ᠲᠦᠷᠦᠭᠦᠬᠡᠨ᠂ ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠤ ᠯᠢᠨᠳ᠋ᠦ᠋ᠩ ᠪᠠᠷᠠᠭᠤᠨ ᠬᠤᠳᠠ ᠵᠡᠭᠡᠯᠢ ᠭᠤᠳᠤᠮᠵᠢ᠎ᠶ᠋ᠢᠨ ᠪᠸᠢ ᠰᠢᠨ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠲᠤ᠂ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠶᠠᠭ ᠰᠤᠷᠪᠤᠯᠵᠢᠯᠠᠬᠤ᠎ᠪᠠᠷ ᠢᠷᠡᠭ᠌ᠰᠡᠨ ᠨᠠᠰᠤᠲᠠᠨ᠎ᠲᠠᠶ ᠶᠠᠷᠢᠯᠴᠠᠵᠤ᠂ 《ᠨᠠᠰᠤᠲᠠᠨ ᠡ᠂ ᠪᠢᠲᠡᠭᠡᠶ ᠰᠠᠨᠳᠤᠷ᠂ ᠠᠭᠠᠵᠢᠭᠤ ᠶᠠᠷᠢᠭᠠᠷᠠᠶ》 ᠭᠡᠵᠦ ᠪᠠᠢᠯ᠎ᠠ᠃
ᠤᠴᠢᠷ ᠶᠠᠪᠤᠳᠠᠯ᠎ᠤᠨ ᠡᠭᠦᠰᠦᠯ ᠨᠢ ᠨᠠᠰᠤᠲᠠᠨ 7 ᠲᠣᠨ ᠡᠪᠦᠯ᠎ᠦᠨ ᠨᠡᠭᠦᠷᠡᠰᠦ ᠬᠤᠳᠠᠯᠳᠤᠨ ᠠᠪᠴᠤ᠂ ᠨᠡᠭᠦᠷᠡᠰᠦ ᠲᠡᠭᠡᠭᠡᠪᠦᠷᠢᠯᠡᠬᠦ᠌ ᠲᠡᠷᠭᠡ ᠨᠢ ᠬᠦᠷᠰᠢ ᠠᠢᠯ᠎ᠤᠨ ᠬᠢᠨᠢ ᠵᠠᠮ᠎ᠤᠨ ᠬᠠᠵᠠᠭᠤ᠎ᠳᠤ ᠤᠭ᠍ᠰᠠᠷᠠᠭ᠍ᠰᠠᠨ 1.5 ᠮᠧᠲ᠋ᠷ ᠥᠨᠳᠥᠷ ᠬᠠᠱᠢᠯᠭ᠎ᠠ᠎ᠳᠤ ᠬᠠᠱᠢᠭ᠍ᠳᠠᠭᠠᠳ ᠬᠦᠷᠢᠶᠡᠨ ᠳ᠋ᠤᠨᠢ ᠣᠷᠣᠵᠤ ᠳᠡᠢᠯᠬᠦ᠌ ᠦᠭᠡᠶ ᠡᠴᠡ ᠪᠣᠯᠵᠠᠶ᠃ ᠨᠠᠰᠤᠲᠠᠨ ᠣᠯᠠᠨ ᠤᠳᠠᠭ᠎ᠠ ᠬᠦᠷᠰᠢ ᠠᠢᠯ ᠲᠠᠢ᠎ᠪᠡᠨ ᠵᠥᠪᠳᠡᠯᠴᠡᠵᠦ᠍᠂ ᠲᠦᠷ ᠴᠠᠭ ᠬᠠᠱᠢᠯᠭ᠎ᠠ᠎ᠪᠠᠨ ᠠᠪᠴᠤ ᠬᠠᠶᠠᠬᠤ ᠶ᠋ᠢ ᠬᠦᠰᠡᠪᠡ᠃ ᠭᠡᠪᠡᠴᠤ ᠤᠯᠠᠨᠳᠠ ᠵᠥᠪᠳᠡᠯᠴᠡᠭᠡᠳ ᠦᠷ᠎ᠡ ᠳ᠋ᠦᠩ ᠭᠠᠷᠤᠭ᠍ᠰᠠᠨ ᠦᠭᠡᠢ ᠪᠤᠯᠬᠤᠷ ᠨᠠᠰᠤᠲᠠᠨ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠳᠠᠰᠤᠭ᠎ᠲᠤ ᠬᠦᠷᠴᠦ᠍ ᠲᠡᠮᠵᠢᠯᠭᠡ ᠬᠦᠰᠡᠪᠡ᠃
ᠪᠠᠢᠳᠠᠯ ᠢ ᠣᠢᠯᠠᠭᠠᠭ᠍ᠰᠠᠨ ᠤ ᠳᠠᠷᠠᠭ᠎ᠠ᠂ ᠠᠷᠠᠳ᠎ᠤᠨ ᠴᠠᠭ᠍ᠳᠠᠭ᠎ᠠ ᠲᠡᠷᠡ ᠳᠠᠷᠤᠶᠳᠤᠨᠢ ᠨᠡᠢᠭᠡᠮ ᠲᠣᠭᠣᠷᠢᠭ ᠤᠨ ᠱᠦᠵᠢ᠎ᠲᠡᠶ ᠬᠠᠷᠢᠯᠴᠠᠵᠤ ᠬᠠᠮᠲᠤ᠎ᠪᠠᠷ ᠬᠦᠷᠴᠦ᠍᠂ ᠲᠣᠰ ᠲᠣᠰ ᠬᠣᠶᠠᠷ ᠠᠢᠯ᠎ᠳᠤ ᠭᠦᠨᠵᠡᠭᠡᠢᠷᠡᠨ ᠬᠦᠰᠡᠯ ᠱᠠᠭᠠᠷᠳᠠᠯᠭ᠎ᠠ᠎ᠶ᠋ᠢ᠎ᠨᠢ ᠣᠢᠯᠠᠭᠠᠵᠤ᠂ ᠬᠠᠷᠢᠯᠴᠠᠨ ᠬᠥᠲᠥᠯᠥᠨ ᠵᠢᠯᠣᠭᠣᠳᠴᠤ᠌᠂ ᠪᠤᠰᠤᠳ᠎ᠤᠨ ᠡᠮᠦᠨ᠎ᠠ ᠡᠴᠡ ᠪᠤᠳᠤᠯᠬᠢᠯᠠᠭᠤᠯᠵᠤ᠂ ᠬᠣᠶᠠᠷ ᠲᠠᠯ᠎ᠠ᠎ᠪᠠᠷ᠎ᠢᠶᠠᠨ ᠠᠭᠠᠵᠢᠮ ᠢᠶᠠᠷ ᠡᠪᠰᠡᠵᠦ᠂ ᠨᠠᠰᠤᠲᠠᠨ ᠰᠠᠨᠠᠭᠠᠴᠢᠯᠠᠭ᠎ᠠ᠎ᠡᠴᠡ᠎ᠪᠠᠨ ᠥᠪᠡᠷ᠎ᠦᠨ ᠪᠠᠴᠢᠮ ᠪᠠᠢᠳᠠᠯ᠎ᠡᠴᠡ ᠪᠣᠯᠤᠭ᠍ᠰᠠᠨ ᠵᠦᠶ ᠪᠤᠰᠤ ᠣᠪᠣᠷ᠎ᠲᠠᠭᠠᠨ ᠬᠥᠷᠰᠢ ᠵᠢᠨ ᠬᠢᠨ ᠳ᠋ᠡᠭᠡᠨ ᠪᠤᠷᠤᠭᠤ ᠬᠦᠯᠢᠶᠡᠵᠦ᠍᠂ ᠬᠥᠷᠰᠢ ᠵᠢᠨ ᠬᠢᠨ ᠨᠢ ᠪᠠᠰᠠ ᠳᠤᠷᠠᠲᠠᠶ᠎ᠠ ᠲᠥᠬᠥᠮ ᠦᠵᠡᠭᠦᠯᠦᠨ᠎ᠡ ᠭᠡᠵᠦ᠍ ᠢᠯᠡᠳᠬᠡᠵᠦ᠂ ᠲᠦᠷ ᠴᠠᠭ ᠬᠠᠱᠢᠯᠭ᠎ᠠ᠎ᠪᠠᠨ ᠨᠤᠷᠠᠭᠠᠵᠤ᠂ ᠲᠠᠷᠠᠭᠠᠴᠢ ᠪᠡᠷ ᠬᠠᠱᠢᠯᠭ᠎ᠠ᠎ᠪᠠᠨ ᠰᠡᠷᠭᠦᠭᠡᠬᠦ᠌᠎ᠶ᠋ᠢ ᠵᠥᠪᠱᠢᠶᠡᠷᠡᠪᠡ᠃ ᠢᠩᠭᠢᠭᠡᠳ ᠬᠥᠷᠰᠢ᠎ᠶ᠋ᠢᠨ ᠬᠤᠭᠤᠷᠤᠨᠳᠤᠬᠢ ᠵᠠᠭᠤᠷᠠᠯᠳᠤᠭᠠᠨ ᠨᠢ ᠠᠷᠠᠳ᠎ᠤᠨ ᠴᠠᠭ᠍ᠳᠠᠭ᠎ᠠ ᠪᠠ ᠨᠡᠢᠭᠡᠮ ᠲᠣᠭᠣᠷᠢᠭ᠎ᠤᠨ ᠱᠦᠵᠢ᠎ᠶ᠋ᠢᠨ ᠬᠦᠯᠢᠴᠡᠩᠭᠦᠶ ᠡᠶᠡᠳᠡᠭᠦᠯᠭᠡ᠎ᠪᠡᠷ ᠤᠷᠤᠭ᠍ᠰᠢᠲᠠᠶ ᠱᠢᠶ᠋ᠳᠪᠦᠷᠢᠯᠡᠭ᠌ᠳᠡᠪᠡ᠃
ᠪᠦᠬᠦ ᠶᠠᠪᠤᠳᠠᠯ ᠨᠢ ᠪᠦᠷ ᠠᠷᠠᠳ ᠤ᠋ᠨ ᠠᠮᠢᠳᠤᠷᠠᠯ᠎ᠤᠨ ᠶᠠᠪᠤᠳᠠᠯ ᠶᠤᠮ᠃ ᠤᠯᠠᠭᠠᠨᠬᠠᠳᠠ ᠬᠣᠲᠠ ᠱᠢᠨ᠎ᠡ ᠴᠠᠭ ᠦᠶ᠎ᠡ᠎ᠶ᠋ᠢᠨ 《ᠹᠧᠩᠴᠢᠶᠣᠤ ᠶ᠋ᠢᠨ ᠲᠤᠷᠱᠢᠯᠭ᠎ᠠ》᠎ᠶ᠋ᠢ ᠪᠠᠷᠢᠮᠲᠠᠯᠠᠨ ᠬᠥᠭ᠌ᠵᠢᠭᠦᠯᠵᠦ᠍᠂ ᠱᠢᠶᠠᠩ᠎ᠤᠨ ᠱᠠᠲᠤᠨ᠎ᠤ ᠶᠡᠷᠦᠩᠬᠡᠢᠯᠡᠨ ᠵᠠᠰᠠᠬᠤ ᠲᠥᠪ ᠦᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠷ ᠳᠠᠮᠵᠢᠭᠤᠯᠤᠨ᠂ 《ᠦᠨᠳᠦᠰᠦᠨ ᠱᠠᠲᠤᠨ᠎ᠤ ᠪᠢᠴᠢᠯ ᠵᠠᠰᠠᠯᠲᠠ + ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ》 ᠤ᠋ᠨ ᠠᠵᠢᠯ᠎ᠤᠨ ᠠᠭᠤᠰᠤᠯᠴᠠᠯ᠎ᠢ ᠠᠬᠢᠭᠤᠯᠵᠤ᠂ ᠦᠨᠳᠦᠰᠦᠨ ᠱᠠᠲᠤᠨ᠎ᠤ ᠴᠠᠭ᠍ᠳᠠᠭᠠᠨ᠎ᠤ ᠬᠦᠴᠦᠨ ᠬᠦᠷᠦᠯᠴᠡᠬᠦ᠌ ᠥᠬᠡᠶ᠂ ᠵᠠᠰᠠᠯᠲᠠ᠎ᠶ᠋ᠢᠨ ᠬᠦᠴᠦᠨ ᠲᠠᠷᠠᠬᠠᠶ ᠪᠤᠲᠠᠷᠬᠠᠶ᠂ ᠲᠤᠰᠭᠠᠶ ᠮᠡᠷᠭᠡᠵᠢᠯ᠎ᠦᠨ ᠴᠢᠳᠠᠪᠤᠷᠢ ᠪᠠᠭᠤᠷᠠᠶ ᠵᠡᠷᠭᠡ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ᠎ᠡᠴᠡ᠎ᠨᠢ ᠰᠡᠷᠭᠡᠢᠯᠡᠨ ᠠᠷᠢᠯᠭᠠᠬᠤ᠂ ᠨᠡᠢᠭᠡᠮ ᠦᠨ ᠠᠮᠤᠷ ᠲᠦᠪᠱᠢᠨ ᠢ ᠲᠤᠢᠯ᠎ᠤᠨ ᠣᠨᠣᠪᠴᠢᠲᠠᠶ᠎ᠪᠠᠷ ᠰᠡᠷᠭᠡᠢᠯᠡᠨ ᠡᠵᠡᠮᠳᠡᠬᠦ᠌᠂ ᠦᠶ᠋ᠯᠡᠴᠢᠯᠡᠭᠡ ᠬᠠᠮᠢᠶᠠᠷᠤᠯᠲᠠ ᠶ᠋ᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠪᠠ᠃
ᠤᠯᠠᠭᠠᠨᠬᠠᠳᠠ ᠬᠣᠲᠠ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢᠶᠡᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠵᠢᠯ᠎ᠤᠨ ᠠᠭᠤᠰᠤᠯᠴᠠᠯ ᠢ ᠠᠬᠢᠭᠤᠯᠪᠠ᠃《ᠤᠯᠠᠭᠠᠨᠬᠠᠳᠠ ᠬᠣᠲᠠ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ᠎ᠶ᠋ᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠤᠳᠤᠷᠢᠳᠭᠤ ᠪᠠᠭ ᠲᠦ᠍ ᠣᠷᠣᠭᠤᠯᠬᠤ᠂ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ᠎ᠶ᠋ᠢ ᠭᠠᠴᠠᠭ᠎ᠠ ᠲᠣᠰᠭᠣᠨ(ᠨᠡᠢᠭᠡᠮ ᠲᠣᠭᠣᠷᠢᠭ) ᠤ᠋ ᠤᠳᠤᠷᠢᠳᠭᠤ ᠪᠠᠭ ᠲᠦ᠍ ᠣᠷᠣᠭᠤᠯᠬᠤ ᠬᠡᠷᠡᠭ᠌ᠵᠢᠭᠦᠯᠬᠦ᠌ ᠲᠥᠰᠦᠯ》 ᠢ᠋ ᠨᠡᠢᠲᠡᠯᠡᠵᠦ᠍᠂ ᠪᠥᠬᠥ᠌ ᠬᠣᠲᠠ᠎ᠶ᠋ᠢᠨ 168 ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ᠎ᠶ᠋ᠢ ᠪᠦᠬᠦᠨ᠎ᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠨᠠᠮ ᠤᠨ (ᠠᠵᠢᠯᠯᠠᠬᠤ) ᠬᠣᠷᠢᠶ᠎ᠠ᠎ᠶ᠋ᠢᠨ ᠤᠳᠤᠷᠢᠳᠭᠤ ᠪᠠᠭ᠎ᠲᠤ ᠣᠷᠣᠭᠤᠯᠬᠤ᠂ 2450 ᠨᠡᠷᠡᠰ ᠨᠡᠢᠭᠡᠮ ᠲᠣᠭᠣᠷᠢᠭ ᠤᠨ ᠠᠷᠠᠳ᠎ᠤᠨ ᠴᠠᠭ᠍ᠳᠠᠭ᠎ᠠ᠎ᠶ᠋ᠢ ᠪᠦᠬᠦᠨ ᠢ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠡᠳ᠋ ᠱᠦᠵᠢ ᠪᠤᠶᠤ ᠰᠠᠭᠤᠭᠠᠯᠢ ᠠᠷᠠᠳ᠎ᠤᠨ ᠵᠥᠪᠯᠡᠯ᠎ᠦᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠢ ᠬᠠᠪᠰᠤᠷᠭᠠᠬᠤ᠎ᠶ᠋ᠢ ᠭᠦᠨᠵᠡᠭᠡᠶ ᠠᠬᠢᠭᠤᠯᠪᠠ᠃ 《〈ᠦᠨᠳᠦᠰᠦᠨ ᠱᠠᠲᠤᠨ ᠤ ᠪᠢᠴᠢᠯ ᠵᠠᠰᠠᠯᠲᠠ + ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ〉 ᠤ᠋ᠨ ᠠᠵᠢᠯ᠎ᠢ ᠠᠭᠤᠰᠤᠯᠴᠠᠭᠤᠯᠬᠤ ᠲᠣᠭ᠍ᠲᠠᠴᠠ》 ᠶ᠋ᠢ ᠲᠣᠭ᠍ᠲᠠᠭᠠᠵᠤ᠂ ᠪᠥᠬᠥ᠌ ᠬᠣᠲᠠ᠎ᠶ᠋ᠢᠨ 178 ᠱᠢᠶᠠᠩ᠎ᠤᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠢᠶᠡᠷ ᠠᠭᠤᠰᠤᠯᠴᠠᠭᠤᠯᠬᠤ ᠬᠦᠶ᠋ᠰᠦ ᠪᠣᠯᠭᠠᠨ᠂ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠡᠭᠦᠷᠭᠡ ᠬᠠᠷᠢᠭᠤᠴᠠᠯᠭ᠎ᠠ ᠬᠢᠭᠡᠳ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠡᠭᠦᠷᠭᠡ᠎ᠶ᠋ᠢᠨ ᠵᠢᠷᠤᠭ ᠲᠥᠯᠥᠪᠯᠡᠭᠡ᠎ᠶ᠋ᠢ ᠲᠣᠭ᠍ᠲᠠᠭᠠᠵᠤ᠂ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠡᠶᠡᠯᠡᠭᠦᠯᠪᠡ᠃ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠲᠤᠤᠷᠵᠢᠭᠤᠯᠤᠯᠲᠠ᠎ᠵᠢᠨ ᠠᠵᠢᠯᠲᠠᠨ᠂ ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ ᠵᠡᠷᠭᠡ ᠬᠦᠴᠦᠨ᠎ᠢ ᠵᠣᠬᠢᠶᠠᠨ ᠪᠠᠢᠭᠤᠯᠤᠨ ᠵᠢᠯᠣᠭᠣᠳᠴᠤ᠌ ᠪᠠᠢᠭᠠᠳ ᠮᠡᠳᠡᠭᠡ ᠵᠠᠩᠭᠢ ᠴᠤᠭ᠍ᠯᠠᠭᠤᠯᠬᠤ᠂ ᠵᠥᠷᠢᠴᠡᠯ᠎ᠢ ᠡᠶᠡᠳᠡᠭᠦᠯᠬᠦ᠌᠂ ᠠᠮᠤᠷ ᠢ ᠬᠠᠮᠠᠭᠠᠯᠠᠬᠤ ᠴᠠᠭ᠍ᠳᠠᠨ ᠰᠡᠷᠭᠡᠢᠯᠡᠬᠦ᠌ ᠵᠡᠷᠭᠡ ᠠᠵᠢᠯ ᠢ ᠥᠷᠨᠢᠭᠦᠯᠵᠦ᠍᠂ ᠴᠠᠭ᠍ᠳᠠᠭᠠᠨ᠎ᠤ ᠬᠦᠴᠦᠨ᠎ᠢᠶᠡᠷ ᠬᠥᠲᠥᠯᠥᠨ ᠳᠠᠭᠠᠭᠤᠯᠬᠤ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ᠌᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ ᠠᠵᠢᠯ ᠤᠨ ᠪᠠᠢᠷᠢᠱᠢᠯ᠎ᠢ ᠪᠣᠶ ᠪᠣᠯᠭᠠᠪᠠ᠃ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ ᠤᠨ ᠪᠦᠯᠬᠦᠮ ᠢ ᠪᠠᠢᠭᠤᠯᠵᠤ᠂ ᠦᠨᠳᠦᠰᠦᠨ ᠱᠠᠲᠤᠨ ᠤ ᠵᠠᠰᠠᠯᠲᠠ᠎ᠶ᠋ᠢᠨ ᠲᠤᠰᠭᠠᠶ ᠬᠦᠴᠦᠨ ᠪᠠ ᠣᠯᠠᠨ ᠲᠦᠮᠡᠨ᠎ᠦ ᠤᠶᠠᠯᠳᠤᠯ᠎ᠢ ᠪᠡᠶᠡᠯᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠪᠦᠲᠦᠮᠵᠢᠲᠡᠶ ᠬᠥᠭ᠌ᠵᠢᠭᠡᠪᠡ᠃
ᠤᠯᠠᠭᠠᠨᠬᠠᠳᠠ ᠬᠣᠲᠠ ᠪᠠᠰᠠ ᠲᠤᠳᠤᠭᠠᠳᠤ᠎ᠶᠢ ᠬᠠᠮᠠᠭᠠᠯᠠᠬᠤ ᠪᠠᠢᠭᠤᠯᠭ᠎ᠠ ᠬᠢᠭᠡᠳ ᠠᠷᠠᠳ᠎ᠤᠨ ᠡᠶᠡᠳᠡᠭᠦᠯᠭᠡ ᠵᠢᠨ ᠪᠠᠢᠭᠤᠯᠤᠮᠵᠢ ᠵᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠂ ᠴᠠᠭ᠍ᠳᠠᠭ᠎ᠠ ᠠᠷᠠᠳ ᠬᠣᠯᠪᠣᠭᠠᠯᠠᠨ ᠰᠡᠷᠭᠡᠢᠯᠡᠬᠦ᠌᠎ᠶ᠋ᠢ ᠠᠬᠢᠭᠤᠯᠬᠤ᠂ ᠴᠠᠭ᠍ᠳᠠᠭ᠎ᠠ ᠣᠷᠣᠨ ᠨᠤᠲᠤᠭ ᠬᠣᠯᠪᠣᠭᠠᠯᠠᠬᠤ᠎ᠶ᠋ᠢ ᠴᠢᠬᠤᠯᠠᠴᠢᠯᠠᠬᠤ ᠵᠡᠷᠭᠡ ᠲᠠᠯ᠎ᠠ᠎ᠪᠠᠷ ᠬᠦᠴᠦ᠍ ᠲᠠᠯᠪᠢᠪᠠ᠃ ᠱᠢᠶᠠᠩ ᠤᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠲᠦ 《ᠲᠤᠳᠤᠭᠠᠳᠤ᠎ᠶᠢ ᠬᠠᠮᠠᠭᠠᠯᠠᠬᠤ ᠪᠠᠢᠭᠤᠯᠭ᠎ᠠ ᠬᠢᠭᠡᠳ ᠠᠷᠠᠳ᠎ᠤᠨ ᠡᠶᠡᠳᠡᠭᠦᠯᠭᠡ ᠵᠢᠨ ᠪᠠᠢᠭᠤᠯᠤᠮᠵᠢ ᠶ᠋ᠢ ᠠᠭᠤᠰᠤᠯᠴᠠᠭᠤᠯᠬᠤ 》 ᠴᠣᠩᠬᠤᠪᠴᠢ ᠭᠠᠷᠭᠠᠵᠤ᠂ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠬᠢᠭᠡᠳ ᠨᠡᠢᠭᠡᠮ ᠦᠨ ᠵᠠᠰᠠᠯᠲᠠ᠎ᠶ᠋ᠢᠨ ᠠᠯᠪᠠᠨ ᠭᠡᠷ᠎ᠦᠨ ᠠᠵᠢᠯᠲᠠᠨ᠂ ᠠᠷᠠᠳ᠎ᠤᠨ ᠡᠶᠡᠳᠡᠭᠦᠯᠦᠭ᠌ᠴᠢᠨᠡᠷ ᠶᠡᠷᠦᠩᠬᠡᠢᠯᠡᠨ ᠵᠠᠰᠠᠬᠤ ᠲᠥᠪ ᠲᠦ ᠣᠷᠣᠵᠤ ᠰᠠᠭᠤᠨ᠂ ᠬᠠᠮᠲᠤᠷᠠᠨ ᠠᠵᠢᠯ᠎ᠢᠶᠠᠨ ᠥᠷᠨᠢᠭᠦᠯᠪᠡ᠃ 《ᠠᠮᠤᠷ ᠢ ᠬᠠᠮᠠᠭᠠᠯᠠᠬᠤ ᠲᠥᠷᠥᠯ᠎ᠦᠨ ᠵᠠᠭᠤᠷᠠᠯᠳᠤᠭᠠᠨ᠎ᠢ ᠠᠷᠠᠳ᠎ᠤᠨ ᠴᠠᠭ᠍ᠳᠠᠭ᠎ᠠ ᠠᠩᠬ᠎ᠠ ᠭᠥᠯᠢᠶᠡᠨ ᠠᠪᠴᠤ᠌ ᠬᠠᠷᠢᠭᠤᠴᠠᠵᠤ᠂ ᠢᠷᠭᠡᠨ᠎ᠦ ᠬᠡᠷᠡᠭ᠎ᠦᠨ ᠲᠦᠷᠦᠯ᠎ᠤᠨ ᠵᠠᠭᠤᠷᠠᠯᠳᠤᠭᠠᠨ ᠢ ᠴᠠᠭ᠍ᠳᠠᠭᠠᠨ ᠤ ᠬᠦᠴᠦᠨ᠎ᠢᠶᠡᠷ ᠲᠤᠯᠭᠠᠭᠤᠷᠢᠯᠠᠨ ᠪᠠᠲᠤᠯᠠᠬᠤ 》 ᠰᠠᠯᠭᠠᠨ ᠭᠠᠷᠭᠠᠵᠤ ᠬᠣᠯᠪᠣᠭᠠᠯᠠᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠪᠠ᠃ ᠴᠠᠭ ᠲᠤᠬᠠᠶ᠎ᠳᠤᠨᠢ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠌᠎ᠶ᠋ᠢ ᠬᠡᠷᠡᠭ᠌ᠵᠢᠭᠦᠯᠵᠦ᠍᠂ ᠲᠤᠤᠷᠵᠢᠭᠤᠯᠤᠯᠲᠠ᠎ᠵᠢᠨ ᠠᠵᠢᠯᠲᠠᠨ᠂ ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ ᠲᠦᠭ᠌ᠰᠢᠭᠦᠷᠢ᠎ᠶ᠋ᠢᠨ ᠳᠠᠯᠳᠠ ᠬᠡᠮ᠎ᠢ ᠴᠠᠭ ᠲᠤᠬᠠᠶ᠎ᠳᠤᠨᠢ ᠳᠡᠭᠡᠭ᠌ᠰᠢ ᠮᠡᠳᠡᠭᠦᠯᠵᠦ᠍᠂ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠲᠤᠢᠯ ᠤᠨ ᠣᠨᠣᠪᠴᠢᠲᠠᠶ᠎ᠪᠠᠷ ᠬᠦᠷᠭᠡᠵᠦ᠍᠂ ᠡᠯ᠎ᠡ ᠲᠥᠷᠥᠯ᠎ᠦᠨ ᠲᠦᠭ᠌ᠰᠢᠭᠦᠷᠢ᠎ᠶ᠋ᠢᠨ ᠳᠠᠯᠳᠠ ᠬᠡᠮ᠎ᠢ ᠡᠷᠲᠡ ᠢᠯᠡᠷᠡᠭᠦᠯᠵᠦ᠍᠂ ᠡᠷᠲᠡ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ᠃ ᠲᠤᠤᠷᠵᠢᠭᠤᠯᠤᠯᠲᠠ᠎ᠵᠢᠨ ᠠᠵᠢᠯᠲᠠᠨ᠂ ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ ᠵᠡᠷᠭᠡ ᠬᠦᠴᠦᠨ᠎ᠢ ᠵᠣᠬᠢᠶᠠᠨ ᠪᠠᠢᠭᠤᠯᠤᠨ 《ᠴᠠᠭ᠍ᠳᠠᠭ᠎ᠠ ᠠᠷᠠᠳ ᠬᠣᠯᠪᠣᠭᠠᠯᠠᠨ ᠰᠡᠷᠭᠡᠢᠯᠡᠬᠦ᠌ 》 ᠪᠠᠢᠩᠭᠤ᠎ᠶ᠋ᠢᠨ ᠲᠣᠭᠣᠷᠢᠨ ᠴᠠᠭ᠍ᠳᠠᠬᠤ ᠠᠵᠢᠯ ᠥᠷᠨᠢᠭᠦᠯᠵᠦ᠍᠂ 《ᠠᠷᠠᠳ᠎ᠤᠨ ᠴᠠᠭ᠍ᠳᠠᠭ᠎ᠠ ᠳᠠᠢᠴᠢᠯᠠᠬᠤ᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ᠂ ᠪᠥᠬᠥ᠌ ᠣᠷᠣᠨ ᠪᠦᠰᠡ᠎ᠶ᠋ᠢ ᠬᠠᠮᠤᠷᠬᠤ 》 ᠲᠣᠭᠣᠷᠢᠨ ᠴᠠᠭ᠍ᠳᠠᠬᠤ ᠱᠢᠰᠲ᠋ᠧᠮ᠎ᠢ ᠪᠦᠷᠢᠯᠳᠦᠭᠦᠯᠪᠡ᠃ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠲᠣᠰᠭᠣᠨ᠎ᠤ ᠰᠠᠭᠤᠭᠠᠯᠢ ᠠᠷᠠᠳ ᠤᠨ ᠦᠶ᠋ᠯᠡᠴᠢᠯᠡᠭᠡᠨ ᠦ ᠱᠢᠰᠲ᠋ᠧᠮ ᠳᠦ ᠭᠦᠨᠵᠡᠭᠡᠶ ᠠᠭᠤᠰᠤᠯᠴᠠᠵᠤ᠂ ᠲᠤᠤᠷᠵᠢᠭᠤᠯᠤᠯᠲᠠ᠎ᠵᠢᠨ ᠠᠵᠢᠯᠲᠠᠨ᠂ ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ᠎ᠲᠠᠶ 《ᠡᠳᠦᠷ ᠲᠡᠭᠡᠨ ᠬᠠᠷᠢᠯᠴᠠᠨ ᠨᠡᠪᠲᠡᠷᠡᠯᠴᠡᠵᠦ᠍᠂ ᠭᠠᠷᠠᠭ᠎ᠢᠶᠠᠷ ᠵᠥᠪᠳᠡᠯᠴᠡᠬᠦ᠌ 》 ᠲᠣᠭ᠍ᠲᠠᠴᠠ᠎ᠶ᠋ᠢ ᠪᠠᠢᠭᠤᠯᠪᠠ᠃ ᠠᠷᠠᠳ᠎ᠤᠨ ᠴᠠᠭ᠍ᠳᠠᠭ᠎ᠠ᠂ ᠲᠤᠰᠠᠯᠠᠬᠤ ᠴᠠᠭ᠍ᠳᠠᠭ᠎ᠠ ᠳᠣᠲᠣᠭᠠᠳᠤ ᠶ᠋ᠢ ᠬᠠᠮᠠᠭᠠᠯᠠᠬᠤ ᠲᠤᠬᠠᠢᠯᠠᠭ᠍ᠰᠠᠨ ᠠᠵᠢᠯ ᠥᠷᠨᠢᠭᠦᠯᠬᠦ᠌᠂ ᠴᠠᠭ᠍ᠳᠠᠭᠠᠨ᠎ᠤ ᠬᠡᠷᠡᠭ᠎ᠦᠨ ᠪᠠᠢᠳᠠᠯ᠎ᠢ ᠱᠢᠶ᠋ᠳᠪᠦᠷᠢᠯᠡᠬᠦ᠌ ᠵᠡᠷᠭᠡ ᠴᠠᠭ᠍ᠳᠠᠭᠠᠨ᠎ᠤ ᠶᠠᠪᠤᠳᠠᠯ᠎ᠤᠨ ᠠᠵᠢᠯ᠎ᠳᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠶ᠋ᠢ ᠵᠡᠷᠭᠡ᠎ᠪᠡᠷ ᠴᠤᠭ᠍ᠯᠠᠭᠤᠯᠪᠠ᠃ ᠲᠤᠤᠷᠵᠢᠭᠤᠯᠤᠯᠲᠠ᠎ᠵᠢᠨ ᠠᠵᠢᠯᠲᠠᠨ᠂ ᠠᠰᠠᠷ (ᠤᠷᠤᠴᠠ᠂ ᠬᠣᠯᠪᠣᠭᠠᠲᠤ ᠡᠷᠦᠬᠡ)᠎ᠤ᠋ᠨ ᠳᠠᠷᠤᠭ᠎ᠠ ᠠᠷᠠᠳ ᠤᠨ ᠠᠮᠢᠳᠤᠷᠠᠯ᠎ᠳᠤ ᠦᠶ᠋ᠯᠡᠴᠢᠯᠡᠬᠦ᠌ ᠳᠡᠭᠡᠨ ᠮᠡᠬᠡᠯᠡᠯ ᠢ ᠡᠰᠡᠷᠭᠦᠴᠡᠬᠦ᠌ ᠤᠬᠠᠭᠤᠯᠭ᠎ᠠ᠂ ᠬᠠᠤᠯᠢ ᠪᠠᠷ ᠵᠠᠰᠠᠬᠤ ᠬᠥᠮᠦᠵᠢᠯ ᠵᠡᠷᠭᠡ ᠠᠵᠢᠯ᠎ᠢ ᠬᠠᠮᠵᠢᠯᠴᠠᠨ ᠥᠷᠨᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡ ᠬᠢᠭᠡᠳ ᠴᠠᠭ᠍ᠳᠠᠭᠠᠨ᠎ᠤ ᠶᠠᠪᠤᠳᠠᠯ᠎ᠤᠨ ᠠᠵᠢᠯ᠎ᠢ ᠵᠠᠪᠰᠠᠷ ᠥᠬᠡᠶ ᠵᠣᠯᠭᠠᠭᠤᠯᠬᠤ ᠪᠠ ᠦᠷ᠎ᠡ ᠠᠰᠢᠭ᠎ᠢ ᠳᠠᠪᠬᠤᠴᠠᠭᠤᠯᠬᠤ᠎ᠶ᠋ᠢ ᠪᠡᠶᠡᠯᠡᠭᠦᠯᠪᠡ᠃
ᠠᠵᠢᠯ᠎ᠤᠨ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ ᠶ᠋ᠢ ᠡᠭᠦᠳᠬᠦ᠌᠎ᠶ᠋ᠢᠨ ᠭᠣᠣᠯᠳᠠᠯᠭ᠎ᠠ ᠨᠢ ᠠᠷᠠᠳ᠎ᠤᠨ ᠲᠥᠯᠥᠭᠡ ᠠᠵᠢᠯ ᠶᠠᠪᠤᠳᠠᠯ ᠬᠢᠵᠦ᠍᠂ ᠠᠷᠠᠳ ᠤᠨ ᠵᠣᠪᠠᠨᠢᠯ ᠢ ᠠᠷᠢᠯᠭᠠᠬᠤ᠎ᠳᠤ ᠣᠷᠣᠱᠢᠨ᠎ᠠ᠃ 《ᠦᠨᠳᠦᠰᠦᠨ ᠱᠠᠲᠤᠨ ᠤ ᠪᠢᠴᠢᠯ ᠵᠠᠰᠠᠯᠲᠠ + ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ》 ᠤ᠋ᠨ ᠠᠵᠢᠯ ᠤᠨ ᠲᠣᠭ᠍ᠲᠠᠴᠠ᠎ᠶ᠋ᠢᠨ ᠠᠵᠢᠯᠯᠠᠭᠠᠨ᠎ᠨᠢ ᠵᠥᠷᠢᠴᠡᠯ ᠵᠠᠭᠤᠷᠠᠯᠳᠤᠭᠠᠨ ᠢ ᠱᠢᠶ᠋ᠳᠪᠦᠷᠢᠯᠡᠬᠦ᠌ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠤᠷᠢᠳᠴᠢᠯᠠᠨ ᠰᠡᠷᠡᠮᠵᠢᠯᠡᠭᠦᠯᠵᠦ᠍ ᠤᠷᠢᠳᠴᠢᠯᠠᠨ ᠲᠥᠰᠦᠭᠡᠯᠡᠵᠦ᠍ ᠤᠷᠢᠳᠴᠢᠯᠠᠨ ᠰᠡᠷᠭᠡᠢᠯᠡᠬᠦ᠌ ᠴᠢᠳᠠᠪᠤᠷᠢ᠎ᠶ᠋ᠢ ᠨᠠᠩ ᠴᠢᠩᠭᠠᠷᠠᠭᠤᠯᠵᠤ᠂ ᠬᠣᠲᠠ ᠬᠥᠳᠡᠭᠡ᠎ᠶ᠋ᠢ ᠨᠠᠩ ᠠᠮᠤᠷ ᠲᠠᠢᠪᠤᠩ᠂ ᠣᠯᠠᠨ ᠲᠦᠮᠡᠨ᠎ᠢ ᠨᠠᠩ ᠰᠠᠨᠠᠭ᠎ᠠ ᠠᠮᠤᠷ ᠪᠣᠯᠭᠠᠪᠠ᠃
ᠡᠨᠡ ᠵᠢᠯ᠎ᠡᠴᠡ ᠨᠠᠭᠠᠰᠢ᠂ ᠤᠯᠠᠭᠠᠨᠬᠠᠳᠠ ᠬᠣᠲᠠ᠎ᠶ᠋ᠢᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠨᠢ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠢᠲᠡ 4267 ᠬᠤᠪᠢ ᠭᠥᠯᠢᠶᠡᠨ ᠠᠪᠴᠤ᠌᠂ 4139 ᠬᠤᠪᠢ᠎ᠶ᠋ᠢ᠎ᠨᠢ ᠰᠢᠢᠳᠪᠦᠷᠢᠯᠡᠵᠦ᠂ ᠱᠢᠶ᠋ᠳᠪᠦᠷᠢᠯᠡᠭ᠌ᠰᠡᠨ ᠨᠣᠷᠮ᠎ᠠ᠎ᠨᠢ 97% ᠳ᠋ᠤ ᠬᠦᠷᠴᠦ᠍᠂ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠬᠦᠴᠦᠨ᠎ᠨᠢ ᠡᠯ᠎ᠡ ᠲᠥᠷᠥᠯ᠎ᠦᠨ ᠵᠥᠷᠢᠴᠡᠯ ᠪᠠ ᠲᠦᠭ᠌ᠰᠢᠭᠦᠷᠢ᠎ᠶ᠋ᠢᠨ ᠳᠠᠯᠳᠠ ᠬᠡᠮ ᠢ 2345 ᠬᠤᠪᠢ ᠰᠠᠨᠠᠭᠠᠴᠢᠯᠠᠭ᠎ᠠ᠎ᠡᠴᠡ᠎ᠪᠠᠨ ᠠᠷᠢᠯᠭᠠᠭ᠍ᠰᠠᠨ ᠪᠠ ᠵᠢᠭ᠍ᠰᠠᠭᠠᠨ ᠪᠠᠢᠴᠠᠭᠠᠵᠤ ᠳᠡᠭᠡᠭ᠌ᠰᠢ ᠮᠡᠳᠡᠭᠦᠯᠪᠡ᠃
《ᠦᠨᠳᠦᠰᠦᠨ ᠱᠠᠲᠤᠨ ᠤ ᠪᠢᠴᠢᠯ ᠵᠠᠰᠠᠯᠲᠠ + ᠨᠡᠢᠭᠡᠮ ᠲᠣᠭᠣᠷᠢᠭ ᠤᠨ ᠴᠠᠭ᠍ᠳᠠᠭᠠᠨ᠎ᠤ ᠶᠠᠪᠤᠳᠠᠯ 》᠂ ᠤᠯᠠᠭᠠᠨᠬᠠᠳᠠ ᠬᠣᠲᠠ ᠨᠠᠷᠢᠯᠢᠭ ᠣᠨᠣᠪᠴᠢᠲᠠᠶ ᠵᠠᠰᠠᠯᠲᠠ᠎ᠪᠠᠷ ᠣᠯᠠᠨ ᠲᠦᠮᠡᠨ᠎ᠦ ᠠᠮᠤᠷ ᠲᠣᠭ᠍ᠲᠠᠭᠤᠨ ᠵᠣᠯ ᠵᠢᠷᠭᠠᠯ ᠢ᠋ ᠰᠠᠬᠢᠨ ᠬᠠᠮᠠᠭᠠᠯᠠᠵᠤ ᠪᠤᠢ᠃