ᠦᠬᠠᠶ ᠬᠣᠲᠠ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶ᠎ᠠ ᠳ᠋ᠤ 《ᠲᠤᠭ᠎ᠠ ᠪᠠᠷᠢᠮᠲᠠ ᠪᠡᠷ ᠳᠠᠭᠠᠭᠠᠴᠢᠯᠠᠯᠲᠠ ᠶ᠋ᠢ ᠬᠠᠮᠢᠶᠠᠷᠬᠤ》 ᠪᠠᠷ 《ᠬᠦᠮᠦᠨ ᠤ᠋ ᠬᠦᠴᠦ ᠪᠡᠷ ᠬᠠᠮᠢᠶᠠᠷᠬᠤ》 ᠶ᠋ᠢ ᠣᠷᠣᠯᠠᠭᠤᠯᠪᠠ
2025-12-02 09:38:42
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

《ᠥᠩᠭᠡᠷᠡᠭ᠌ᠰᠡᠨ ᠳ᠋ᠤ 〈ᠨᠢᠭᠡ ᠬᠥᠮᠦᠨ ᠨᠢᠭᠡ ᠳᠠᠭᠠᠭᠠᠴᠢᠯᠠᠯᠲᠠ ᠶ᠋ᠢ ᠬᠠᠮᠢᠶᠠᠷᠴᠤ〉᠂ ᠮᠠᠰᠢ ᠶᠠᠭᠠᠷᠠᠤ ᠪᠦᠭᠡᠳ ᠠᠯᠳᠠᠭ᠎ᠠ ᠭᠠᠷᠭᠠᠬᠤ ᠡᠴᠡ ᠠᠶᠤᠨ᠎ᠠ᠂ ᠤᠳᠤ 〈ᠨᠢᠭᠡ ᠬᠥᠮᠦᠨ ᠤᠯᠠᠨ ᠳᠠᠭᠠᠭᠠᠴᠢᠯᠠᠯᠲᠠ ᠶ᠋ᠢ ᠬᠠᠮᠢᠶᠠᠷᠤᠨ᠎ᠠ〉᠂ ᠱᠢᠰᠲᠸᠮ ᠨᠢ ᠠᠦ᠋ᠲ᠋ᠣ᠋ ᠪᠡᠷ ᠤᠷᠢᠳᠴᠢᠯᠠᠨ ᠰᠡᠷᠡᠮᠵᠢᠯᠡᠭᠦᠯᠵᠦ᠍᠂ ᠲᠣᠭ᠎ᠠ ᠪᠠᠷᠢᠮᠲᠠ ᠶ᠋ᠢ ᠣᠨᠣᠪᠴᠢᠲᠠᠢ ᠬᠢᠨᠠᠨ ᠱᠢᠯᠭᠠᠵᠤ᠂ ᠦᠷ᠎ᠡ ᠪᠦᠲᠦᠮᠵᠢ ᠨᠢ ᠬᠡᠳᠦᠨ ᠳᠠᠬᠢᠨ ᠨᠡᠮᠡᠭ᠌ᠳᠡᠪᠡ!》 ᠣᠢᠷ᠎ᠠ  ᠳ᠋ᠤ᠂ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠲᠤ᠌᠂ ᠠᠵᠢᠯᠲᠠᠳ ᠰᠦᠯᠵᠢᠶᠡᠨ ᠳ᠋ᠤ ᠱᠢᠨ᠎ᠡ ᠪᠡᠷ ᠭᠠᠷᠤᠭ᠍ᠰᠠᠨ ᠲᠣᠭ᠎ᠠ ᠪᠠᠷᠢᠮᠲᠠ ᠳ᠋ᠤ ᠬᠢᠨᠠᠯᠲᠠ ᠲᠠᠯᠪᠢᠬᠤ ᠱᠢᠰᠲ᠋ᠧᠮ ᠢ᠋ ᠮᠠᠭ᠍ᠲᠠᠨ ᠰᠠᠢᠰᠢᠶᠠᠨ᠎ᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶ᠎ᠠ ᠵᠢᠨ ᠲᠣᠭ᠎ᠠ ᠪᠠᠷᠢᠮᠲᠠ ᠶ᠋ᠢ ᠭᠡᠷᠡᠴᠢᠯᠡᠵᠦ᠍ ᠬᠢᠨᠠᠯᠲᠠ ᠲᠠᠯᠪᠢᠬᠤ ᠶ᠋ᠢ ᠪᠦᠷᠢᠨ ᠪᠥᠷᠬᠥᠭᠦᠯᠬᠦ᠌ ᠶ᠋ᠢ ᠪᠡᠶᠡᠯᠡᠭᠦᠯᠦᠭ᠌ᠰᠡᠨ ᠠᠩᠬᠠᠳᠠᠭ᠍ᠴᠢ ᠲᠠᠪᠴᠠᠩ ᠪᠣᠯᠤᠭ᠍ᠰᠠᠨ ᠤ᠋ ᠬᠤᠪᠢ  ᠳ᠋ᠤ᠂ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶ᠎ᠠ ᠵᠢᠨ ᠲᠥᠪ ᠤ᠋ᠨ ᠲᠣᠭ᠎ᠠ ᠪᠠᠷᠢᠮᠲᠠ ᠶ᠋ᠢ ᠭᠡᠷᠡᠴᠢᠯᠡᠵᠦ᠍ ᠬᠢᠨᠠᠯᠲᠠ ᠲᠠᠯᠪᠢᠬᠤ ᠱᠢᠰᠲ᠋ᠧᠮ ᠢ᠋ ᠪᠣᠳᠠᠲᠠᠢᠵᠢᠭᠤᠯᠤᠨ ᠠᠵᠢᠯᠯᠠᠭᠤᠯᠵᠤ᠂ 《ᠲᠣᠭ᠎ᠠ ᠪᠠᠷᠢᠮᠲᠠ ᠪᠡᠷ ᠳᠠᠭᠠᠭᠠᠴᠢᠯᠠᠯᠲᠠ ᠶ᠋ᠢ ᠬᠠᠮᠢᠶᠠᠷᠬᠤ》ᠪᠡᠷ《ᠬᠥᠮᠦᠨ ᠤ᠋ ᠬᠦᠴᠦ ᠪᠡᠷ ᠬᠠᠮᠢᠶᠠᠷᠬᠤ》 ᠶ᠋ᠢ ᠣᠷᠣᠯᠠᠭᠤᠯᠵᠤ᠂ ᠪᠥᠬᠥ᠌ ᠣᠷᠣᠨ ᠤ᠋  ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶ᠎ᠠ ᠵᠢᠨ ᠲᠣᠭᠠᠴᠢᠯᠠᠯᠲᠠ ᠲᠡᠢᠰᠢ ᠬᠡᠯᠪᠡᠷᠢ ᠪᠡᠨ ᠬᠤᠪᠢᠷᠠᠭᠤᠯᠬᠤ  ᠳ᠋ᠤ ᠳᠠᠭᠤᠷᠢᠶᠠᠯ ᠦᠵᠡᠭᠦᠯᠪᠡ᠃

ᠤᠯᠠᠮᠵᠢᠯᠠᠯᠲᠤ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶ᠎ᠠ ᠵᠢᠨ ᠭᠡᠷᠡᠴᠢᠯᠡᠬᠦ᠌ ᠠᠵᠢᠯ᠎ᠨᠢ ᠬᠥᠮᠦᠨ ᠤ᠋ ᠬᠦᠴᠦ᠍ ᠪᠡᠷ ᠲᠡᠮᠳᠡᠭ᠌ᠯᠡᠬᠦ᠌ ᠴᠠᠭᠠᠰᠤᠨ ᠲᠠᠩᠰᠠ ᠡᠪᠬᠡᠮᠡᠯ  ᠳ᠋ᠤ ᠢᠯᠡᠭᠦᠦ ᠨᠠᠢᠳᠠᠵᠤ᠂ ᠦᠷ᠎ᠡ ᠪᠦᠲᠦᠮᠵᠢ ᠳᠤᠤᠷ᠎ᠠ᠂ ᠬᠢᠨᠠᠯᠲᠠ ᠬᠠᠮᠢᠶᠠᠷᠤᠯᠲᠠ ᠬᠣᠵᠢᠭᠤᠳᠠᠭ᠍ᠰᠠᠨ ᠵᠡᠷᠭᠡ ᠠᠰᠠᠭᠤᠳᠠᠯ ᠣᠷᠣᠱᠢᠵᠤ ᠪᠠᠢᠬᠤ᠎ᠪᠠᠷ ᠪᠠᠷᠠᠬᠤ ᠥᠬᠡᠶ ᠪᠠᠰᠠ ᠳᠠᠭᠠᠭᠠᠴᠢᠯᠠᠯᠲᠠ  ᠳ᠋ᠤ ᠰᠦᠯᠪᠡᠭᠡᠯᠡᠬᠦ᠂ ᠵᠣᠷᠢᠭᠤᠳᠠ ᠭᠠᠷ ᠲᠦᠷᠦᠭᠦ᠌ ᠵᠡᠷᠭᠡ ᠲᠦᠭ᠌ᠰᠢᠭᠦᠷᠢ ᠶ᠋ᠢ ᠰᠡᠷᠭᠡᠢᠯᠡᠬᠦ᠌  ᠳ᠋ᠤ ᠬᠦᠴᠢᠷ ᠪᠠᠢᠳᠠᠭ᠃ ᠡᠨᠡ ᠬᠦ᠌ ᠠᠵᠢᠯ ᠲᠥᠷᠥᠯ ᠤ᠋ᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌ ᠵᠢᠨ ᠲᠥᠯᠥᠭᠡ᠂ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠲᠦᠷᠦᠭᠦᠯᠡᠨ ᠪᠠᠢᠷᠢᠯᠠᠭᠤᠯᠵᠤ᠂ ᠰᠠᠨᠠᠭᠠᠴᠢᠯᠠᠭ᠎ᠠ ᠡᠴᠡ ᠪᠡᠨ ᠬᠢᠵᠦ᠍᠂ ᠬᠣᠲᠠ ᠵᠢᠨ ᠨᠠᠮ ᠤ᠋ᠨ ᠬᠣᠷᠢᠶ᠎ᠠ᠂ ᠬᠣᠲᠠ ᠵᠢᠨ ᠵᠠᠰᠠᠭ ᠤ᠋ᠨ ᠣᠷᠳᠣᠨ ᠤ᠋ ᠬᠦᠴᠦᠲᠡᠶ ᠪᠠᠯᠠ ᠮᠥᠩᠭᠥᠨ ᠤ᠋ ᠳᠡᠮᠵᠢᠯᠭᠡ  ᠳ᠋ᠤ ᠲᠦᠱᠢᠭ᠌ᠯᠡᠨ᠂ 《ᠲᠣᠭ᠎ᠠ ᠪᠠᠷᠢᠮᠲᠠ ᠪᠡᠷ᠎ᠬᠦᠴᠦᠨ ᠨᠡᠮᠡᠷᠢᠯᠡᠬᠦ᠂ ᠣᠶᠤᠨᠴᠢ᠎ᠪᠠᠷ ᠭᠡᠷᠡᠴᠢᠯᠡᠬᠦ᠌》ᠣᠢᠯᠠᠭᠠᠭ᠍ᠳᠠᠬᠤᠨ ᠢ᠋ ᠪᠠᠷᠢᠮᠲᠠᠯᠠᠵᠤ᠂ ᠬᠡᠳᠦᠨ ᠰᠠᠷ᠎ᠠ ᠰᠤᠳᠤᠯᠤᠨ ᠨᠡᠭᠡᠭᠡᠵᠦ᠍ ᠲᠠᠰ ᠳᠡᠪᠱᠢᠭᠦᠯᠦᠨ᠂ 《ᠲᠣᠭ᠎ᠠ ᠪᠠᠷᠢᠮᠲᠠ᠎ᠪᠠᠷ ᠭᠡᠷᠡᠴᠢᠯᠡᠬᠦ᠌ ᠪᠡᠷ ᠭᠤᠤᠯ ᠪᠣᠯᠭᠠᠵᠤ᠂ ᠬᠥᠮᠦᠨ ᠤ᠋ ᠬᠦᠴᠦ᠍ ᠪᠡᠷ ᠭᠡᠷᠡᠴᠢᠯᠡᠬᠦ᠌ ᠪᠡᠷ ᠬᠠᠪᠰᠤᠷᠤᠮᠵᠢ ᠪᠣᠯᠭᠠᠬᠤ》ᠣᠯᠠᠨ ᠡᠱᠢᠲᠦ ᠭᠡᠷᠡᠴᠢᠯᠡᠬᠦ᠌ ᠱᠢᠨ᠎ᠡ ᠵᠠᠭ᠍ᠪᠤᠷ ᠢ᠋ ᠪᠣᠶ ᠪᠣᠯᠭᠠᠵᠤ᠂ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠦᠶ᠋ᠯᠡᠴᠢᠯᠡᠭᠡᠨ ᠤ᠋ ᠬᠡᠯᠪᠡᠷᠢ ᠶ᠋ᠢ ᠲᠤᠢᠯᠪᠤᠷᠢᠲᠠᠶ ᠬᠤᠪᠢᠷᠠᠭᠤᠯᠪᠠ᠃

ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠲᠤ᠌ ᠬᠦᠷᠪᠡᠯ᠂ 《ᠣᠶᠤᠨᠴᠢᠯᠠᠭ᠍ᠰᠠᠨ》 ᠦᠵᠡᠭ᠌ᠳᠡᠯ ᠭᠠᠵᠠᠷ ᠰᠠᠶ ᠥᠬᠡᠶ ᠬᠠᠷᠠᠭ᠍ᠳᠠᠨ᠎ᠠ᠃ ᠬᠠᠲᠠᠭᠤ ᠬᠡᠷᠡᠭ᠌ᠰᠡᠯ ᠤ᠋ᠨ ᠳᠠᠪᠬᠤᠷᠭ᠎ᠠ  ᠳ᠋ᠤ᠂ ᠡᠨᠳᠡ 《ᠥᠨᠴᠥᠭ ᠪᠤᠯᠤᠩ ᠪᠦᠷᠢ᠂ ᠪᠥᠬᠥ᠌ ᠬᠠᠷᠠᠭᠠᠰᠤ》 ᠵᠢᠨ ᠣᠶᠤᠨᠲᠤ ᠬᠢᠨᠠᠨ ᠡᠵᠡᠮᠳᠡᠬᠦ᠌ ᠰᠦᠯᠵᠢᠶ᠎ᠡ ᠶ᠋ᠢ ᠪᠠᠢᠭᠤᠯᠪᠠ᠄ ᠳᠠᠭᠠᠭᠠᠴᠢᠯᠠᠯᠲᠠ ᠨᠡᠭᠡᠭᠡᠬᠦ᠌ ᠥᠷᠥᠭᠡ  ᠳ᠋ᠤ᠂ ᠣᠯᠠᠨ ᠬᠠᠷᠠᠭᠠᠰᠤ ᠵᠢᠨ ᠳᠦᠷᠰᠦ ᠱᠢᠩᠭᠡᠭᠡᠬᠦ᠌ ᠮᠠᠱᠢᠨ᠎ᠬᠥᠲᠥᠯᠥᠭ᠌ᠴᠢ᠂ ᠳᠠᠭᠠᠭᠠᠴᠢᠯᠠᠯᠲᠠ ᠬᠦᠯᠢᠶᠡᠭ᠌ᠴᠢ ᠪᠣᠯᠤᠨ ᠪᠢᠴᠢᠭ ᠮᠠᠲ᠋ᠧᠷᠢᠶᠠᠯ ᠤ᠋ᠨ ᠦᠵᠡᠭᠦᠯᠭᠡ ᠵᠢᠨ ᠲᠣᠭᠣᠷᠢᠭ᠎ᠲᠤ ᠵᠡᠷᠭᠡ ᠪᠡᠷ ᠲᠥᠪᠯᠡᠷᠡᠵᠦ᠍᠂ ᠠᠵᠢᠯᠯᠠᠭᠠᠨ ᠤ᠋ ᠨᠠᠷᠢᠨ ᠵᠦᠶ᠋ᠯᠡᠰ ᠨᠢᠭᠡᠪᠦᠷᠢ ᠶ᠋ᠢ ᠴᠥᠮ ᠲᠣᠳᠣᠷᠬᠠᠶ ᠮᠥᠷᠳᠡᠵᠦ᠍ ᠪᠣᠯᠤᠨ᠎ᠠ; ᠳᠠᠭᠠᠭᠠᠴᠢᠯᠠᠯᠲᠠ ᠦᠨᠡᠯᠡᠬᠦ᠌ ᠥᠷᠥᠭᠡ  ᠳ᠋ᠤ᠂ ᠣᠨᠴᠠ ᠦᠵᠡᠭᠳᠡᠯ ᠤ᠋ᠨ ᠪᠢᠴᠢᠯᠭᠡ ᠵᠢᠨ ᠦᠵᠡᠭ᠌ᠳᠡᠯ ᠵᠢᠡᠷ ᠲᠤᠰᠭᠠᠶ ᠮᠡᠷᠭᠡᠵᠢᠯᠲᠡᠨ ᠤ᠋ ᠭᠠᠷ ᠤ᠋ᠨ ᠥᠰᠥᠭ ᠵᠢᠷᠤᠬᠤ᠂ ᠬᠤᠪᠢ ᠣᠯᠭᠣᠬᠤ ᠬᠥᠳᠡᠯᠦᠯ ᠢ᠋ ᠣᠨᠣᠪᠴᠢᠲᠠᠶ ᠰᠡᠭᠦᠳᠡᠷᠯᠡᠵᠤ᠂ ᠤᠶᠤᠨᠲᠤ ᠡᠭᠦᠳᠡᠨ ᠬᠣᠷᠢᠭ᠎ᠠ᠎ᠪᠠᠷ ᠬᠥᠮᠦᠨ ᠤ᠋ ᠵᠢᠰᠦ ᠶ᠋ᠢ ᠢᠯᠭᠠᠨ ᠲᠠᠨᠢᠬᠤ ᠴᠢᠳᠠᠮᠵᠢ᠎ᠲᠠᠶ ᠤᠶᠠᠯᠳᠤᠭᠤᠯᠤᠨ᠂ ᠬᠦᠮᠦᠨ ᠬᠠᠷ᠎ᠠ ᠵᠢᠨ ᠶᠠᠪᠤᠵᠤ ᠰᠠᠭᠤᠭᠰᠠᠨ ᠵᠠᠮ ᠮᠦᠷ ᠢ᠋ ᠴᠤ᠌ ᠲᠤᠪ ᠲᠤᠳᠤᠷᠬᠠᠢ ᠤᠯᠵᠤ ᠮᠡᠳᠡᠨ᠎ᠡ;ᠣᠯᠠᠨ ᠨᠡᠢᠲᠡ ᠵᠢᠨ ᠬᠣᠩᠭᠢᠯ᠂ ᠠᠰᠠᠷ ᠤ᠋ᠨ ᠱᠠᠲᠤᠨ ᠤ᠋ ᠬᠣᠭᠣᠷᠣᠨᠳᠣ ᠴᠤ᠌ ᠱᠢᠯᠵᠢᠮᠡᠯ ᠮᠥᠷᠳᠡᠯᠲᠡ ᠵᠢᠨ ᠰᠡᠭᠦᠳᠡᠷᠯᠡᠬᠦ ᠮᠠᠰᠢᠨ ᠲᠣᠬᠢᠷᠠᠭᠤᠯᠵᠤ᠂ ᠣᠷᠴᠢᠨ ᠲᠤᠭᠤᠷᠢᠨ ᠤ᠋ ᠱᠤᠤᠬᠢᠶᠠᠨ ᠡᠴᠡ ᠬᠠᠨᠳᠤᠯᠭ᠎ᠠ᠎ᠲᠠᠶ᠎ᠪᠠᠷ ᠵᠠᠢᠯᠠᠰᠬᠢᠵᠤ᠂ ᠲᠤᠬᠠᠶ ᠵᠢᠨ ᠲᠠᠯᠠᠪᠤᠷ ᠤ᠋ᠨ ᠶᠠᠷᠢᠯᠴᠠᠭ᠎ᠠ ᠶ᠋ᠢ 《ᠣᠭ ᠲᠠᠭᠤ ᠶ᠋ᠢ ᠲᠡᠷᠡ ᠬᠡᠪ ᠵᠢᠡᠷ ᠨᠢ ᠳᠠᠬᠢᠨ ᠠᠮᠢᠯᠠᠭᠤᠯᠬᠤ》 ᠶ᠋ᠢ ᠦᠨᠡᠨ ᠬᠦ᠌ ᠪᠠᠲᠤᠯᠠᠪᠠ᠃ ᠡᠨᠡ ᠬᠦ᠌《ᠴᠢᠩᠭ᠎ᠠ ᠬᠠᠲᠠᠭᠤ ᠬᠠᠮ ᠠᠷᠭ᠎ᠠ ᠬᠡᠮᠵᠢᠶ᠎ᠡ》 ᠨᠢ ᠠᠷᠠᠯᠵᠢᠶᠠᠨ ᠤ᠋ ᠪᠥᠬᠥ᠌ ᠶᠠᠪᠤᠴᠠ ᠶ᠋ᠢᠨ ᠤᠷᠤᠭ᠍ᠰᠢᠲᠠᠶ ᠪᠠᠢᠬᠤ ᠶ᠋ᠢ ᠪᠠᠲᠤᠯᠠᠬᠤ ᠳ᠋ᠤ 《ᠦᠵᠡᠭ᠌ᠳᠡᠮᠡᠯ ᠰᠡᠷᠭᠡᠢᠯᠡᠯᠲᠡ ᠵᠢᠨ ᠱᠤᠭᠤᠮ》 ᠢ᠋  ᠪᠡᠬᠢᠵᠢᠭᠦᠯᠦᠭᠰᠡᠨ ᠪᠠᠢᠨ᠎ᠠ᠃

ᠵᠥᠭᠡᠯᠡᠨ ᠲᠣᠨᠣᠭ ᠤ᠋ᠨ ᠱᠢᠰᠲ᠋ᠧᠮ ᠤ᠋ᠨ 《ᠤᠶᠤᠨᠴᠢ ᠲᠠᠷᠢᠬᠢ》 ᠨᠢ ᠨᠠᠩ ᠴᠤ᠌ ᠱᠢᠨ᠎ᠡ ᠶ᠋ᠢ ᠡᠭᠦᠳᠬᠦ᠌ ᠪᠣᠳᠠᠲᠤ ᠬᠦᠴᠦᠨ ᠢ᠋ ᠢᠯᠡᠷᠡᠭᠦᠯᠪᠡ᠃ ᠠᠷᠠᠯᠵᠢᠶᠠᠨ ᠤ᠋ ᠪᠥᠬᠥ᠌ ᠶᠠᠪᠤᠴᠠ ᠵᠢᠨ ᠲᠣᠭ᠎ᠠ ᠪᠠᠷᠢᠮᠲᠠ ᠶ᠋ᠢ ᠬᠥᠳᠡᠯᠦᠩᠭᠦᠶ ᠪᠡᠷ ᠴᠤᠭ᠍ᠯᠠᠭᠤᠯᠤᠨ ᠨᠡᠢᠯᠡᠭᠦᠯᠬᠦ᠌ ᠪᠡᠷ ᠳᠠᠮᠵᠢᠭᠤᠯᠤᠨ᠂ ᠱᠢᠰᠲ᠋ᠧᠮ ᠨᠢ ᠡᠯ᠎ᠡ ᠭᠣᠭ᠍ᠴᠣᠭ᠎ᠠ ᠵᠢᠨ ᠬᠡᠪ ᠤ᠋ᠨ ᠪᠤᠰᠤ ᠦᠶ᠋ᠯᠡ ᠠᠵᠢᠯᠯᠠᠭ᠎ᠠ᠂ ᠬᠡᠪ ᠤ᠋ᠨ ᠪᠤᠰᠤ ᠲᠣᠭ᠎ᠠ ᠪᠠᠷᠢᠮᠲᠠ ᠶ᠋ᠢ ᠴᠠᠭ ᠲᠤᠬᠠᠶ  ᠳ᠋ᠤᠨᠢ ᠬᠢᠨᠠᠨ ᠬᠡᠮᠵᠢᠵᠦ᠍᠂ ᠳᠠᠭᠠᠭᠠᠴᠢᠯᠠᠯᠲᠠ  ᠳ᠋ᠤ ᠰᠦᠯᠪᠡᠭᠡᠯᠡᠭᠰᠡᠨ ᠰᠡᠵᠢᠭ᠌ᠯᠡᠯ ᠲᠠᠢ ᠪᠠᠢᠬᠤ᠂ ᠳᠠᠭᠠᠭᠠᠴᠢᠯᠠᠯᠲᠠ ᠵᠠᠷᠯᠠᠭ᠍ᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠳ᠋ᠤ ᠭᠠᠷ ᠳᠦᠷᠦᠵᠦ᠍ ᠪᠠᠢᠬᠤ ᠵᠡᠷᠭᠡ ᠪᠠᠢᠳᠠᠯ ᠢ᠋ ᠣᠯᠵᠤ ᠮᠡᠳᠡᠪᠡᠯ ᠳᠠᠷᠤᠶ ᠲᠦᠷᠭᠡᠨ ᠠᠦ᠋ᠲ᠋ᠤ᠋ ᠪᠡᠷ ᠤᠷᠢᠳᠴᠢᠯᠠᠨ ᠰᠡᠷᠡᠮᠵᠢᠯᠡᠭᠦᠯᠬᠦ᠌ ᠪᠣᠯᠤᠨ᠎ᠠ᠃ ᠡᠭᠦᠨ ᠤ᠋ ᠬᠠᠮᠲᠤ᠂ ᠳᠠᠭᠠᠭᠠᠴᠢᠯᠠᠯᠲᠠ ᠦᠨᠡᠯᠡᠬᠦ᠌ ᠲᠤᠰᠭᠠᠶ ᠮᠡᠷᠭᠡᠵᠢᠯᠲᠡᠨ ᠤ᠋ ᠦᠶ᠋ᠯᠡ ᠠᠵᠢᠯᠯᠠᠭ᠎ᠠ ᠵᠢᠨ ᠤᠯᠠ ᠮᠥᠷ ᠪᠠ ᠬᠤᠪᠢ ᠲᠤᠭᠲᠠᠭᠠᠬᠤ ᠲᠣᠭ᠎ᠠ ᠪᠠᠷᠢᠮᠲᠠ ᠶ᠋ᠢ ᠱᠢᠰᠲ᠋ᠧᠮ᠎ᠲᠡᠶ ᠭᠦᠨᠵᠡᠭᠡᠶ ᠵᠠᠳᠠᠯᠵᠤ᠂ ᠰᠡᠵᠢᠭ᠌ᠯᠡᠯᠲᠡᠶ ᠰᠦᠪᠡᠭ᠌ᠴᠢ ᠶ᠋ᠢ ᠣᠨᠣᠪᠴᠢᠲᠠᠶ ᠠᠭᠤᠳᠠᠯᠤᠨ᠂ ᠲᠣᠭ᠍ᠲᠠᠭᠠᠯ ᠢ᠋ ᠵᠥᠷᠢᠴᠡᠨ ᠠᠵᠢᠯᠯᠠᠬᠤ ᠶ᠋ᠢ ᠪᠦᠲᠦᠮᠵᠢᠲᠠᠢ ᠬᠤᠷᠢᠭᠯᠠᠪᠠ᠃ ᠨᠠᠩ ᠳᠤᠷᠠᠳᠤᠭᠤᠱᠢᠲᠠᠶ᠎ᠨᠢ᠂ ᠲᠣᠮᠣ ᠳ᠋ᠠᠢᠲ᠋ᠠ ᠵᠢᠨ ᠵᠠᠳᠠᠯᠤᠯᠲᠠ ᠵᠢᠨ ᠮᠡᠷᠭᠡᠵᠢᠯ ᠢ᠋ ᠠᠱᠢᠭ᠍ᠯᠠᠨ᠂ ᠱᠢᠰᠲ᠋ᠧᠮ᠎ᠨᠢ ᠬᠡᠳᠦᠨ ᠮᠢᠩᠭᠠᠨ ᠳᠠᠭᠠᠭᠠᠴᠢᠯᠠᠯᠲᠠ ᠬᠦᠯᠢᠶᠡᠬᠦ᠌ ᠠᠵᠤ ᠠᠬᠤᠢᠯᠠᠯ ᠤ᠋ᠨ ᠢᠲᠡᠭᠡᠮᠵᠢ ᠵᠢᠨ ᠮᠡᠳᠡᠭᠡ ᠵᠠᠩᠭᠢ᠂ ᠬᠢᠷᠢ ᠬᠡᠮ ᠤ᠋ᠨ ᠮᠠᠲ᠋ᠧᠷᠢᠶᠠᠯ  ᠳ᠋ᠤ 《ᠰᠧᠺᠦ᠋ᠨ᠋ᠳ᠋ ᠤ᠋ᠨ ᠲᠠᠰ ᠤ᠋ᠨ ᠬᠢᠨᠠᠨ ᠱᠢᠯᠭᠠᠯᠲᠠ》 ᠬᠢᠵᠦ᠍᠂ ᠤᠤᠯ ᠤ᠋ᠨ 1 ᠴᠠᠭ ᠬᠡᠷᠡᠭ᠌ᠰᠡᠬᠦ᠌ ᠴᠢᠬᠤᠯᠠᠲᠠᠶ ᠰᠠᠭᠤᠷᠢ ᠬᠢᠷᠢ ᠬᠡᠮ ᠢ᠋ ᠬᠥᠮᠦᠨ ᠤ᠋ ᠬᠦᠴᠦ᠍ ᠪᠡᠷ ᠬᠠᠷᠭᠤᠭᠤᠯᠬᠤ ᠠᠵᠢᠯ ᠢ᠋ ᠣᠲᠣ 10 ᠮᠢᠨᠦ᠋ᠲ ᠤ᠋ᠨ ᠳᠣᠲᠣᠷ᠎ᠠ ᠪᠡᠶᠡᠯᠡᠭᠦᠯᠵᠦ᠍ ᠳᠡᠢᠯᠬᠦ᠌ ᠪᠣᠯᠤᠭ᠍ᠰᠠᠨ ᠪᠥᠭᠡᠳ ᠬᠢᠨᠠᠨ ᠱᠢᠯᠭᠠᠬᠤ ᠣᠨᠣᠪᠴᠢ ᠵᠢᠨ ᠬᠡᠮᠵᠢᠶ᠎ᠡ᠎ᠨᠢ 99.8% ᠡᠴᠡ ᠳᠡᠭᠡᠭ᠌ᠰᠢ  ᠳ᠋ᠤ ᠬᠦᠷᠴᠦ᠍᠂ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠠᠷᠪᠢᠯᠠᠭ᠍ᠰᠠᠨ ᠵᠢᠡᠷ ᠪᠠᠷᠠᠬᠤ ᠥᠬᠡᠶ᠂ ᠪᠠᠰᠠ ᠬᠥᠮᠦᠨ ᠤ᠋ ᠬᠦᠴᠦ᠍ ᠪᠡᠷ ᠬᠢᠨᠠᠨ ᠬᠠᠷᠭᠤᠭᠤᠯᠬᠤ ᠲᠠᠯ᠎ᠠ᠎ᠪᠠᠷ᠎ᠬᠢ ᠲᠠᠰᠢᠶ᠎ᠡ ᠪᠤᠷᠤᠭᠤ ᠵᠢᠨ ᠬᠡᠮ ᠰᠣᠭᠣᠭ ᠢ᠋ ᠴᠤ᠌ ᠬᠤᠷᠢᠭᠯᠠᠵᠦ ᠴᠢᠳᠠᠪᠠ᠃

《〈ᠨᠢᠭᠡ ᠬᠥᠮᠦᠨ ᠨᠢᠭᠡ ᠳᠠᠭᠠᠭᠠᠴᠢᠯᠠᠯᠲᠠ ᠬᠠᠮᠢᠶᠠᠷᠬᠤ〉 ᠡᠴᠡ〈ᠨᠢᠭᠡ ᠬᠥᠮᠦᠨ ᠣᠯᠠᠨ ᠳᠠᠭᠠᠭᠠᠴᠢᠯᠠᠯᠲᠠ ᠶ᠋ᠢ ᠬᠠᠮᠢᠶᠠᠷᠬᠤ〉 ᠬᠦᠷᠲᠡᠯ᠎ᠡ᠂ 〈ᠴᠠᠭᠠᠰᠤᠨ ᠲᠠᠩᠰᠠ ᠤᠪᠤᠭᠠᠯᠠᠬᠤ〉ᠡᠴᠡ〈ᠲᠣᠭ᠎ᠠ ᠪᠠᠷᠢᠮᠲᠠ ᠪᠡᠷ ᠲᠠᠩᠰᠠ ᠡᠪᠬᠡᠮᠡᠯ᠎ᠢ ᠬᠠᠮᠢᠶᠠᠷᠬᠤ〉 ᠬᠦᠷᠲᠡᠯ᠎ᠡ᠂ 〈ᠬᠡᠷᠡᠭ ᠤ᠋ᠨ ᠳᠠᠷᠠᠭ᠎ᠠ ᠬᠢᠨᠠᠨ ᠬᠠᠮᠢᠶᠠᠷᠬᠤ〉 ᠡᠴᠡ 〈ᠴᠠᠭ ᠲᠤᠬᠠᠶ  ᠳ᠋ᠤᠨᠢ ᠤᠷᠢᠳᠴᠢᠯᠠᠨ ᠰᠡᠷᠡᠮᠵᠢᠯᠡᠭᠦᠯᠬᠦ᠌〉 ᠬᠦᠷᠲᠡᠯ᠎ᠡ᠂ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠤ᠋ᠨ ᠲᠣᠭ᠎ᠠ ᠪᠠᠷᠢᠮᠲᠠ ᠨᠢ ᠬᠢᠨᠠᠯᠲᠠ ᠲᠠᠯᠪᠢᠬᠤ ᠱᠢᠰᠲ᠋ᠧᠮ ᠤ᠋ᠨ ᠨᠠᠢᠳᠠᠪᠤᠷᠢᠵᠢᠭᠤᠯᠤᠯᠲᠠ ᠶ᠋ᠢ ᠭᠡᠷᠡᠴᠢᠯᠡᠵᠦ᠍᠂ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠦᠷ᠎ᠡ ᠪᠦᠲᠦᠮᠵᠢ ᠵᠢᠨ ᠴᠢᠨᠠᠷ ᠤ᠋ᠨ ᠦᠰᠦᠷᠦᠯᠲᠡ ᠶ᠋ᠢ ᠪᠡᠶᠡᠯᠡᠭᠦᠯᠦᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠪᠥᠬᠥ᠌ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌  ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃ ᠵᠠᠯᠭᠠᠭᠠᠳ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠲᠣᠭ᠎ᠠ ᠪᠠᠷᠢᠮᠲᠠ ᠶ᠋ᠢ ᠭᠡᠷᠡᠴᠢᠯᠡᠬᠦ᠌ ᠬᠢᠨᠠᠯᠲᠠ ᠲᠠᠯᠪᠢᠬᠤ ᠱᠢᠰᠲ᠋ᠧᠮ ᠤ᠋ᠨ ᠴᠢᠳᠠᠮᠵᠢ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠶᠤᠨᠴᠢ ᠠᠷᠠᠯᠵᠢᠶᠠᠨ ᠤ᠋ ᠱᠢᠨ᠎ᠡ ᠵᠠᠭ᠍ᠪᠤᠷ ᠢ᠋ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ 〈ᠲᠣᠭ᠎ᠠ ᠪᠠᠷᠢᠮᠲᠠ  ᠳ᠋ᠤ ᠬᠦᠴᠦᠨ ᠣᠯᠭᠣᠬᠤ 〉 ᠶ᠋ᠢ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠭᠤᠤᠯ ᠬᠥᠳᠡᠯᠭᠡᠭᠦᠷ ᠪᠣᠯᠭᠠᠨ᠎ᠠ》 ᠭᠡᠵᠤ ᠦᠬᠠᠶ ᠬᠣᠲᠠ ᠵᠢᠨ ᠣᠯᠠᠨ ᠨᠡᠢᠲᠡ ᠵᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠥᠪ ᠤ᠋ᠨ ᠡᠷᠬᠢᠯᠡᠭ᠌ᠴᠢ ᠬᠤ᠌ ᠴᠠᠩ ᠸᠧᠶ ᠢᠯᠡᠷᠬᠡᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号