ᠡᠷᠴᠢ ᠪᠠᠨ ᠴᠢᠩᠭᠠᠯᠠᠨ ᠠᠬᠢᠴᠠ᠎ᠪᠠᠨ ᠲᠦᠷᠭᠡᠳᠭᠡᠵᠦ ᠲᠦᠩᠯᠢᠶᠣᠤ ᠬᠣᠲᠠ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠣᠨ᠎ᠤ 《ᠰᠡᠭᠦᠯ ᠬᠤᠷᠢᠶᠠᠬᠤ ᠳᠠᠢᠯᠠᠯᠳᠤᠭᠠᠨ》᠎ᠤ᠋ ᠰᠢᠪᠳᠤᠯᠤᠯᠳᠠ ᠬᠢᠵᠦ ᠪᠤᠢ
2025-12-02 10:30:46
ᠵᠣᠬᠢᠶᠠᠭ᠍ᠴᠢ᠄
ᠾᠥᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠡᠴᠡ ᠡᠷᠳᠡᠨᠢ ᠱᠢᠰᠢ ᠎ᠶ᠋ᠢᠨ ᠮᠦ᠍ ᠨᠢᠭᠡᠴᠢ ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠬᠦᠷᠲᠡᠯ᠎ᠡ᠂ 《ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠲᠡᠷᠢᠬᠦᠨ ᠬᠤᠳᠠ》᠎ᠶ᠋ᠢ ᠪᠠᠢᠭᠤᠯᠬᠤ᠎ᠡᠴᠡ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ ᠬᠦᠷᠲᠡᠯ᠎ᠡ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠡᠴᠡ ᠠᠷᠭ᠎ᠠ ᠪᠦᠬᠦᠨ ᠎ᠢ ᠰᠦᠪᠡᠭ᠌ᠴᠢᠯᠡᠨ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ ᠬᠦᠷᠲᠡᠯ᠎ᠡ᠂ ᠲᠦᠩᠯᠢᠶᠣᠤ ᠬᠣᠲᠠ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠶ᠋ᠢᠨ ᠣᠨ᠎ᠤ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠬᠦᠴᠦᠲᠡᠶ ᠠᠬᠢᠭᠤᠯᠵᠤ᠂ 60 ᠡᠳᠦᠷ᠎ᠦᠨ ᠴᠠᠭ᠎ᠢ ᠠᠱᠢᠭ᠍ᠯᠠᠨ ᠪᠥᠬᠥ᠌ ᠬᠦᠴᠦᠨ᠎ᠢᠶᠡᠷ᠎ᠢᠶᠡᠨ ᠱᠢᠪᠲᠤᠯᠤᠯᠲᠠ ᠬᠢᠵᠦ᠍᠂ ᠣᠨ᠎ᠤ 《ᠰᠡᠭᠦᠯ ᠬᠤᠷᠢᠶᠠᠬᠤ ᠳᠠᠢᠯᠠᠯᠳᠤᠭᠠᠨ》᠎ᠢ᠋ ᠰᠠᠢᠲᠤᠷ ᠬᠢᠵᠦ ᠪᠤᠢ᠃

ᠲᠦᠩᠯᠢᠶᠣᠤ ᠪᠣᠯ ᠤᠯᠤᠰ᠎ᠤᠨ ᠴᠢᠬᠤᠯᠠ ᠲᠠᠸᠠᠷ᠎ᠤᠨ ᠠᠮᠤ ᠵᠢᠨ ᠰᠠᠭᠤᠷᠢᠨ ᠪᠣᠯᠤᠨ ᠪᠦᠬᠦ᠌ ᠤᠯᠤᠰ᠎ᠤᠨ ᠵᠠᠭᠤᠨ ᠳ᠋ᠦᠩᠱᠢᠭᠤᠷ ᠵᠢᠩ ᠠᠮᠤ ᠪᠤᠳᠠᠭᠠᠨ᠎ᠤ ᠦᠢᠯᠡᠳᠪᠦᠷᠢᠯᠡᠯ᠎ᠦᠨ 23 ᠲᠣᠮᠣ ᠬᠣᠲᠠ᠎ᠶ᠋ᠢᠨ ᠨᠢᠭᠡ ᠪᠣᠯᠬᠤ ᠪᠥᠭᠡᠳ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠣᠯᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠬᠤ᠎ᠳᠤ ᠴᠢᠬᠤᠯᠠ ᠪᠠᠢᠷᠢ ᠰᠠᠭᠤᠷᠢ᠎ᠲᠠᠶ ᠶᠤᠮ᠃

ᠵᠢᠯ᠎ᠦᠨ ᠡᠬᠢᠨ᠎ᠡᠴᠡ ᠨᠠᠭᠠᠰᠢ᠂ ᠲᠦᠩᠯᠢᠶᠣᠤ ᠬᠣᠲᠠ ᠲᠠᠯᠠᠪᠠᠶ᠎ᠶ᠋ᠢ ᠲᠣᠭ᠍ᠲᠠᠪᠤᠷᠢᠵᠢᠭᠤᠯᠬᠤ᠂ ᠮᠤ᠌ ᠨᠢᠭᠡᠴᠢ᠎ᠵᠢᠨ ᠤᠨᠠᠯᠲᠠ᠎ᠵᠢ ᠳᠡᠭᠡᠭᠰᠢᠯᠡᠭᠦᠯᠬᠦ᠂ ᠶᠠᠰᠤ ᠴᠢᠨᠠᠷ᠎ᠢ ᠰᠢᠯᠢᠳᠡᠭᠵᠢᠭᠦᠯᠬᠦ᠂ ᠦᠷ᠎ᠡ ᠠᠱᠢᠭ ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠵᠤ᠂ ᠡᠷᠳᠡᠨᠢ ᠱᠢᠰᠢ᠎ᠶ᠋ᠢᠨ ᠮᠤ᠌ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠥᠬᠥ᠌ ᠬᠣᠲᠠ᠎ᠪᠠᠷ᠎ᠢᠶᠠᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡ ᠎ᠶ᠋ᠢ ᠶᠡᠬᠡ᠎ᠪᠡᠷ ᠬᠥᠭ᠌ᠵᠢᠭᠦᠯᠵᠦ᠍᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠬᠦ᠌᠎ᠶ᠋ᠢ ᠳᠠᠢᠴᠢᠯᠠᠪᠠ᠃ ᠡᠭᠦᠨ᠎ᠦ ᠬᠠᠮᠲᠤ᠂ 《ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠲᠡᠷᠢᠬᠦᠨ ᠬᠤᠳᠠ》᠎ᠶ᠋ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠲᠡᠵᠢᠭᠡᠨ ᠦᠷᠡᠵᠢᠭᠦᠯᠬᠦ᠌᠎ᠶ᠋ᠢ ᠪᠠᠷᠢᠮᠵᠢᠶᠠᠵᠢᠭᠤᠯᠬᠤ᠂ ᠡᠵᠡᠩᠨᠡᠯᠲᠡ᠎ᠶ᠋ᠢ ᠠᠵᠤ ᠦᠢᠯᠡᠰᠵᠢᠭᠦᠯᠬᠦ᠌᠂ ᠬᠠᠮᠢᠶᠠᠷᠤᠯᠲᠠ᠎ᠶ᠋ᠢ ᠲᠣᠭᠠᠴᠢᠯᠠᠬᠤ᠂ ᠡᠵᠡᠩᠨᠡᠨ ᠪᠣᠷᠣᠯᠠᠭᠤᠯᠬᠤ᠎ᠶ᠋ᠢ ᠲᠥᠷᠥᠯ ᠲᠡᠮᠳᠡᠭ᠌ᠵᠢᠭᠦᠯᠬᠦ᠌ ᠳᠥᠷᠪᠡᠨ ᠵᠠᠩᠭᠢᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠷᠢᠯᠢᠭ ᠭᠦᠨᠵᠡᠭᠡᠶ ᠡᠳ᠋ᠱᠢᠭᠦᠯᠬᠦ᠎ᠵᠢ ᠳᠡᠭᠡᠭ᠌ᠰᠢᠯᠡᠭᠦᠯᠬᠦ᠌᠂ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶ᠋ᠢ ᠥᠷᠭᠡᠳᠭᠡᠬᠦ᠌᠂ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢ ᠬᠣᠯᠪᠣᠬᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌᠂ ᠰᠠᠢᠨ ᠡᠭᠦᠯᠳᠡᠷ᠎ᠢ ᠦᠷᠡᠵᠢᠭᠦᠯᠦᠨ ᠳᠡᠯᠭᠡᠷᠡᠭᠦᠯᠬᠦ᠌ ᠵᠡᠷᠭᠡ 8 ᠵᠦᠶ᠋ᠯ᠎ᠦᠨ ᠭᠤᠤᠯᠳᠠᠯᠭ᠎ᠠ᠎ᠲᠠᠶ ᠢᠨᠵᠧᠨᠧᠷᠢᠩ ᠎ᠢ ᠲᠣᠪᠣᠢᠮ᠎ᠠ ᠰᠠᠢᠲᠤᠷ ᠠᠳᠭᠤᠵᠤ᠂ ᠮᠢᠬᠠᠨ᠎ᠤ ᠦᠬᠡᠷ᠎ᠦᠨ ᠠᠵᠤ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ 《ᠲᠦᠷᠭᠡᠨ᠎ᠤ ᠵᠠᠮ》᠎ᠳ᠋ᠤ ᠤᠷᠤᠬᠤ᠎ᠵᠢ ᠳᠠᠢᠴᠢᠯᠠᠪᠠ᠃

ᠪᠦᠷᠢᠳᠭᠡᠯ᠎ᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠪᠥᠬᠥ᠌ ᠬᠣᠲᠠ᠎ᠶ᠋ᠢᠨ ᠨᠢᠭᠡᠳᠦᠭᠡᠷ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ 207.7 ᠳ᠋ᠦᠩᠱᠢᠭᠤᠷ ᠲᠥᠭᠥᠷᠢᠭ ᠲᠦ᠍ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 5.4% ᠪᠠᠷ ᠨᠡᠮᠡᠭ᠌ᠳᠡᠵᠦ᠍᠂ ᠪᠥᠬᠥ᠌ ᠬᠣᠲᠠ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ  ᠠᠵᠤ ᠠᠬᠤᠶ᠎ᠶ᠋ᠢᠨ ᠠᠵᠢᠯᠯᠠᠭᠠᠨ ᠲᠣᠭ᠍ᠲᠠᠭᠤᠨ᠎ᠤ ᠳᠤᠮᠳᠠ ᠰᠠᠢᠵᠢᠷᠠᠪᠠ᠃ ᠠᠮᠤ ᠪᠤᠳᠠᠭᠠᠨ᠎ᠤ ᠮᠦ᠍ ᠨᠢᠭᠡᠴᠢ᠎ᠶ᠋ᠢᠨ ᠤᠨᠠᠯᠲᠠ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠪᠥᠬᠥ᠌ ᠤᠯᠤᠰ᠎ᠤᠨ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠳᠣᠲᠣᠷᠠᠬᠢ 200 ᠲᠦᠮᠡᠨ ᠮᠥ᠍ ᠵᠢᠨ ᠬᠡᠪᠴᠢᠶ᠎ᠠ ᠪᠦᠬᠦᠢ ᠲᠤᠨ᠎ᠤ ᠤᠨᠠᠯᠳᠠ ᠲᠠᠢ ᠲᠠᠷᠢᠶᠠᠨ ᠭᠠᠵᠠᠷ᠎ᠢ ᠠᠩᠬ᠎ᠠ ᠤᠳᠠᠭ᠎ᠠ ᠪᠡᠶᠡᠯᠡᠭᠦᠯᠦᠭ᠌ᠰᠡᠨ ᠭᠠᠵᠠᠷ ᠣᠷᠣᠨ ᠪᠣᠯᠪᠠ᠃ 2025 ᠣᠨ᠎ᠳᠤ ᠠᠮᠤ ᠪᠤᠳᠠᠭᠠᠨ᠎ᠤ ᠶᠡᠷᠦᠩᠬᠡᠶ ᠤᠨᠠᠯᠲᠠ 200 ᠳ᠋ᠦᠩᠱᠢᠭᠤᠷ ᠵᠢᠩ᠎ᠢ ᠳᠠᠪᠠᠵᠤ᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠠᠢ》᠃ ᠮᠢᠬᠠᠨ᠎ᠤ ᠦᠬᠡᠷ᠎ᠦᠨ ᠠᠵᠤ ᠦᠢᠯᠡᠰ᠎ᠢ ᠡᠷᠴᠢᠮᠲᠡᠢ ᠬᠥᠭ᠌ᠵᠢᠭᠦᠯᠵᠦ᠍᠂ ᠵᠢᠯ᠎ᠦᠨ ᠳᠣᠲᠣᠷ᠎ᠠ ᠮᠢᠬᠠᠨ᠎ᠤ ᠦᠬᠡᠷ ᠢ᠋ 161 ᠲᠦᠮᠡ ᠨᠢᠲᠤᠯᠵᠤ᠂ ᠦᠬᠡᠷ᠎ᠦᠨ ᠮᠢᠬᠠᠨ᠎ᠤ ᠭᠠᠷᠤᠯᠲᠠ᠎ᠶ᠋ᠢ 33 ᠲᠦᠮᠡᠨ ᠲᠣᠨ᠎ᠳᠤ ᠬᠦᠷᠭᠡᠨ᠎ᠡ᠃

ᠡᠪᠦᠯ ᠤᠷᠤᠵᠦ᠂ ᠲᠦᠩᠯᠢᠶᠣᠤ ᠬᠣᠲᠠ ᠡᠨᠡ ᠵᠢᠯ᠎ᠦᠨ ᠡᠴᠦᠰ᠎ᠦᠨ ᠬᠣᠶᠠᠷ ᠰᠠᠷ᠎ᠠ᠎ᠶ᠋ᠢᠨ ᠬᠤᠭᠤᠴᠠᠭ᠎ᠠ᠎ᠪᠠᠨ ᠭᠦᠶ᠋ᠴᠡᠳ ᠰᠠᠢᠲᠤᠷ ᠠᠱᠢᠭ᠍ᠯᠠᠵᠤ᠂ ᠵᠠᠩᠭᠢᠯᠠᠭ᠎ᠠ᠎ᠶ᠋ᠢ ᠣᠨᠢᠯᠠᠨ ᠭᠤᠤᠯᠳᠠᠯᠭ᠎ᠠ᠎ᠶ᠋ᠢ ᠠᠳᠭᠤᠵᠤ᠂ ᠴᠠᠭ ᠮᠥᠴᠡ᠎ᠲᠡᠶ ᠤᠷᠤᠯᠳᠤᠨ᠂ ᠵᠢᠯ᠎ᠦᠨ ᠡᠴᠦᠰ ᠪᠣᠯᠬᠤ᠎ᠳᠤ᠂ ᠪᠥᠬᠥ᠌ ᠬᠣᠲᠠ᠎ᠶ᠋ᠢᠨ ᠨᠢᠭᠡᠳᠦᠭᠡᠷ ᠠᠵᠤ ᠦᠶ᠋ᠯᠡᠰ ᠎ᠦᠨ ᠨᠡᠮᠡᠭ᠌ᠳᠡᠯ ᠥᠷᠲᠡᠭ᠎ᠦᠨ ᠨᠡᠮᠡᠭ᠌ᠳᠡᠯ᠎ᠦᠨ ᠬᠤᠷᠳᠤᠴᠠ᠎ᠶ᠋ᠢ 6% ᠎ᠳ᠋ᠤ ᠬᠦᠷᠭᠡᠵᠦ᠍᠂ ᠨᠢᠭᠡᠳᠦᠭᠡᠷ ᠠᠵᠤ ᠦᠶ᠋ᠯᠡᠰ᠎ᠦᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 90% ᠎ᠪᠠᠷ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ 6.5% ᠎ᠳ᠋ᠤ ᠬᠦᠷᠭᠡᠬᠦ᠌᠎ᠪᠡᠷ ᠴᠢᠷᠮᠠᠢᠵᠦ ᠪᠠᠢᠨ᠎ᠠ᠃

《ᠲᠠᠷᠢᠶᠠᠯᠠᠩ᠎ᠤᠨ ᠲᠠᠯ᠎ᠠ᠎ᠪᠠᠷ᠂ ᠨᠢᠳᠤᠨᠤᠨ᠎ᠤ ᠨᠠᠮᠤᠷ᠎ᠤᠨ ᠤᠯᠠᠷᠢᠯ᠎ᠤᠨ 166.26 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠲᠣᠭ᠍ᠲᠠᠭ᠍ᠰᠠᠨ ᠴᠠᠭ᠎ᠲᠤ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ 2025 ᠣᠨ᠎ᠳᠤ 220 ᠲᠦᠮᠡᠨ ᠮᠥ᠍ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠵᠦ᠍᠂ ᠵᠢᠯ᠎ᠦᠨ ᠡᠴᠦᠰ᠎ᠡᠴᠡ ᠡᠮᠦᠨ᠎ᠡ ᠭᠤᠤᠯ ᠴᠣᠭ᠍ᠴᠠ᠎ᠶ᠋ᠢᠨ ᠢᠨᠵᠧᠨᠧᠷᠢᠩ᠎ᠦᠨ 50% ᠎ᠶ᠋ᠢ ᠪᠡᠶᠡᠯᠡᠭᠦᠯᠬᠦ᠌᠎ᠪᠡᠷ ᠴᠢᠷᠮᠠᠢᠵᠤ ᠪᠠᠢᠨ᠎ᠠ᠃ 2025 ᠣᠨ᠎ᠳᠤ 80 ᠲᠦᠮᠡᠨ ᠮᠥ᠍ ᠲᠠᠷᠢᠶᠠᠨ ᠭᠠᠵᠠᠷ᠎ᠤᠨ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠢ ᠴᠦ᠍ ᠨᠢᠭᠡᠨᠲᠡ 11 ᠰᠠᠷ᠎ᠠ᠎ᠳᠤ ᠵᠠᠯᠭᠠᠭ᠎ᠠ᠎ᠪᠠᠷ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ 2026 ᠣᠨ᠎ᠳᠤ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠪᠡᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ》  ᠭᠡᠵᠦ᠍ ᠲᠦᠩᠯᠢᠶᠣᠤ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠪᠦᠦ ᠨᠠᠴᠢᠨ ᠬᠡᠯᠡᠪᠡ᠃

ᠮᠠᠯ ᠠᠵᠤ ᠠᠬᠤᠶ᠎ᠶ᠋ᠢᠨ ᠲᠠᠯ᠎ᠠ᠎ᠪᠠᠷ᠂ ᠤᠶᠤᠨᠲᠤ ᠮᠠᠯᠵᠢᠯ᠎ᠤᠨ ᠲᠠᠯᠠᠪᠠᠶ᠂ ᠰᠠᠭᠤᠷᠢ ᠡᠭᠡ ᠮᠠᠯ᠎ᠤᠨ ᠰᠦᠷᠦᠭ᠎ᠢ ᠥᠷᠭᠡᠳᠭᠡᠨ  ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠲᠥᠷᠥᠯ ᠵᠦᠶ᠋ᠯ᠎ᠢ ᠯᠠᠪᠳᠠᠭᠤᠨ᠎ᠢᠶᠠᠷ ᠠᠬᠢᠭᠤᠯᠵᠤ᠂ ᠵᠢᠯ᠎ᠦᠨ ᠰᠡᠭᠦᠯᠴᠢ᠎ᠡᠴᠡ ᠡᠮᠦᠨ᠎ᠡ ᠶᠠᠰᠤ ᠴᠢᠨᠠᠷ ᠪᠠ ᠲᠣᠭ᠎ᠠ ᠬᠡᠮᠵᠢᠶ᠎ᠡ᠎ᠶ᠋ᠢ ᠪᠠᠲᠤᠯᠠᠨ ᠪᠡᠶᠡᠯᠡᠭᠦᠯᠬᠦ᠌᠎ᠶ᠋ᠢ ᠪᠠᠲᠤᠯᠠᠨ᠎ᠠ᠃ ᠱᠢᠶᠦ᠋ᠨ ᡂᠢ ᠶᠸᠦ ᠮᠦ᠍ ᠲᠦᠮᠡᠨ ᠦᠬᠡᠷ ᠪᠣᠷᠳᠣᠨ ᠲᠠᠷᠭᠤᠯᠠᠭᠤᠯᠬᠤ ᠰᠠᠭᠤᠷᠢᠨ ᠤ᠋ ᠥᠭᠡᠷᠡᠴᠢᠯᠡᠯᠲᠡ᠂ ᠵᠥᠩ ᠠᠨ ᠱᠢᠨ ᠨᠢᠲᠤᠯᠵᠤ ᠡᠳ᠋ᠱᠢᠭᠦᠯᠬᠦ᠌ ᠵᠡᠷᠭᠡ 19 ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠠᠰᠤᠷᠠᠯᠲᠠ ᠥᠬᠡᠶ ᠲᠦᠷᠭᠡᠳᠭᠡᠵᠦ᠍᠂ ᠵᠢᠯ᠎ᠦᠨ ᠡᠴᠦᠰ᠎ᠡᠴᠡ ᠡᠮᠦᠨ᠎ᠡ ᠪᠦᠲᠦᠬᠡᠨ ᠪᠠᠢᠭᠤᠯᠵᠤ ᠪᠠᠢᠭ᠎ᠠ ᠲᠥᠷᠥᠯ ᠵᠦᠶ᠋ᠯ ᠨᠤᠭᠤᠳ᠎ᠢ ᠪᠦᠬᠦᠨ᠎ᠢ ᠪᠦᠲᠦᠬᠡᠨ ᠪᠠᠢᠭᠤᠯᠵᠤ ᠳᠠᠭᠤᠰᠭᠠᠨ ᠠᠱᠢᠭ᠍ᠯᠠᠯᠲᠠ᠎ᠳᠤ ᠣᠷᠣᠭᠤᠯᠬᠤ᠎ᠪᠠᠷ ᠴᠢᠷᠮᠠᠢᠵᠤ᠂ ᠮᠢᠬᠠᠨ ᠤ᠋ ᠦᠬᠡᠷ᠎ᠦᠨ ᠠᠵᠤ ᠦᠶ᠋ᠯᠡᠰ᠎ᠦᠨ 《ᠮᠢᠬᠠᠨ ᠤ᠋ ᠦᠬᠡᠷ ᠪᠤᠷᠤᠯᠠᠭᠤᠯᠬᠤ》 ᠡᠴᠡ 《ᠦᠬᠡᠷ᠎ᠦᠨ ᠮᠢᠬ᠎ᠠ ᠪᠤᠷᠤᠯᠠᠭᠤᠯᠬᠤ》 ᠬᠦᠷᠲᠡᠯ᠎ᠡ᠂ ᠳᠠᠬᠢᠭᠠᠳ 《ᠦᠬᠡᠷ᠎ᠦᠨ ᠮᠢᠬᠠᠨ᠎ᠤ ᠢᠳᠡᠭᠡᠨ ᠪᠤᠷᠤᠯᠠᠭᠤᠯᠬᠤ》 ᠬᠤᠪᠢᠷᠠᠯᠳᠠ᠎ᠶ᠋ᠢ ᠠᠬᠢᠭᠤᠯᠵᠦ ᠪᠠᠢᠨ᠎ᠠ᠃ ᠡᠭᠦᠨ᠎ᠡᠴᠡ ᠭᠠᠳᠠᠨ᠎ᠠ᠂ 266 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠵᠣᠯᠭᠠᠭᠤᠯᠬᠤ ᠪᠠᠯᠠ ᠮᠥᠩᠭᠥ᠎ᠶ᠋ᠢᠨ ᠲᠥᠷᠥᠯ ᠵᠦᠶ᠋ᠯ᠂ ᠪᠡᠭᠡᠵᠢᠩ ᠥᠪᠥᠷ ᠮᠣᠩᠭᠣᠯ᠎ᠤᠨ 18 ᠬᠠᠮᠵᠢᠯᠴᠠᠭᠠᠨ᠎ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠶᠠᠭ ᠬᠥᠭ᠌ᠵᠢᠶᠡᠨ᠎ᠲᠡᠶ ᠶᠠᠪᠤᠭ᠍ᠳᠠᠵᠤ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号