ ᠭᠦᠢᠴᠡᠳᠭᠡᠵᠦ ᠠᠯᠪᠠᠨ ᠶᠤᠰᠤ ᠪᠡᠷ ᠪᠠᠢᠭᠤᠯᠤᠭᠳᠠᠪᠠ᠃

ᠦᠢᠯᠡᠳᠪᠤᠷᠢ ᠬᠤᠳᠠᠯᠳᠤᠭᠠᠨ ᠤ᠋ ᠰᠠᠯᠠᠭ᠎ᠠ ᠮᠦᠴᠢᠷ ᠲᠤ᠌ ᠳᠠᠩᠰᠠᠯᠠᠭᠤᠯᠤᠭᠰᠠᠨ ᠮᠡᠳᠡᠭᠡ ᠵᠠᠩᠬᠢ ᠶ᠋ᠢ ᠦᠨᠳᠦᠰᠦᠯᠡᠪᠡᠯ᠂ ᠲᠤᠰ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠬᠤᠷᠠᠯ ᠳ᠋ᠤ ᠭᠤᠸᠠᠩᠳ᠋ᠦ᠋ᠩ ᠤ᠋ᠨ ᠪᠠ ᠾᠧ ᠯᠢ ᠬᠤᠪᠢ ᠡᠵᠡᠮᠳᠡᠭᠰᠡᠨ ᠬᠢᠵᠠᠭᠠᠷᠳᠦ ᠺᠤᠮᠫᠠᠨᠢ ᠶ᠋ᠢ ᠡᠭᠦᠰᠭᠡᠨ ᠪᠠᠢᠭᠤᠯᠤᠭᠴᠢ ᠯᠢᠨ ᠬᠠᠢ ᠫᠢᠩ᠂ ᠦᠪᠦᠷ ᠮᠤᠩᠭᠤᠯ ᠤ᠋ᠨ ᠬᠦᠯᠦᠨ ᠪᠤᠢᠷ ᠤ᠋ᠨ ᠮᠢᠬᠠᠨ ᠤ᠋ ᠦᠢᠯᠡᠰ ᠤ᠋ᠨ ᠪᠦᠯᠦᠭᠯᠡᠯ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠱᠤᠤ ᠺᠦ᠋ᠨ᠂ ᠦᠪᠦᠷ ᠮᠤᠩᠭᠤᠯ ᠤ᠋ᠨ ᠬᠡᠰᠡᠭ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠳᠤ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠵᠠᠩ ᠸᠧᠨ᠂ ᠦᠪᠦᠷ ᠮᠤᠩᠭᠤᠯ ᠤ᠋ᠨ ᠵᠢᠩ ᠰᠢ ᠮᠠᠯ ᠠᠵᠤ ᠠᠬᠤᠢ ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠳᠦ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠸᠠᠩ ᠢ ᠂ ᠦᠪᠦᠷ ᠮᠤᠩᠭᠤᠯ ᠤ᠋ᠨ ᠵᠢᠶᠦ᠋ᠨ ᠨᠢᠤ ᠮᠠᠯ ᠠᠵᠤ ᠠᠬᠤᠢ ᠲᠠᠷᠢᠶᠠᠯᠠᠩ ᠤ᠋ᠨ ᠬᠢᠵᠠᠭᠠᠷᠳᠦ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠳ᠋ᠤᠸᠠᠨ ᠵᠢᠶᠦ᠋ᠨ ᠢ᠂ ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠨᠡᠢᠭᠡᠮᠯᠢᠭ ᠤ᠋ᠨ ᠳᠠᠷᠤᠭ᠎ᠠ ᠯᠢ ᠵᠢᠶᠧ ᠬᠢᠭᠡᠳ ᠨᠠᠷᠢᠨ ᠪᠢᠴᠢᠭᠡᠴᠢ ᠶ᠋ᠢᠨ ᠳᠠᠷᠤᠭ᠎ᠠ ᠵᠠᠩ ᠭᠤᠸᠠᠩ ᡁᠢ ᠵᠡᠷᠭᠡ ᠪᠠᠭᠳᠠᠵᠤ᠂ ᠭᠤᠸᠠᠩᠳ᠋ᠦ᠋ᠩ ᠦᠪᠦᠷ ᠮᠤᠩᠭᠤᠯ ᠬᠤᠶᠠᠷ ᠭᠠᠵᠠᠷ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠳᠠᠭᠠᠭᠤᠯᠤᠭᠴᠢ ᠬᠦᠴᠦᠨ ᠴᠤᠭᠯᠠᠷᠠᠵᠠᠢ᠃

ᠡᠨᠡ ᠪᠤᠯ ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠬᠦᠭᠵᠢᠯᠳᠡ ᠶ᠋ᠢᠨ ᠲᠡᠦᠬᠡᠨ ᠳ᠋ᠤ ᠲᠡᠮᠳᠡᠭᠯᠡᠭᠦᠰᠢᠳᠠᠢ ᠬᠦᠰᠢᠶ᠎ᠠ ᠲᠡᠮᠳᠡᠭ ᠤ᠋ᠨ ᠠᠴᠢ ᠬᠤᠯᠪᠤᠭᠳᠠᠯ ᠪᠦᠬᠦᠢ ᠶᠠᠪᠤᠳᠠᠯ ᠪᠠᠢᠵᠤ᠂ ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠴᠤ ᠰᠢᠨ᠎ᠠ ᠬᠦᠭᠵᠢᠯᠳᠡ ᠶ᠋ᠢᠨ ᠱᠠᠳᠤᠨ ᠳ᠋ᠤ ᠤᠷᠤᠭᠰᠠᠨ ᠢ᠋ ᠬᠠᠷᠠᠭᠤᠯᠵᠤ᠂ ᠤᠷᠤᠨ ᠪᠦᠰᠡ ᠶ᠋ᠢᠨ ᠠᠵᠤ ᠠᠬᠤᠢ ᠶ᠋ᠢᠨ ᠨᠡᠮᠡᠭᠳᠡᠯ ᠢ᠋ ᠠᠬᠢᠭᠤᠯᠬᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠢᠴᠢ ᠵᠠᠬ᠎ᠠ ᠳᠡᠯᠭᠡᠭᠦᠷ ᠤ᠋ᠨ ᠴᠢᠨᠠᠷ ᠰᠠᠢᠳᠠᠢ ᠦᠭᠡᠷ ᠤ᠋ᠨ ᠮᠢᠬᠠᠨ ᠤ᠋ ᠬᠡᠷᠡᠭᠴᠡᠭᠡ ᠶ᠋ᠢ ᠬᠠᠩᠭᠠᠬᠤ ᠳ᠋ᠤ ᠰᠢᠨ᠎ᠠ ᠪᠤᠯᠤᠮᠵᠢ ᠬᠠᠩᠭᠠᠪᠠ᠃

ᠤᠢᠯᠠᠭᠠᠭᠰᠠᠨ ᠶ᠋ᠢᠡᠷ᠂ ᠮᠠᠯ ᠠᠵᠤ ᠠᠬᠤᠢ ᠵᠢᠨ ᠲᠤᠮᠤ ᠤᠷᠤᠨ ᠪᠤᠯᠤᠭᠰᠠᠨ ᠤ᠋ ᠬᠤᠪᠢ ᠳ᠋ᠤ ᠂ ᠦᠪᠤᠷ ᠮᠤᠩᠭᠤᠯ ᠮᠢᠬᠠᠨ ᠤ᠋ ᠦᠭᠡᠷ ᠤ᠋ᠨ ᠲᠤᠭ᠎ᠠ ᠪᠠ ᠦᠭᠡᠷ ᠤ᠋ᠨ ᠮᠢᠬᠠᠨ ᠤ᠋ ᠭᠠᠷᠤᠯᠳᠠ ᠪᠡᠷ ᠴᠦᠮ ᠪᠦᠬᠦ ᠤᠯᠤᠰ ᠤ᠋ᠨ ᠡᠮᠦᠨ᠎ᠠ ᠡᠩᠨᠡᠭᠡ ᠳ᠋ᠤ ᠬᠤᠰᠢᠭᠤᠷᠠᠵᠤ ᠪᠠᠢᠨ᠎ᠠ᠃ ᠤᠳᠤᠬᠠᠨ ᠳ᠋ᠤ ᠦᠪᠤᠷ ᠮᠤᠩᠭᠤᠯ ᠳ᠋ᠤ ᠨᠢᠭᠡᠨᠳᠡ ᠦᠭᠡᠷ ᠤ᠋ᠨ ᠮᠢᠬᠠᠨ ᠤ᠋ ᠠᠵᠤ ᠦᠢᠯᠡᠰ ᠤ᠋ᠨ ᠭᠤᠷᠪᠠᠨ ᠶᠡᠬᠡ ᠠᠵᠤ ᠦᠢᠯᠡᠰ ᠤ᠋ᠨ ᠪᠦᠰᠡ ᠪᠦᠷᠢᠯᠳᠦᠭᠰᠡᠨ ᠪᠦᠭᠡᠳ ᠠᠯᠢ ᠤᠯᠠᠨ ᠤᠯᠤᠰ ᠤ᠋ᠨ ᠳᠡᠰ ᠤ᠋ᠨ ᠮᠢᠬᠠᠨ ᠤ᠋ ᠦᠭᠡᠷ ᠤ᠋ᠨ ᠡᠭᠦᠯᠳᠡᠷ ᠪᠤᠢᠵᠢᠭᠤᠯᠬᠤ ᠲᠠᠯᠠᠪᠠᠢ ᠲᠠᠢ ᠪᠤᠯᠵᠠᠢ᠃

ᠦᠪᠦᠷ ᠮᠤᠩᠭᠤᠯ ᠤ᠋ᠨ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠬᠢᠵᠠᠭᠠᠷᠳᠦ ᠺᠤᠮᠫᠠᠨᠢ ᠪᠠᠢᠭᠤᠯᠤᠭᠳᠠᠭᠰᠠᠨ ᠨᠢ ᠪᠦᠬᠦ ᠤᠷᠤᠨ ᠤ᠋ ᠮᠢᠬᠠᠨ ᠤ᠋ ᠦᠭᠡᠷ ᠤ᠋ᠨ ᠠᠵᠤ ᠦᠢᠯᠡᠰ ᠲᠤ᠌ ᠤᠷᠤᠰᠢᠭᠰᠠᠭᠠᠷ ᠢᠷᠡᠭᠰᠡᠨ ᠠᠵᠤ ᠦᠢᠯᠡᠰ ᠲᠠᠷᠠᠬᠠᠢ ᠪᠤᠳᠠᠷᠬᠠᠢ᠂ ᠬᠠᠮᠵᠢᠯᠴᠠᠨ ᠬᠦᠭᠵᠢᠬᠦ ᠪᠡᠷ ᠬᠦᠷᠦᠯᠴᠡᠬᠦ ᠦᠭᠡᠢ ᠳᠤᠳᠠᠭᠤᠳᠠᠯ ᠢ᠋ ᠨᠦᠬᠦᠪᠤᠷᠢᠯᠡᠵᠦ᠂ ᠮᠠᠨ ᠤ᠋ ᠤᠷᠤᠨ ᠤ᠋ ᠰᠢᠮ᠎ᠠ ᠰᠢᠭᠦᠰᠦ ᠰᠠᠢᠲᠠᠢ ᠦᠭᠡᠷ ᠤ᠋ᠨ ᠮᠢᠬ᠎ᠠ ᠶ᠋ᠢᠨ ᠪᠦᠬᠦ ᠤᠯᠤᠰ᠂ ᠲᠡᠷᠡᠴᠢᠯᠡᠨ ᠪᠦᠬᠦ ᠳᠡᠯᠡᠬᠡᠢ ᠶ᠋ᠢᠨ ᠵᠠᠬ᠎ᠠ ᠳᠡᠯᠭᠡᠭᠦᠷ ᠲᠤ᠌ ᠪᠠᠢᠷᠢ ᠰᠠᠭᠤᠷᠢ ᠪᠡᠨ ᠡᠵᠡᠯᠡᠬᠦ ᠳ᠋ᠤ ᠭᠤᠤᠯᠯᠠᠬᠤ ᠬᠦᠴᠦᠨ ᠦᠵᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号