ᠲᠦᠷᠦᠬᠦᠬᠡᠨ᠂ 《〈ᠠᠷᠪᠠᠨ ᠳᠥᠷᠪᠡᠳᠦᠭᠡᠷ ᠲᠠᠪᠤᠨ ᠵᠢᠯ〉 ᠳ᠋ᠸ᠋ ᠭᠠᠪᠢᠶ᠎ᠠ ᠪᠠᠢᠭᠤᠯᠵᠤ᠂ ᠰᠢᠨ᠎ᠡ ᠠᠶᠠᠨᠳᠤ ᠡᠷᠡᠯᠬᠡᠭᠯᠡᠨ ᠤᠷᠤᠬᠰᠢᠯᠠᠬᠤ》 ᠭᠤᠷᠪᠠᠳᠤᠭᠠᠷ ᠬᠤᠭᠤᠴᠠᠭᠠᠨᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭᠠᠶᠢᠨ ᠨᠠᠰᠤᠨᠳᠤ ᠦᠯᠦ ᠬᠦᠷᠦᠭᠰᠡᠳᠦᠨ ᠪᠠᠢᠴᠠᠭᠠᠬᠤ ᠲᠤᠬᠠᠢᠯᠠᠭᠰᠠᠨ ᠠᠵᠢᠯᠤᠨ ᠠᠵᠢᠯ ᠮᠡᠷᠭᠡᠵᠢᠯᠦᠨ ᠤᠷ᠎ᠠ ᠴᠢᠳᠠᠪᠤᠷᠢᠶᠢᠨ ᠤᠷᠤᠯᠳᠤᠭᠠᠨ ᠠᠮᠵᠢᠯᠳᠠ ᠲᠠᠢ ᠦᠨᠳᠦᠷᠯᠡᠪᠡ᠃
ᠲᠤᠰ ᠤᠳᠠᠭ᠎ᠠ ᠵᠢᠨ ᠤᠷᠤᠯᠳᠤᠭᠠᠨ ᠨᠢ ᠰᠢᠨ᠎ᠡ ᠬᠡᠯᠪᠡᠷᠢ ᠪᠠᠢᠳᠠᠯ ᠲᠤᠤᠷᠠᠬᠢ ᠨᠠᠰᠤᠨ ᠳ᠋ᠸ᠋ ᠦᠯᠦ ᠬᠦᠷᠦᠭᠰᠡᠳ ᠤ᠋ᠨ ᠠᠵᠢᠯ ᠤ᠋ᠨ ᠬᠦᠭᠵᠢᠯᠳᠡ ᠵᠢᠨ ᠬᠡᠷᠡᠭᠴᠡᠬᠡ ᠱᠠᠭᠠᠷᠳᠠᠯᠭ᠎ᠠ ᠳ᠋ᠸ᠋ ᠰᠠᠭᠤᠷᠢᠯᠠᠨ᠂ ᠪᠢᠷ ᠤ᠋ᠨ ᠰᠢᠯᠭᠠᠯᠳᠠ᠂ ᠰᠢᠬᠦᠮᠵᠢᠯᠡᠯ ᠦᠬᠦᠯᠡᠯ ᠪᠢᠴᠢᠬᠦ᠂ ᠲᠤᠬᠠᠢᠯᠠᠬᠰᠠᠨ ᠠᠵᠢᠯ ᠤ᠋ᠨ ᠨᠤᠮ ᠬᠠᠶᠠᠯᠴᠠᠬᠤ ᠵᠢᠴᠢ ᠬᠡᠷᠡᠭ ᠵᠢᠡᠷ ᠬᠠᠤᠯᠢ ᠵᠢ ᠲᠠᠢᠯᠪᠤᠷᠢᠯᠠᠬᠤ᠂ ᠬᠡᠷᠡᠭ ᠤ᠋ᠨ ᠵᠢᠱ᠌ᠢᠶ᠎ᠡ ᠵᠢᠨ ᠮᠠᠷᠭᠤᠯᠳᠤᠭᠠᠨ ᠲᠦᠷᠪᠡᠨ ᠭᠤᠬᠴᠤᠭ᠎ᠠ ᠵᠢ ᠲᠤᠬᠢᠷᠠᠭᠤᠯᠤᠨ᠂ ᠤᠷᠤᠯᠴᠠᠬᠴᠢ ᠵᠢᠨ ᠬᠡᠷᠡᠭᠢ ᠬᠢᠨᠠᠨ ᠪᠠᠢᠴᠠᠭᠠᠬᠤ᠂ ᠠᠯᠪᠠᠨ ᠵᠠᠭᠠᠯᠳᠤᠯᠭ᠎ᠠ ᠬᠢᠬᠦ᠂ ᠬᠠᠤᠯᠢ ᠪᠡᠷ ᠵᠠᠰᠠᠬᠤ ᠤᠬᠠᠭᠤᠯᠭ᠎ᠠ ᠬᠢᠬᠦ ᠵᠡᠷᠬᠡ ᠭᠤᠤᠯᠯᠠᠬᠤ ᠲᠤᠬᠠᠢᠯᠠᠬᠰᠠᠨ ᠠᠵᠢᠯ ᠤ᠋ᠨ ᠴᠢᠳᠠᠪᠤᠷᠢ ᠵᠢ ᠰᠢᠯᠭᠠᠨ ᠪᠠᠢᠴᠠᠭᠠᠵᠠᠢ᠃
ᠲᠦᠷᠦᠬᠦᠬᠡᠨ᠂ ᠬᠡᠷᠡᠭ ᠤ᠋ᠨ ᠵᠢᠱ᠌ᠢᠶ᠎ᠡ ᠵᠢᠨ ᠮᠠᠷᠭᠤᠯᠳᠤᠭᠠᠨ ᠤ᠋ ᠤᠷᠤᠯᠳᠤᠭᠠᠨ ᠶᠠᠪᠤᠬᠳᠠᠵᠤ᠂ ᠤᠯᠠᠨ ᠤ᠋ ᠲᠤᠮᠳᠠ ᠡᠴᠨ ᠴᠤᠯᠭᠤᠷᠠᠨ ᠭᠠᠷᠤᠬᠰᠠᠨ ᠡᠮᠦᠨ᠎ᠡ ᠠᠷᠪᠠᠨ ᠨᠡᠷᠡᠰ ᠤᠷᠤᠯᠴᠠᠬᠴᠢ ᠠᠬᠤᠢ ᠲᠠᠯᠠᠪᠠᠢ ᠵᠢᠨ ᠤᠷᠤᠯᠳᠤᠭᠠᠨᠳᠦ᠂ ᠴᠢᠯᠦᠬᠡᠳᠡᠢ ᠮᠠᠷᠭᠤᠯᠳᠤᠬᠤ᠂ ᠬᠤᠷᠢᠶᠠᠩᠭᠤᠢᠯᠠᠨ ᠳ᠋ᠦᠩᠨᠡᠬᠦ ᠭᠤᠬᠴᠤᠭᠠᠳᠦ ᠬᠤᠷᠴᠠ ᠰᠢᠷᠦᠬᠦᠨ ᠦᠷᠢᠰᠦᠯᠳᠦᠪᠡ᠃
ᠬᠤᠷᠴᠠ ᠰᠢᠷᠦᠬᠦᠨ ᠦᠷᠢᠰᠦᠯᠳᠦᠬᠡᠨ ᠵᠢᠡᠷ ᠲᠠᠮᠵᠢᠨ᠂ ᠨᠢᠬᠡ ᠪᠦᠯᠦᠭ ᠤᠨᠤᠯ ᠤ᠋ᠨ ᠰᠠᠭᠤᠷᠢ ᠪᠡᠷ ᠰᠠᠢᠨ᠂ ᠲᠤᠬᠠᠢᠯᠠᠬᠰᠠᠨ ᠠᠵᠢᠯ ᠤ᠋ᠨ ᠤᠷ᠎ᠠ ᠴᠢᠳᠠᠪᠤᠷᠢ ᠳ᠋ᠠᠭᠠᠨ ᠴᠠᠭᠠᠷᠠᠬᠰᠠᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠲᠤᠬᠠᠢᠯᠠᠬᠰᠠᠨ ᠠᠵᠢᠯ ᠤ᠋ᠨ ᠵᠢᠱ᠌ᠢᠶᠡᠴᠢ ᠪᠠ ᠴᠢᠳᠠᠪᠤᠷᠢᠳᠠᠨ ᠴᠤᠯᠭᠤᠷᠠᠨ ᠭᠠᠷᠴᠠᠢ᠃ ᠠᠯᠢᠶ᠎ᠠ ᠵᠡᠷᠬᠡ 5 ᠤᠷᠤᠯᠴᠠᠬᠴᠢ 《ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠲᠤᠬᠠᠢᠯᠠᠬᠰᠠᠨ ᠠᠵᠢᠯ ᠤ᠋ᠨ ᠵᠢᠱ᠌ᠢᠶᠡᠴᠢ》 ᠪᠡᠷ ᠦᠨᠡᠯᠡᠭᠳᠡᠵᠡᠢ᠃ ᠨᠠᠮᠤᠷ ᠵᠡᠷᠬᠡ 15 ᠤᠷᠤᠯᠴᠠᠬᠴᠢ 《ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠲᠤᠬᠠᠢᠯᠠᠬᠰᠠᠨ ᠠᠵᠢᠯ ᠤ᠋ᠨ ᠴᠢᠳᠠᠪᠤᠷᠢᠳᠠᠨ》 ᠵᠢᠡᠷ ᠰᠢᠯᠭᠠᠷᠠᠭᠤᠯᠤᠬᠳᠠᠪᠠ᠃ ᠬᠦᠬᠡᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠵᠡᠷᠬᠡ 5 ᠪᠠᠢᠭᠤᠯᠭ᠎ᠠ ᠨᠢᠬᠡᠴᠢ 《ᠰᠢᠯᠢᠳᠡᠭ ᠵᠤᠬᠢᠶᠠᠨ ᠪᠠᠢᠭᠤᠯᠤᠯᠳᠠ ᠵᠢᠨ ᠱᠠᠩᠨᠠᠯ》 ᠬᠦᠷᠳᠡᠭᠰᠡᠨ ᠪᠠᠢᠨ᠎ᠠ᠃