ᠣᠢᠷ᠎ᠠ ᠳ᠋ᠤ᠌᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠬᠢᠨ ᠣᠷᠳᠣᠰ ᠬᠣᠲᠠ ᠵᠢᠨ ᠡᠷᠡᠭᠦᠯ ᠮᠡᠨᠳᠦ ᠵᠢᠨ ᠠᠵᠤ ᠠᠬᠤᠢᠯᠠᠯ ᠤ᠋ᠨ ᠪᠦᠲᠦᠭᠡᠨ ᠪᠠᠢᠭᠤᠯᠤᠯᠲᠠ᠂ ᠠᠵᠢᠯ ᠤ᠋ᠨ ᠨᠦᠯᠦᠭᠡᠨ ᠤ᠋ ᠡᠷᠡᠭᠦᠯ ᠮᠡᠨᠳᠦ ᠵᠢᠨ ᠬᠢᠨᠠᠨ ᠬᠠᠮᠠᠭᠠᠯᠠᠯᠲᠠ ᠵᠡᠷᠭᠡ ᠭᠣᠣᠯᠳᠠᠯᠭ᠎ᠠ ᠳᠠᠢ ᠠᠵᠢᠯ ᠤ᠋ᠨ ᠲᠤᠬᠠᠢ ᠪᠠᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠴᠠᠢ᠃
ᠪᠠᠢᠴᠠᠭᠠᠨ ᠰᠤᠳᠤᠯᠬᠤ ᠳᠤᠭᠤᠢᠯᠠᠩᠤᠨ ᠬᠢᠨ ᠤᠷᠢᠳ ᠬᠣᠵᠢᠳ ᠤᠯᠤᠰ ᠤ᠋ᠨ ᠴᠠᠬᠢᠯᠭᠠᠨ ᠬᠦᠴᠦᠨ ᠤ᠋ ᠪᠦᠲᠦᠭᠡᠨ ᠪᠠᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠥᠪᠥᠷ ᠮᠣᠩᠭᠣᠯ ᠤ᠋ᠨ ᠡᠨᠧᠷᠭᠢ ᠵᠢᠨ ᠬᠢᠵᠠᠭᠠᠷᠲᠤ ᠺᠣᠮᠫᠠᠨᠢ ᠵᠢᠴᠢ ᠣᠷᠳᠣᠰ ᠬᠣᠲᠠ ᠵᠢᠨ ᠡᠷᠡᠭᠦᠯ ᠮᠡᠨᠳᠦ ᠵᠢᠨ ᠪᠡᠶ᠎ᠡ ᠵᠢᠨ ᠪᠠᠢᠴᠠᠭᠠᠯᠲᠠ ᠵᠢᠨ ᠲᠥᠪ ᠳᠦ᠍ ᠬᠦᠷᠴᠦ᠂ ᠬᠠᠷᠢᠭᠤ ᠮᠡᠳᠡᠭᠦᠯᠦᠯᠲᠡ ᠵᠢ ᠰᠣᠨᠣᠰᠬᠤ᠂ ᠡᠬᠡ ᠳᠠᠩᠰᠠ ᠵᠢ ᠪᠠᠢᠴᠠᠭᠠᠨ ᠦᠵᠡᠬᠦ᠂ ᠲᠤᠬᠠᠢ ᠵᠢᠨ ᠭᠠᠵᠠᠷ ᠲᠤᠨᠢ ᠬᠦᠷᠴᠦ ᠪᠠᠢᠴᠠᠭᠠᠬᠤ ᠪᠠ ᠲᠤᠬᠠᠢ ᠵᠢᠨ ᠲᠠᠯᠠᠪᠤᠷ ᠲᠦ᠍ ᠰᠠᠨᠠᠯ ᠵᠢᠡᠨ ᠰᠣᠯᠢᠯᠴᠠᠬᠤ ᠵᠡᠷᠭᠡ ᠠᠷᠭ᠎ᠠ ᠮᠠᠶᠢᠭ ᠵᠢᠠᠷ ᠳᠠᠮᠵᠢᠨ᠂ ᠬᠥᠮᠦᠨ ᠬᠡᠷᠡᠭᠯᠡᠬᠦ ᠨᠢᠭᠡᠴᠢ ᠵᠢᠨ ᠠᠵᠢᠯ ᠤ᠋ᠨ ᠨᠥᠯᠦᠭᠡᠨ ᠤ᠋ ᠡᠪᠡᠳᠴᠢᠨ ᠢ᠋ ᠰᠡᠷᠭᠡᠢᠯᠡᠨ ᠵᠠᠰᠠᠬᠤ ᠲᠠᠯ᠎ᠠ ᠪᠠᠷ ᠬᠢ ᠪᠣᠳᠠᠲᠠᠢ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠵᠢ ᠭᠦᠨᠵᠡᠭᠡᠢ ᠣᠢᠯᠠᠭᠠᠵᠤ᠂ ᠣᠳᠣᠬᠠᠨ ᠤ᠋ ᠠᠵᠢᠯ ᠤ᠋ᠨ ᠳᠤᠮᠳᠠ ᠣᠷᠣᠰᠢᠵᠤ ᠪᠠᠢᠭ᠎ᠠ ᠬᠦᠴᠢᠷ ᠠᠰᠠᠭᠤᠳᠠᠯ ᠢ᠋ ᠣᠨᠣᠴᠠᠲᠠᠢ ᠣᠢᠯᠠᠭᠠᠬᠤ ᠵᠢᠨ ᠬᠠᠮᠲᠤ ᠠᠵᠢᠯ ᠡᠷᠬᠢᠯᠡᠬᠦ ᠣᠷᠴᠢᠨ ᠲᠣᠭᠣᠷᠢᠨ ᠢ᠋ ᠴᠡᠪᠡᠷᠰᠢᠭᠦᠯᠵᠦ᠂ ᠳᠤᠬᠠᠢᠯᠠᠭᠰᠠᠨ ᠠᠵᠢᠯ ᠤ᠋ᠨ ᠡᠷᠡᠭᠦᠯ ᠮᠡᠨᠳᠦ ᠵᠢᠨ ᠰᠡᠷᠭᠡᠢᠯᠡᠯᠲᠡ ᠵᠢᠨ ᠱᠤᠭᠤᠮ ᠢ᠋ ᠪᠠᠲᠤ ᠴᠤᠭᠴᠠᠯᠠᠬᠤ ᠳᠤᠬᠠᠢ ᠬᠠᠨᠳᠤᠯᠭᠠᠲᠤ ᠴᠢᠨᠠᠷᠲᠠᠢ ᠴᠡᠭᠴᠡᠯᠡᠨ ᠵᠠᠰᠠᠬᠤ ᠰᠠᠨᠠᠭᠤᠯᠭ᠎ᠠ ᠪᠠ ᠠᠵᠢᠯ ᠤ᠋ᠨ ᠱᠠᠭᠠᠷᠳᠠᠯᠭ᠎ᠠ ᠵᠢ ᠳᠤᠷᠠᠳᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号