ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ ᠣᠢᠷ᠎ᠠ ᠳᠤ ᠠᠯᠠᠱᠠ ᠠᠢᠮᠠᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠠᠬᠠᠮᠠᠳ ᠪᠠᠢᠯᠳᠤᠭ᠍ᠴᠢᠳ᠎ᠤᠨ ᠲᠡᠦᠬᠡ᠎ᠶ᠋ᠢ ᠶᠠᠷᠢᠬᠰᠠᠨ ᠰᠤᠷᠪᠤᠯᠵᠢᠯᠠᠭ᠎ᠠ᠎ᠶ᠋ᠢᠨ ᠪᠣᠳᠠᠲᠤ ᠲᠡᠮᠳᠡᠭ᠌ᠯᠡᠯ᠎ᠢ ᠨᠡᠢᠲᠡᠯᠡᠬᠦ᠌ ᠶᠣᠰᠣᠯᠠᠯ ᠶᠠᠪᠤᠭ᠍ᠳᠠᠪᠠ᠃ 13 ᠪᠦᠯᠦᠭ ᠬᠣᠪᠣᠷ ᠨᠠᠨᠳᠢᠨ ᠪᠣᠳᠠᠲᠤ ᠲᠡᠮᠳᠡᠭ᠌ᠯᠡᠯ ᠨᠢ ᠪᠠᠢᠯᠳᠤᠭᠠᠨ᠎ᠤ ᠶᠠᠪᠤᠴᠠ᠎ᠶ᠋ᠢ ᠪᠦᠬᠦ᠌ ᠲᠠᠯ᠎ᠠ᠎ᠪᠠᠷ ᠰᠡᠷᠭᠦᠭᠡᠵᠦ᠍᠂ ᠬᠤᠪᠢᠰᠭᠠᠯ᠎ᠤᠨ ᠳᠤᠷᠠᠰᠤᠮᠵᠢ᠎ᠶ᠋ᠢ ᠠᠭᠤᠳᠠᠯᠤᠨ ᠬᠠᠳᠠᠭᠠᠯᠠᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ ᠢ ᠲᠤᠰᠠᠯᠠᠬᠰᠠᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠤᠯᠠᠮᠵᠢᠯᠠᠵᠤ᠂ ᠠᠯᠠᠱᠠ ᠠᠢᠮᠠᠭ᠎ᠤᠨ ᠬᠣᠶᠠᠷ᠎ᠢ ᠬᠦᠷᠢᠶᠡᠯᠡᠬᠦ᠌ ᠠᠵᠢᠯ᠎ᠳᠤ ᠭᠦᠨ ᠵᠤᠵᠠᠭᠠᠨ ᠬᠤᠪᠢᠰᠭᠠᠯ᠎ᠤᠨ ᠠᠭᠤᠯᠤᠭ᠍ᠳᠠᠬᠤᠨ ᠨᠡᠮᠡᠷᠢᠯᠡᠪᠡ᠃
ᠶᠣᠰᠣᠯᠠᠯ᠎ᠤᠨ ᠠᠬᠤᠢ ᠲᠠᠯᠠᠪᠠᠢ᠎ᠳᠤ᠂ ᠠᠵᠢᠯᠯᠠᠭ᠎ᠠ᠎ᠳᠤ ᠣᠷᠣᠯᠴᠠᠭ᠍ᠰᠠᠳ ᠵᠠᠩ ᠱ᠌ᠢ ᠶᠢᠦ᠂ ᠶᠤᠸᠠᠨ ᠹᠠᠨ ᠭᠦᠸᠧ᠂ ᠵᠢᠶᠠ ᠱᠤᠤ ᠷᠦᠨ ᠭᠤᠷᠪᠠᠨ ᠠᠬᠠᠮᠠᠳ ᠪᠠᠢᠯᠳᠤᠭ᠍ᠴᠢ᠎ᠶ᠋ᠢᠨ ᠶᠠᠷᠢᠭ᠍ᠰᠠᠨ ᠪᠣᠳᠠᠲᠤ ᠲᠡᠮᠳᠡᠭ᠌ᠯᠡᠯ᠎ᠦᠨ ᠬᠡᠰᠡᠭ᠎ᠢ ᠬᠠᠮᠲᠤ᠎ᠪᠠᠷ ᠰᠣᠨᠢᠷᠬᠠᠪᠠ᠃ ᠲᠡᠳᠡᠨ ᠤ᠋ ᠶᠠᠷᠢᠬᠤ ᠵᠢ ᠲᠠᠭᠠᠯᠳᠤᠨ᠂ ᠤᠯᠠᠨ ᠵᠢᠡᠷ ᠵᠢᠡᠨ ᠠᠬᠠᠮᠠᠳ ᠦᠶ᠎ᠡ᠎ᠶ᠋ᠢᠨ ᠬᠢᠨ᠎ᠦ ᠤᠯᠤᠰ ᠵᠢᠡᠨ ᠬᠠᠮᠠᠭᠠᠯᠠᠬᠤ ᠴᠢᠩ ᠦᠨᠡᠨᠴᠢ ᠰᠡᠳᠭᠢᠯᠭᠡ ᠪᠣᠯᠤᠨ ᠤᠯᠤᠰ ᠭᠡᠷ᠎ᠦᠨ ᠬᠠᠷᠢᠭᠤᠴᠠᠯᠭ᠎ᠠ ᠡᠭᠦᠷᠭᠡᠯᠡᠯ᠎ᠢ ᠭᠦᠨᠵᠡᠭᠡᠢ ᠮᠡᠳᠡᠷᠡᠭᠰᠡᠨ ᠪᠠᠢᠨ᠎ᠠ᠃
ᠣᠢᠯᠠᠭᠠᠭ᠍ᠰᠠᠨ᠎ᠢᠶᠠᠷ᠂ ᠲᠤᠰ ᠤᠳᠠᠭ᠎ᠠ ᠨᠡᠢᠲᠡᠯᠡᠭ᠌ᠰᠡᠨ ᠰᠤᠷᠪᠤᠯᠵᠢᠯᠠᠭ᠎ᠠ᠎ᠶ᠋ᠢᠨ ᠪᠣᠳᠠᠲᠤ ᠲᠡᠮᠳᠡᠭ᠌ᠯᠡᠯ ᠨᠢ ᠠᠯᠠᠱᠠ ᠠᠢᠮᠠᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠠᠬᠠᠮᠠᠳ ᠪᠠᠢᠯᠳᠤᠭ᠍ᠴᠢ᠎ᠶ᠋ᠢᠨ ᠪᠠᠢᠯᠳᠤᠭᠠᠨ᠎ᠤ ᠥᠩᠭᠡᠷᠡᠯᠲᠡ ᠪᠣᠯᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠲᠡᠮᠳᠡᠭ᠌ᠯᠡᠵᠡᠢ᠃ 《ᠠᠬᠠᠮᠠᠳ ᠪᠠᠢᠯᠳᠤᠭ᠍ᠴᠢᠳ ᠤ᠋ᠨ ᠶᠠᠷᠢᠬᠰᠠᠨ ᠲᠡᠦᠬᠡ ᠵᠢ ᠠᠭᠤᠳᠠᠯᠤᠨ ᠡᠮᠬᠢᠳᠭᠡᠬᠦ᠌ ᠠᠵᠢᠯᠯᠠᠭ᠎ᠠ ᠪᠣᠯ ᠦᠷᠡᠭ᠌ᠳᠡᠭ᠌ᠰᠡᠨ ᠪᠠᠭᠠᠲᠤᠷᠴᠤᠳ᠎ᠢ ᠮᠠᠭ᠍ᠲᠠᠨ ᠰᠠᠢᠱᠢᠶᠠᠬᠤ ᠠᠵᠢᠯ᠎ᠢ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠨᠡᠩ ᠴᠤ᠌ ᠬᠤᠪᠢᠰᠭᠠᠯ᠎ᠤᠨ ᠤᠳᠤᠮᠱᠢᠯ᠎ᠢ ᠨᠠᠨᠳᠢᠩᠨᠠᠨ ᠤᠯᠠᠮᠵᠢᠯᠠᠬᠤ ᠠᠵᠢᠯᠯᠠᠭ᠎ᠠ ᠮᠥᠨ》ᠭᠡᠵᠦ ᠠᠯᠠᠱᠠ ᠠᠢᠮᠠᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭᠠᠳᠠᠨ ᠲᠠᠨᠢᠯᠴᠠᠭᠤᠯᠪᠠ᠃ ᠣᠢᠯᠠᠭᠠᠭ᠍ᠰᠠᠨ᠎ᠢᠶᠠᠷ᠂ ᠲᠠᠷᠠᠭᠠᠴᠢ ᠪᠡᠷ ᠡᠳᠡᠭᠡᠷ ᠬᠤᠪᠢᠰᠭᠠᠯ᠎ᠤᠨ ᠡᠬᠢ ᠪᠠᠶᠠᠯᠢᠭ ᠢ᠋ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠂ ᠴᠡᠷᠢᠭ᠎ᠦᠨ ᠬᠤᠸᠠᠷᠠᠨ ᠪᠠ ᠠᠵᠤ ᠠᠬᠤᠢᠯᠠᠯ᠎ᠳᠤ ᠤᠷᠤᠭᠤᠯᠵᠤ᠂ ᠪᠦᠬᠦ ᠨᠡᠢᠭᠡᠮ ᠤ᠋ᠨ ᠪᠠᠭᠠᠲᠤᠷᠴᠤᠳ᠎ᠢ ᠳᠡᠭᠡᠳᠦᠯᠡᠨ᠂ ᠪᠠᠭᠠᠲᠤᠷᠴᠤᠳ ᠢ᠋ ᠳᠤᠷᠠᠰᠤᠨ ᠰᠠᠨᠠᠭᠠᠯᠵᠠᠬᠤ ᠠᠭᠤᠷ ᠠᠮᠢᠰᠭᠤᠯ᠎ᠢ ᠨᠠᠡᠭ ᠵᠤᠵᠠᠭᠠᠳᠬᠠᠨ᠎ᠠ᠃