12 ᠰᠠᠷ᠎ᠠ ᠶ᠋ᠢᠨ 18 ᠤ᠋ ᠡᠳᠦᠷ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠦᠷᠪᠡᠳᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠤ᠋ᠨ 《ᠰᠤᠶᠤᠯ ᠤ᠋ᠨ ᠠᠵᠤ ᠦᠢᠯᠡᠰ ᠪᠤᠯᠤᠨ ᠠᠵᠢᠯ ᠦᠢᠯᠡᠰ ᠢ᠋ ᠴᠡᠴᠡᠭᠯᠡᠬᠦᠯᠦᠨ ᠬᠦᠭᠵᠢᠬᠦᠯᠵᠦ ᠠᠷᠠᠳ ᠲᠦᠮᠡᠨ ᠤ᠋ ᠰᠤᠶᠤᠯ ᠤ᠋ᠨ ᠬᠡᠷᠡᠭᠴᠡᠭᠡ ᠵᠢ ᠬᠠᠩᠭᠠᠬᠤ》 ᠲᠤᠰᠬᠠᠢ ᠲᠠᠯᠠᠪᠠᠢ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠤᠬᠠᠭᠤᠯᠬᠤ ᠬᠡᠯᠳᠡᠰ ᠪᠤᠯᠤᠨ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢ᠋ ᠤᠷᠢᠵᠤ᠂ 《ᠠᠷᠪᠠᠨ ᠳᠦᠷᠪᠡᠳᠦᠭᠡᠷ ᠲᠠᠪᠤᠨ ᠵᠢᠯ》 ᠳ᠋ᠡᠬᠢ ᠦᠪᠦᠷ ᠮᠤᠡᠭᠭᠤᠯ ᠤ᠋ᠨ ᠰᠤᠶᠤᠯ ᠵᠢᠭᠤᠯᠴᠢᠯᠠᠯ ᠢ᠋ ᠠᠭᠤᠰᠤᠯᠴᠠᠭᠤᠯᠤᠨ ᠬᠦᠭᠵᠢᠬᠦᠯᠦᠭᠰᠡᠨ ᠪᠠ ᠰᠤᠶᠤᠯ ᠤ᠋ᠨ ᠠᠵᠢᠯ ᠦᠢᠯᠡᠰ ᠪᠤᠯᠤᠨ ᠰᠤᠶᠤᠯ ᠤ᠋ᠨ ᠠᠵᠤ ᠦᠢᠯᠡᠰ ᠢ᠋ ᠴᠢᠨᠠᠷ ᠰᠠᠢᠳᠠᠢ ᠬᠦᠭᠵᠢᠬᠦᠯᠦᠭᠰᠡᠨ ᠠᠷᠭ᠎ᠠ ᠬᠡᠮᠵᠢᠶ᠎ᠡ᠂ ᠠᠵᠢᠯ ᠤ᠋ᠨ ᠠᠬᠢᠴᠠ ᠪᠠ ᠠᠮᠵᠢᠯᠳᠠ ᠪᠦᠲᠦᠮᠵᠢ ᠵᠢ ᠲᠠᠨᠢᠯᠴᠠᠭᠤᠯᠤᠭᠰᠠᠨ ᠪᠦᠬᠡᠳ ᠰᠤᠷᠪᠤᠯᠵᠢᠯᠠᠭᠴᠢᠳ ᠤ᠋ᠨ ᠠᠰᠠᠭᠤᠯᠲᠠ ᠵᠢ ᠬᠠᠷᠢᠭᠤᠯᠪᠠ᠃
ᠰᠣᠶᠣᠯ ᠤ᠋ᠨ ᠠᠵᠤ ᠦᠢᠯᠡᠰ ᠤ᠋ᠨ ᠶᠠᠰᠤ ᠴᠢᠨᠠᠷ ᠪᠠ ᠦᠷ᠎ᠡ ᠠᠱᠢᠭ ᠵᠡᠷᠬᠡ ᠪᠡᠷ ᠲᠠᠬᠡᠭᠰᠢᠯᠡᠪᠡ
《〈ᠠᠷᠪᠠᠨ ᠳᠥᠷᠪᠡᠳᠦᠭᠡᠷ ᠲᠠᠪᠤᠨ ᠵᠢᠯ〉 ᠦ᠋ᠨ ᠬᠤᠭᠤᠴᠠᠭᠠᠨ ᠳ᠋ᠦ ᠪᠥᠬᠥ᠌ ᠣᠷᠣᠨ ᠵᠢᠡᠷ ᠵᠢᠡᠨ ᠭᠤᠤᠯᠳᠠᠯᠭ᠎ᠠ ᠲᠠᠶ ᠰᠣᠶᠣᠯ ᠤ᠋ᠨ ᠠᠵᠤ ᠦᠶ᠋ᠯᠡᠰ ᠤ᠋ᠨ ᠲᠥᠷᠥᠯ ᠵᠦᠶ᠋ᠯ ᠢ᠋ 136 ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ ᠨᠢ 451.9 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠪᠣᠯᠤᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠰᠠᠢᠨ ᠣᠷᠴᠢᠯ ᠢ᠋ ᠪᠦᠷᠢᠯᠳᠦᠭᠦᠯᠪᠡ》 ᠭᠡᠵᠦ᠍ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠤᠬᠠᠭᠤᠯᠬᠤ ᠬᠡᠯᠳᠡᠰ ᠤ᠋ᠨ ᠳᠡᠳ᠋ ᠳᠠᠷᠤᠭ᠎ᠠ ᠴᠢᠨ ᠬᠤᠧᠠ ᠵᠧᠨ ᠳᠠᠨᠢᠯᠴᠠᠭᠤᠯᠪᠠ᠃
ᠵᠠᠬ᠎ᠠ ᠳᠡᠯᠭᠡᠭᠦᠷ ᠤ᠋ᠨ ᠭᠤᠤᠯ ᠴᠤᠭᠴᠠ ᠵᠢ ᠬᠦᠮᠦᠵᠢᠬᠦᠯᠵᠦ᠂ ᠠᠮᠢᠵᠢᠷᠠᠯ ᠤ᠋ᠨ ᠬᠦᠴᠦᠨ ᠢ᠋ ᠨᠢ ᠬᠦᠭᠵᠢᠬᠡᠨ ᠬᠦᠴᠦᠷᠭᠡᠭᠵᠢᠬᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠦ᠂ ᠮᠠᠨ ᠤ᠋ ᠤᠷᠤᠨ ᠨᠢᠭᠡ ᠪᠦᠯᠦᠭ ᠵᠢᠯ ᠤ᠋ᠨ ᠡᠵᠡᠩᠨᠡᠯᠲᠡ ᠶ᠋ᠢᠨ ᠣᠷᠣᠯᠭ᠎ᠠ ᠨᠢ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠲᠠᠭᠠᠭᠤᠯᠤᠭᠴᠢ ᠠᠵᠤ ᠠᠬᠤᠢᠯᠠᠯ ᠢ᠋ ᠳᠡᠮᠵᠢᠵᠤ ᠪᠤᠵᠠᠭᠠᠢᠷᠠᠭᠤᠯᠤᠨ᠂ ᠪᠥᠬᠥ᠌ ᠣᠷᠣᠨ ᠤ᠋ ᠰᠣᠶᠣᠯ ᠤ᠋ᠨ ᠠᠵᠤ ᠦᠶ᠋ᠯᠡᠰ ᠤ᠋ᠨ ᠬᠠᠤᠯᠢ ᠶ᠋ᠢᠨ ᠡᠷᠬᠡᠲᠡᠨ ᠨᠢᠭᠡᠴᠢ ᠶ᠋ᠢᠨ ᠡᠳ᠋ ᠬᠥᠷᠥᠩᠭᠡ 2020 ᠣᠨ ᠳ᠋ᠦ 1155 ᠳ᠋ᠦᠩᠱᠢᠭᠤᠷ ᠲᠥᠭᠥᠷᠢᠭ ᠪᠠᠢᠭᠰᠠᠨ ᠡᠴᠡ ᠪᠠᠨ 1470.2 ᠳ᠋ᠦᠩᠱᠢᠭᠤᠷ ᠲᠥᠭᠥᠷᠢᠭ ᠪᠤᠯᠵᠦ᠂ ᠡᠵᠡᠩᠨᠡᠯᠲᠡ ᠶ᠋ᠢᠨ ᠣᠷᠣᠯᠭ᠎ᠠ ᠨᠢ 236.4 ᠳ᠋ᠦᠩᠱᠢᠭᠤᠷ ᠲᠥᠭᠥᠷᠢᠭ ᠪᠠᠢᠭᠰᠠᠨ ᠡᠴᠡ ᠪᠠᠨ 343.9 ᠳ᠋ᠦᠩᠱᠢᠭᠤᠷ ᠲᠥᠭᠥᠷᠢᠭ ᠪᠣᠯᠵᠤ ᠨᠡᠮᠡᠭ᠌ᠳᠡᠨ᠂ ᠰᠤᠶᠤᠯ ᠤ᠋ᠨ ᠠᠵᠢᠯ ᠲᠦᠷᠦᠯ ᠡᠷᠬᠢᠯᠡᠭᠰᠡᠳ 10.9 ᠲᠦᠮᠡᠨ ᠬᠥᠮᠦᠨ ᠪᠠᠢᠭᠰᠠᠨ ᠡᠴᠡ ᠪᠠᠨ 14.6 ᠲᠦᠮᠡᠨ ᠬᠥᠮᠦᠨ ᠪᠣᠯᠵᠦ ᠨᠡᠮᠡᠭ᠌ᠳᠡᠪᠡ᠃ ᠬᠡᠪᠴᠢᠶᠡᠵᠢᠯ ᠡᠴᠡ ᠳᠡᠭᠡᠭ᠌ᠰᠢᠬᠢ ᠰᠣᠶᠣᠯ ᠤ᠋ᠨ ᠠᠵᠤ ᠠᠬᠤᠢᠯᠠᠯ ᠤ᠋ᠨ ᠲᠣᠭ᠎ᠠ 168 ᠪᠠᠢᠭ᠍ᠰᠠᠨ ᠡᠴᠡ ᠪᠠᠨ 182 ᠪᠣᠯᠤᠨ ᠨᠡᠮᠡᠭ᠌ᠳᠡᠵᠦ᠍᠂ ᠡᠵᠡᠩᠨᠡᠯᠲᠡ ᠶ᠋ᠢᠨ ᠣᠷᠣᠯᠭ᠎ᠠ ᠨᠢ 96.9 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 138.3 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠪᠡ᠃
ᠪᠠᠢᠭᠤᠯᠤᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠦᠨ ᠠᠬᠢᠭᠤᠯᠵᠤ᠂ ᠬᠥᠭ᠌ᠵᠢᠯᠲᠡ ᠶ᠋ᠢᠨ ᠬᠥᠳᠡᠯᠭᠡᠬᠦ᠌ ᠬᠦᠴᠦᠨ ᠢ᠋ ᠭᠦᠢᠴᠡᠳ ᠪᠠᠳᠠᠷᠠᠭᠤᠯᠪᠠ᠃ ᠤᠯᠤᠰ ᠤ᠋ᠨ ᠥᠮᠴᠢᠯᠡᠯ ᠤᠨ ᠠᠵᠤ ᠠᠬᠤᠢᠯᠠᠯ ᠤ᠋ᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠥᠪᠥᠷ ᠮᠣᠩᠭᠣᠯ ᠤ᠋ᠨ ᠱᠢᠨᠬᠤᠸᠠ ᠲᠠᠷᠬᠠᠭᠠᠯᠲᠠ ᠶ᠋ᠢᠨ ᠪᠦᠯᠦᠭ᠌ᠯᠡᠯ᠂ ᠥᠪᠥᠷ ᠮᠣᠩᠭᠣᠯ ᠤ᠋ᠨ ᠺᠢᠨᠣ᠋ ᠶ᠋ᠢᠨ ᠦᠶ᠋ᠯᠡᠳᠪᠦᠷᠢ ᠶ᠋ᠢᠨ ᠬᠣᠯᠢᠮᠠᠭ ᠥᠮᠴᠢᠯᠡᠯ ᠤ᠋ᠨ ᠥᠭᠡᠷᠡᠴᠢᠯᠡᠯᠲᠡ ᠵᠢ ᠪᠡᠶᠡᠯᠡᠭᠦᠯᠵᠦ᠍᠂ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ᠂ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠬᠠᠷᠢᠶ᠎ᠠ ᠠᠵᠤ ᠠᠬᠤᠢᠯᠠᠯ ᠤ᠋ᠨ ᠥᠭᠡᠷᠡᠴᠢᠯᠡᠯᠲᠡ ᠬᠢᠵᠦ᠍ ᠳᠠᠬᠢᠨ ᠪᠠᠢᠭᠤᠯᠬᠤ ᠵᠢ ᠠᠬᠢᠭᠤᠯᠵᠠᠢ᠃ ᠰᠣᠶᠣᠯ ᠤ᠋ᠨ ᠠᠵᠢᠯ ᠦᠢᠯᠡᠰ ᠤ᠋ᠨ ᠨᠢᠭᠡᠴᠢ ᠶ᠋ᠢᠨ ᠥᠭᠡᠷᠡᠴᠢᠯᠡᠯᠲᠡ ᠵᠢ ᠭᠦᠨᠵᠡᠭᠡᠢᠷᠡᠭᠦᠯᠤᠨ᠂ ᠵᠠᠭᠤᠴᠢᠯᠠᠭᠤᠷ ᠤ᠋ᠨ ᠠᠭᠤᠰᠤᠯᠴᠠᠯ ᠤ᠋ᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 《ᠨᠡᠢᠲᠡ ᠶ᠋ᠢᠨ ᠠᠰᠠᠷᠠᠮᠵᠢ + ᠵᠠᠬ᠎ᠠ ᠳᠡᠯᠭᠡᠭᠦᠷ》᠂ 《ᠠᠵᠢᠯ ᠦᠢᠯᠡᠰ + ᠠᠵᠤ ᠠᠬᠤᠢᠯᠠᠯ》 ᠤ᠋ᠨ ᠬᠥᠭ᠌ᠵᠢᠯᠲᠡ ᠶ᠋ᠢᠨ ᠵᠠᠭ᠍ᠪᠤᠷ ᠢ᠋ ᠬᠠᠢᠨ ᠰᠦᠪᠡᠭ᠌ᠴᠢᠯᠡᠵᠦ᠍᠂ ᠰᠣᠶᠣᠯ ᠤ᠋ᠨ ᠠᠵᠤ ᠦᠢᠯᠡᠰ ᠪᠣᠯᠤᠨ ᠰᠣᠶᠣᠯ ᠤ᠋ᠨ ᠠᠵᠢᠯ ᠦᠢᠯᠡᠰ ᠤ᠋ᠨ ᠬᠠᠮᠵᠢᠯᠴᠠᠨ ᠬᠥᠭ᠌ᠵᠢᠬᠦ᠌ ᠵᠢ ᠠᠬᠢᠭᠤᠯᠪᠠ᠃
ᠲᠣᠭᠠᠴᠢᠯᠠᠭ᠍ᠰᠠᠨ ᠮᠡᠷᠭᠡᠵᠢᠯ ᠢ᠋ ᠬᠦᠨᠵᠡᠬᠡᠢ ᠠᠰᠢᠭᠯᠠᠵᠦ᠂ ᠠᠵᠤ ᠦᠢᠯᠡᠰ ᠤ᠋ᠨ ᠬᠡᠯᠪᠡᠷᠢ ᠵᠢ ᠳᠡᠰ ᠳᠡᠪᠱᠢᠭᠦᠯᠪᠠ᠃ ᠮᠠᠨ ᠤ᠋ ᠤᠷᠤᠨ 《ᠰᠣᠶᠣᠯ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》 ᠤ᠋ᠨ ᠠᠭᠤᠰᠤᠯᠴᠠᠯ ᠢ᠋ ᠶᠡᠬᠡ ᠪᠡᠷ ᠠᠬᠢᠭᠤᠯᠵᠤ᠂ ᠱᠢᠨ᠎ᠡ ᠵᠢ ᠡᠭᠦᠳᠬᠦ᠌ ᠪᠡᠷ ᠬᠥᠳᠡᠯᠭᠡᠬᠦ᠌ ᠬᠦᠴᠦᠨ ᠪᠣᠯᠭᠠᠨ᠂ ᠰᠣᠶᠣᠯ ᠤ᠋ᠨ ᠲᠣᠭᠠᠴᠢᠯᠠᠭ᠍ᠰᠠᠨ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠪᠠᠢᠭᠤᠯᠪᠠ᠃ 《ᠳᠤᠮᠳᠠᠳᠤ ᠤᠯᠤᠰ ᠤ᠋ᠨ ᠠᠷᠠᠳ ᠤ᠋ᠨ ᠬᠦᠭᠵᠢᠮ》 ᠲᠣᠭᠠᠴᠢᠯᠠᠭ᠍ᠰᠠᠨ ᠬᠠᠮ ᠵᠠᠭᠤᠴᠢᠯᠠᠭᠤᠷ ᠤ᠋ᠨ ᠲᠠᠪᠴᠠᠩ ᠵᠡᠷᠭᠡ ᠭᠤᠤᠯᠳᠠᠯᠭ᠎ᠠ ᠲᠠᠶ ᠲᠥᠷᠥᠯ ᠵᠦᠶ᠋ᠯ ᠢ᠋ ᠨᠠᠢᠳᠠᠪᠤᠷᠢᠵᠢᠭᠤᠯᠤᠨ ᠪᠠᠢᠭᠤᠯᠵᠤ᠂ ᠲᠣᠭᠠᠴᠢᠯᠠᠭ᠍ᠰᠠᠨ ᠰᠣᠶᠣᠯ ᠤ᠋ᠨ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠬᠥᠭ᠌ᠵᠢᠯᠲᠡ ᠳ᠋ᠦ ᠰᠠᠢᠨ ᠰᠠᠢᠬᠠᠨ ᠰᠠᠭᠤᠷᠢ ᠵᠢ ᠲᠠᠯᠪᠢᠵᠤ ᠥᠭ᠌ᠪᠡ᠃ ᠪᠦᠬᠦ᠌ ᠣᠷᠣᠨ ᠤ᠋ ᠰᠣᠶᠣᠯ ᠤ᠋ᠨ ᠱᠢᠨ᠎ᠡ ᠡᠵᠡᠩᠨᠡᠯᠲᠡ ᠶ᠋ᠢᠨ ᠪᠠᠢᠳᠠᠯ ᠲᠠᠶ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠣᠷᠣᠯᠭ᠎ᠠ 2020 ᠣᠨ ᠳ᠋ᠦ 2.1 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ ᠨᠡᠮᠡᠭ᠌ᠳᠡᠭᠡᠳ 6 ᠳ᠋ᠦᠩᠱᠢᠭᠤᠷ ᠲᠥᠭᠥᠷᠢᠭ ᠲᠦ᠍ ᠬᠦᠷᠴᠦ᠍᠂ ᠵᠢᠯ ᠪᠦᠷᠢ ᠳᠤᠮᠳᠠᠴᠢ ᠪᠠᠷ 29.4% ᠪᠡᠷ ᠨᠡᠮᠡᠭ᠌ᠳᠡᠪᠡ᠃
ᠤᠯᠠᠭᠠᠨᠮᠥ᠋ᠴᠢᠷ ᠦᠪᠤᠷ ᠮᠤᠩᠭᠤᠯ ᠤ᠋ᠨ ᠤᠳᠬ᠎ᠠ ᠤᠷᠠᠯᠢᠭ ᠤ᠋ᠨ ᠦᠵᠡᠰᠭᠦᠯᠡᠩᠲᠦ ᠰᠠᠢᠬᠠᠨ ᠨᠡᠷ᠎ᠡ ᠶ᠋ᠢᠨ ᠬᠠᠭᠤᠳᠠᠰᠤ ᠪᠣᠯᠪᠠ
《〈ᠠᠷᠪᠠᠨ ᠳᠥᠷᠪᠡᠳᠦᠭᠡᠷ ᠲᠠᠪᠤᠨ ᠵᠢᠯ〉 ᠦ᠋ᠨ ᠬᠤᠭᠤᠴᠠᠭᠠᠨ ᠳ᠋ᠦ ᠪᠥᠬᠥ᠌ ᠣᠷᠣᠨ ᠤ᠋ 75 ᠰᠠᠯᠠᠭ᠎ᠠ ᠤᠯᠠᠭᠠᠨᠮᠥ᠋ᠴᠢᠷ ᠨᠡᠢᠲᠡ 4 ᠲᠦᠮᠡ ᠭᠠᠷᠤᠶ ᠲᠠᠯᠠᠪᠠᠢ ᠲᠣᠭ᠍ᠯᠠᠯᠲᠠ ᠭᠠᠷᠭᠠᠨ᠂ 12 ᠤᠯᠠᠭᠠᠨᠮᠦ᠋ᠴᠢᠷ ᠤ᠋ᠨ 350 ᠭᠠᠷᠤᠶ ᠲᠤᠭᠯᠠᠭᠴᠢ ᠵᠢ ᠰᠣᠩᠭᠣᠨ ᠲᠣᠮᠢᠯᠠᠵᠤ ᠪᠥᠬᠥ᠌ ᠤᠯᠤᠰ ᠤ᠋ᠨ 25 ᠮᠤᠵᠢ ᠣᠷᠣᠨ ᠬᠣᠲᠠ ᠳ᠋ᠤ 159 ᠲᠠᠯᠠᠪᠠᠢ ᠲᠣᠭ᠍ᠯᠠᠯᠲᠠ ᠭᠠᠷᠭᠠᠵᠤ᠂ ᠰᠠᠢᠨ ᠰᠠᠢᠬᠠᠨ ᠨᠡᠢᠭᠡᠮ ᠤ᠋ᠨ ᠲᠤᠰᠭᠠᠯ ᠢ᠋ ᠪᠣᠶ ᠪᠣᠯᠭᠠᠪᠠ》 ᠭᠡᠵᠦ ᠴᠢᠨ ᠬᠤᠧᠠ ᠵᠧᠨ ᠳᠠᠨᠢᠯᠴᠠᠭᠤᠯᠤᠨ᠎ᠠ᠃
ᠮᠠᠨ ᠤ᠋ ᠤᠷᠤᠨ ᠤᠯᠠᠭᠠᠨᠮᠥ᠋ᠴᠢᠷ ᠤ᠋ᠨ《ᠰᠤᠷᠤᠯᠴᠠᠬᠤ ᠵᠤᠬᠢᠶᠠᠬᠤ ᠲᠣᠭ᠍ᠯᠠᠬᠤ》ᠤᠷᠠᠯᠢᠭ ᠤ᠋ᠨ ᠵᠢᠭᠠᠨ ᠵᠢᠯᠣᠭᠣᠳᠣᠭ᠍ᠴᠢ ᠶ᠋ᠢᠨ ᠠᠵᠢᠯ ᠢ᠋ ᠭᠦᠨᠵᠡᠭᠡᠶ ᠥᠷᠨᠢᠭᠦᠯᠵᠦ᠍᠂ ᠵᠢᠯ ᠪᠤᠯᠭᠠᠨ 30 ᠰᠢᠬᠠᠮ ᠤᠷᠠᠯᠢᠭ ᠤ᠋ᠨ ᠵᠢᠭᠠᠨ ᠵᠢᠯᠣᠭᠣᠳᠣᠭ᠍ᠴᠢ ᠵᠢ ᠵᠣᠬᠢᠶᠠᠨ ᠪᠠᠢᠭᠤᠯᠵᠤ ᠡᠯ᠎ᠡ ᠤᠯᠠᠭᠠᠨᠮᠥ᠋ᠴᠢᠷ ᠲᠦ᠍ ᠣᠴᠢᠭᠤᠯᠤᠨ ᠤᠷᠠᠯᠢᠭ ᠤ᠋ᠨ ᠵᠢᠭᠠᠨ ᠵᠢᠯᠣᠭᠣᠳᠭᠤ ᠠᠵᠢᠯ ᠢ᠋ ᠥᠷᠨᠢᠭᠦᠯᠵᠦ᠍᠂ ᠡᠯ᠎ᠡ ᠲᠥᠷᠥᠯ ᠤ᠋ᠨ ᠤᠳᠭ᠎ᠠ ᠤᠷᠠᠯᠢᠭ ᠤ᠋ᠨ ᠪᠦᠲᠦᠭᠡᠯ ᠢ᠋ 500 ᠱᠢᠬᠠᠮ ᠢ᠋ ᠵᠢᠯᠣᠭᠣᠳᠤᠨ ᠪᠡᠶᠡᠯᠡᠭᠦᠯᠵᠦ᠍᠂ ᠶᠠᠷᠢᠶᠠᠲᠤ ᠵᠦᠴᠦᠭᠡ᠂ ᠡᠯ ᠷᠧᠨ ᠲᠠᠢ᠂ ᠪᠥᠵᠢᠭ᠂ ᠳᠠᠭᠤᠤ᠂ ᠱᠣᠭ ᠵᠦᠴᠦᠭᠡ ᠵᠡᠷᠭᠡ ᠣᠯᠠᠨ ᠵᠦᠶ᠋ᠯ ᠤ᠋ᠨ ᠤᠷᠠᠯᠢᠭ ᠤ᠋ᠨ ᠬᠡᠯᠪᠡᠷᠢ ᠵᠢ ᠬᠠᠮᠤᠷᠴᠤ᠌᠂ ᠵᠣᠬᠢᠶᠠᠨ ᠪᠦᠲᠦᠭᠡᠬᠦ᠌ ᠵᠢ ᠵᠢᠯᠣᠭᠣᠳᠭᠤ ᠪᠠ ᠪᠡᠶ᠎ᠡ ᠪᠡᠨ ᠳᠠᠭᠠᠭᠠᠵᠤ ᠵᠣᠬᠢᠶᠠᠨ ᠪᠦᠲᠦᠭᠡᠬᠦ᠌ ᠵᠢ ᠤᠶᠠᠯᠳᠤᠭᠤᠯᠤᠭ᠍ᠰᠠᠨ ᠰᠠᠢᠨ ᠰᠠᠢᠬᠠᠨ ᠣᠷᠴᠢᠯ ᠢ᠋ ᠪᠣᠶ ᠪᠣᠯᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ ᠳ᠋ᠦ᠂ ᠪᠦᠬᠦ ᠤᠷᠤᠨ ᠤ᠋ ᠤᠯᠠᠭᠠᠨᠮᠥ᠋ᠴᠢᠷ ᠤ᠋ᠨ ᠬᠢᠨ ᠭᠠᠷᠮᠠᠭᠠᠶ ᠠᠮᠵᠢᠯᠲᠠ ᠪᠡᠷ ᠵᠢᠡᠨ ᠦᠪᠦᠷ ᠮᠤᠨᠭᠭᠤᠯ ᠤ᠋ᠨ ᠤᠳᠬ᠎ᠠ ᠤᠷᠠᠯᠢᠭ ᠢ᠋ ᠤᠯᠤᠰ ᠲᠠᠶᠠᠭᠠᠷ ᠲᠦ᠍ ᠠᠯᠳᠠᠷ ᠮᠠᠨᠳᠤᠭᠤᠯᠵᠦ᠂ ᠰᠢᠯᠢᠳᠡᠭ ᠰᠤᠶᠤᠯ ᠤ᠋ᠨ ᠦᠷ᠎ᠠ ᠰᠢᠮ᠎ᠠ ᠵᠢ ᠪᠦᠬᠦ ᠤᠷᠤᠨ ᠴᠢᠨᠠᠭᠰᠢᠯᠠᠨ ᠪᠦᠬᠦ ᠤᠯᠤᠰ ᠤ᠋ᠨ ᠠᠷᠠᠳ ᠲᠦᠮᠡᠨ ᠳ᠋ᠦ ᠬᠦᠷᠳᠡᠭᠡᠵᠦ᠂ ᠦᠪᠦᠷ ᠮᠤᠨᠭᠭᠤᠯ ᠤ᠋ᠨ ᠰᠤᠶᠤᠯ ᠤᠷᠠᠯᠢᠭ ᠤ᠋ᠨ ᠤᠬᠢ ᠰᠤᠳᠤ ᠵᠢ ᠲᠦᠭᠡᠭᠡᠨ ᠳᠠᠨᠢᠯᠴᠠᠭᠤᠯᠪᠠ᠃ ᠡᠬᠦᠨ ᠳ᠋ᠦ ᠪᠥᠵᠢᠭ 《ᠵᠢᠷᠭᠠᠯ ᠤ᠋ᠨ ᠰᠢᠭᠰᠢᠷᠡᠭᠡ》 ᠨᠢ ᠳᠤᠮᠳᠠᠳᠤ ᠤᠯᠤᠰ ᠤ᠋ᠨ ᠪᠥᠵᠢᠭ ᠤ᠋ᠨ 《ᠯᠢᠩᠬᠣᠠ ᠱᠠᠩᠨᠠᠯ》 ᠢ᠋ ᠲᠤᠰᠴᠤ᠂ ᠪᠥᠵᠢᠭ 《ᠭᠡᠷᠡᠯ ᠳ᠋ᠦ ᠤᠷᠤᠨᠠᠮ》 ᠨᠢ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠸᠧᠨ ᠬᠤᠧᠠ ᠲᠣᠭ᠍ᠯᠠᠯᠲᠠ ᠶ᠋ᠢᠨ ᠱᠠᠩᠨᠠᠯ ᠢ᠋ ᠬᠦᠷᠳᠡᠵᠠᠢ᠃
ᠮᠠᠨ ᠤ᠋ ᠤᠷᠤᠨ ᠱᠢᠨ᠎ᠡ ᠴᠠᠭ ᠦᠶ᠎ᠡ ᠶ᠋ᠢᠨ ᠰᠣᠶᠣᠯ ᠤ᠋ᠨ ᠬᠥᠭ᠌ᠵᠢᠯᠲᠡ ᠶ᠋ᠢᠨ ᠬᠠᠨᠳᠤᠰᠢ ᠵᠢ ᠳᠠᠭᠠᠵᠤ᠂ ᠤᠯᠤᠰ ᠤ᠋ᠨ ᠥᠮᠴᠢᠯᠡᠯᠳᠤ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠪᠡᠷ ᠱᠢᠪᠲᠤᠯᠤᠯᠲᠠ ᠶ᠋ᠢᠨ ᠴᠡᠭ ᠪᠣᠯᠭᠠᠵᠤ᠂ 6 ᠰᠠᠯᠠᠭ᠎ᠠ ᠮᠥᠴᠢᠷ ᠬᠠᠮᠲᠤᠷᠠᠨ 《ᠤᠯᠤᠰ ᠤ᠋ᠨ ᠥᠮᠴᠢᠯᠡᠯ ᠤᠨ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠲᠤᠬᠠᠢ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠲᠤᠷᠱᠢᠯᠲᠠ ᠶ᠋ᠢᠨ ᠴᠡᠭ ᠲᠦ᠍ ᠤᠷᠢᠳ ᠢ᠋ᠶ᠋ᠠᠷ ᠬᠡᠷᠡᠭ᠌ᠵᠢᠭᠦᠯᠬᠦ᠌᠂ ᠡᠮᠬᠢ ᠵᠢᠷᠤᠮ ᠲᠠᠶ ᠠᠬᠢᠭᠤᠯᠬᠤ ᠵᠠᠷᠴᠢᠮ ᠶᠣᠰᠣᠭᠠᠷ ᠪᠥᠬᠥ᠌ ᠣᠷᠣᠨ ᠤ᠋ ᠬᠡᠪᠴᠢᠶᠡᠨ ᠳ᠋ᠦ 16 ᠠᠳᠠᠯᠢ ᠪᠤᠰᠤ ᠲᠠᠰ ᠳᠠᠪᠬᠤᠷᠭ᠎ᠠ ᠶ᠋ᠢᠨ ᠬᠦᠷᠢᠶᠡᠯᠡᠩ ᠪᠦᠯᠬᠦᠮ ᠢ᠋ ᠰᠣᠩᠭᠣᠨ ᠥᠭᠡᠷᠡᠴᠢᠯᠡᠯᠲᠡ ᠶ᠋ᠢᠨ ᠲᠤᠷᠱᠢᠯᠲᠠ ᠶ᠋ᠢᠨ ᠴᠡᠭ ᠪᠣᠯᠭᠠᠵᠤ᠂ ᠤᠳᠤᠬᠠᠨ ᠪᠤᠯᠳᠠᠯ᠎ᠠ 11 ᠬᠦᠷᠢᠶᠡᠯᠡᠩ ᠪᠦᠯᠬᠦᠮ ᠨᠢ ᠨᠡᠢᠳᠡ ᠶ᠋ᠢᠨ ᠠᠰᠠᠷᠠᠮᠵᠢ ᠶ᠋ᠢᠨ ᠬᠤᠶᠠᠳᠤᠭᠠᠷ ᠳᠡᠰ ᠤ᠋ᠨ ᠪᠠᠢᠭᠤᠯᠭ᠎ᠠ ᠶ᠋ᠢᠨ ᠦᠨᠡᠯᠡᠯᠳᠡ ᠵᠢ ᠤᠯᠵᠦ᠂ 15 ᠬᠦᠷᠢᠶᠡᠯᠡᠩ ᠪᠦᠯᠬᠦᠮ ᠨᠢ ᠫᠠᠢᠰᠠ ᠡᠯᠬᠦᠨ ᠲᠤᠭᠯᠠᠯᠳᠠ ᠶ᠋ᠢᠨ ᠺᠤᠮᠫᠠᠨᠢ ᠪᠠᠢᠭᠤᠯᠵᠦ᠂ 10 ᠬᠦᠷᠢᠶᠡᠯᠡᠩ ᠪᠦᠯᠬᠦᠮ ᠨᠢ ᠵᠠᠬ᠎ᠠ ᠳᠡᠯᠬᠡᠬᠦᠷᠴᠢᠯᠡᠭᠰᠡᠨ ᠡᠵᠡᠩᠨᠡᠯᠳᠡ ᠵᠢ ᠪᠡᠶᠡᠯᠡᠬᠦᠯᠵᠦ᠂ ᠦᠭᠡᠷᠡᠴᠢᠯᠡᠯᠳᠡ ᠶ᠋ᠢᠨ ᠠᠰᠢᠬ ᠲᠤᠰᠠ ᠵᠢ ᠬᠦᠷᠳᠡᠵᠦ ᠪᠠᠢᠨ᠎ᠠ᠃
ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠭᠦᠨᠵᠡᠭᠡᠢ ᠠᠬᠢᠭᠤᠯᠵᠤ ᠢᠯᠡᠳᠲᠡ ᠠᠮᠵᠢᠯᠲᠠ ᠣᠯᠪᠠ
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ ᠳ᠋ᠦ ᠪᠦᠬᠦ ᠤᠷᠤᠨ ᠤ᠋ ᠤᠯᠤᠰ ᠤ᠋ᠨ 5A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ 8 ᠪᠣᠯᠤᠨ ᠨᠡᠮᠡᠭᠳᠡᠵᠦ᠂ ᠤᠷᠳᠤᠨ ᠮᠦᠽᠧᠶ ᠶ᠋ᠢᠨ ᠵᠢᠭᠤᠯᠴᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠵᠢ ᠠᠬᠢᠭᠤᠯᠤᠨ᠂ 600 ᠭᠠᠷᠤᠶ ᠰᠣᠳᠣᠨ ᠦᠵᠡᠭᠦᠯᠭᠡ ᠵᠢ ᠵᠠᠯᠭᠠᠭ᠎ᠠ ᠪᠠᠷ ᠭᠠᠷᠭᠠᠵᠤ᠂ ᠤᠯᠤᠰ ᠤ᠋ᠨ ᠲᠠᠰ ᠤ᠋ᠨ ᠰᠥᠨᠢ ᠶ᠋ᠢᠨ ᠰᠣᠶᠣᠯ ᠪᠠ ᠵᠢᠭᠤᠯᠴᠢᠯᠠᠯ ᠤ᠋ᠨ ᠬᠡᠷᠡᠭ᠌ᠯᠡᠭᠡ ᠲᠥᠪᠯᠡᠷᠡᠭ᠌ᠰᠡᠨ ᠣᠷᠣᠨ ᠢ᠋ 7 ᠡᠭᠦᠳᠦᠨ ᠪᠠᠢᠭᠤᠯᠵᠠᠢ》 ᠭᠡᠵᠦ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠡᠭᠬᠢᠮ ᠤ᠋ᠨ ᠳᠡᠳ᠋ ᠳᠠᠷᠤᠭ᠎ᠠ ᠵᠠᠩ ᠸᠧᠨ ᠵᠢᠶᠦ᠋ᠨ ᠬᠡᠯᠡᠨ᠎ᠠ᠃
ᠵᠢᠭᠤᠯᠴᠢᠯᠠᠯ ᠠᠮᠠᠷᠠᠯᠲᠠ ᠶ᠋ᠢᠨ ᠣᠷᠣᠨ ᠤ᠋ ᠪᠦᠲᠦᠭᠡᠨ ᠪᠠᠢᠭᠤᠯᠤᠯᠲᠠ ᠤᠷᠤᠭᠰᠢᠳᠠᠢ ᠠᠬᠢᠵᠦ᠂ ᠷᠠᠱᠢᠶᠠᠨ ᠤ᠋ ᠵᠢᠭᠤᠯᠴᠢᠯᠠᠯ ᠠᠮᠠᠷᠠᠯᠲᠠ ᠶ᠋ᠢᠨ ᠣᠷᠣᠨ ᠨᠢ ᠤᠯᠤᠰ ᠤ᠋ᠨ ᠲᠡᠰ ᠤ᠋ᠨ ᠵᠢᠭᠤᠯᠴᠢᠯᠠᠯ ᠠᠮᠠᠷᠠᠯᠲᠠ ᠶ᠋ᠢᠨ ᠣᠷᠣᠨ ᠢ᠋ᠶ᠋ᠡᠷ ᠦᠨᠡᠯᠡᠭᠳᠡᠨ᠂ ᠥᠪᠥᠷ ᠮᠣᠩᠭᠣᠯ ᠳ᠋ᠦ ᠤᠯᠤᠰ ᠤ᠋ᠨ ᠲᠡᠰ ᠤ᠋ᠨ ᠵᠢᠭᠤᠯᠴᠢᠯᠠᠯ ᠠᠮᠠᠷᠠᠯᠲᠠ ᠶ᠋ᠢᠨ ᠣᠷᠣᠨ ᠪᠠᠢᠭ᠍ᠰᠠᠨ ᠦᠬᠡᠢ ᠲᠡᠦᠬᠡ ᠵᠢ ᠡᠴᠦᠰᠯᠡᠭᠦᠯᠪᠡ᠃ ᠤᠯᠤᠰ ᠤ᠋ᠨ 5A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠲᠠᠰᠤᠷᠠᠯᠳᠠ ᠦᠬᠡᠢ ᠨᠡᠮᠡᠭ᠌ᠳᠡᠨ᠂ ᠥᠪᠥᠷ ᠮᠣᠩᠭᠣᠯ ᠤ᠋ᠨ A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠲᠣᠭ᠎ᠠ 566 ᠪᠣᠯᠵᠦ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠢ ᠡᠴᠡ 47% ᠪᠡᠷ ᠨᠡᠮᠡᠭ᠌ᠳᠡᠵᠤ᠂ 5A ᠪᠤᠯᠤᠨ 4A ᠲᠠᠰ ᠤ᠋ᠨ ᠦᠵᠡᠮᠵᠢ ᠶ᠋ᠢᠨ ᠣᠷᠣᠨ ᠤ᠋ ᠲᠣᠭ᠎ᠠ ᠬᠡᠮᠵᠢᠶ᠎ᠡ ᠴᠥᠮ 42.6% ᠨᠡᠮᠡᠭ᠌ᠳᠡᠵᠡᠶ᠃ ᠪᠥᠬᠥ᠌ ᠣᠷᠣᠨ ᠤ᠋ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠳ᠋ᠦ ᠠᠵᠢᠯᠯᠠᠵᠤ ᠪᠠᠢᠭ᠎ᠠ ᠬᠥᠮᠦᠨ 2.7 ᠲᠦᠮᠡ ᠳ᠋ᠤ ᠬᠦᠷᠴᠦ᠂ 10.4 ᠲᠦᠮᠡᠨ ᠬᠥᠮᠦᠨ ᠤ᠋ ᠠᠵᠢᠯ ᠣᠯᠭᠣᠯᠲᠠ ᠵᠢ ᠳᠠᠢᠴᠢᠯᠠᠪᠠ᠃
《ᠰᠣᠶᠣᠯ ᠵᠢᠭᠤᠯᠴᠢᠯᠠᠯ + ᠤᠯᠠᠨ ᠠᠵᠢᠯ ᠲᠦᠷᠦᠯ》 ᠤ᠋ᠨ ᠠᠭᠤᠰᠤᠯᠴᠠᠬᠤ ᠬᠥᠭ᠌ᠵᠢᠯᠲᠡ ᠵᠢ ᠠᠬᠢᠭᠤᠯᠵᠤ᠂ ᠦᠨᠳᠦᠰᠦᠲᠡᠨ ᠤ᠋ ᠳᠠᠭᠤᠤ ᠪᠥᠵᠢᠭ᠂ ᠤᠯᠠᠮᠵᠢᠯᠠᠯᠲᠤ ᠪᠠᠶᠠᠷ ᠳᠤᠷᠠᠰᠭᠠᠯ᠂ ᠭᠠᠷ ᠤᠷᠠᠯᠠᠯ ᠢ᠋ ᠵᠢᠭᠤᠯᠴᠢᠯᠠᠯ ᠤ᠋ᠨ ᠪᠡᠶᠡᠴᠢ ᠣᠢᠯᠠᠭᠠᠯᠳᠠ ᠳ᠋ᠦ ᠠᠭᠤᠰᠤᠯᠴᠠᠭᠤᠯᠵᠤ᠂《ᠰᠣᠶᠣᠯ ᠵᠢᠭᠤᠯᠴᠢᠯᠠᠯ +》 ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠢᠳᠡᠪᠬᠢᠲᠡᠢ ᠪᠣᠢᠵᠢᠭᠤᠯᠤᠨ᠂ 《ᠤᠷᠤᠯᠳᠤᠭᠠᠨ᠂ ᠨᠤᠮ ᠤᠩᠱᠢᠯᠭ᠎ᠠ᠂ ᠪᠣᠳᠠᠰ ᠤ᠋ᠨ ᠪᠤᠰᠤ ᠰᠣᠶᠣᠯ ᠤ᠋ᠨ ᠥᠪ᠂ ᠦᠵᠡᠰᠭᠦᠯᠡᠩ᠂ ᠬᠠᠭᠤᠴᠢ ᠲᠤᠷᠠᠰᠬᠠᠯ᠂ ᠲᠣᠭ᠍ᠯᠠᠯᠲᠠ᠂ ᠠᠮᠲᠠᠲᠤ ᠢᠳᠡᠭᠡᠨ ᠵᠡᠷᠭᠡ ᠵᠢ ᠳᠠᠭᠠᠵᠤ ᠵᠢᠭᠤᠯᠴᠢᠯᠠᠬᠤ》 7 ᠶᠡᠬᠡ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠮᠦᠽᠧᠶ ᠶ᠋ᠢᠨ ᠵᠢᠭᠤᠯᠴᠢᠯᠠᠯ ᠤ᠋ᠨ ᠱᠢᠨ᠎ᠡ ᠵᠢ ᠡᠭᠦᠳᠦᠨ ᠬᠥᠭ᠌ᠵᠢᠬᠦ᠌ ᠵᠢ ᠠᠬᠢᠭᠤᠯᠵᠤ᠂ 600 ᠭᠠᠷᠤᠶ ᠰᠣᠳᠣᠨ ᠦᠵᠡᠰᠭᠦᠯᠡᠩ ᠢ᠋ ᠵᠠᠯᠭᠠᠭ᠎ᠠ ᠪᠠᠷ ᠭᠠᠷᠭᠠᠵᠤ᠂ ᠵᠢᠯ ᠳ᠋ᠦ ᠲᠦᠮᠡ ᠡᠴᠡ ᠳᠡᠭᠡᠭᠰᠢ ᠵᠢᠭᠤᠯᠴᠢᠯᠠᠭᠴᠢ ᠵᠢ ᠳᠠᠳᠠᠭᠰᠠᠨ ᠰᠣᠶᠣᠯ ᠵᠢᠭᠤᠯᠴᠢᠯᠠᠯ ᠤ᠋ᠨ ᠠᠭᠤᠰᠤᠯᠴᠠᠯ ᠤ᠋ᠨ ᠲᠥᠷᠥᠯ ᠵᠦᠶ᠋ᠯ 100 ᠵᠢ ᠳᠠᠪᠠᠵᠦ᠂ ᠰᠣᠶᠣᠯ ᠤ᠋ᠨ ᠥᠷᠲᠡᠭ ᠬᠢᠭᠡᠳ ᠵᠢᠭᠤᠯᠴᠢᠯᠠᠯ ᠤ᠋ᠨ ᠠᠵᠤ ᠠᠬᠤᠶ ᠶ᠋ᠢᠨ ᠬᠤᠤᠰ ᠴᠢᠭ᠌ᠯᠡᠯ ᠵᠢᠡᠷ ᠬᠠᠷᠢᠯᠴᠠᠨ ᠠᠬᠢᠭᠤᠯᠬᠤ ᠴᠢᠳᠠᠪᠤᠷᠢ ᠵᠢ ᠪᠡᠶᠡᠯᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠦ᠂ ᠮᠠᠨ ᠤ᠋ ᠤᠷᠤᠨ 《ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠎ᠠ》 ᠶ᠋ᠢ ᠨᠢᠭᠡ ᠴᠣᠭ᠍ᠴᠠᠵᠢᠭᠤᠯᠤᠭ᠍ᠰᠠᠨ ᠮᠡᠳᠡᠭᠡ ᠵᠠᠩᠭᠢ ᠶ᠋ᠢᠨ ᠦᠶ᠋ᠯᠡᠴᠢᠯᠡᠭᠡᠨ ᠤ᠋ ᠲᠠᠪᠴᠠᠩ ᠤ᠋ᠨ ᠪᠠᠢᠭᠤᠯᠤᠯᠲᠠ ᠵᠢ ᠠᠬᠢᠭᠤᠯᠵᠤ᠂ ᠤᠯᠤᠰ ᠤ᠋ᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠲᠤᠷᠱᠢᠯᠲᠠ ᠶ᠋ᠢᠨ ᠴᠡᠭ᠂ ᠵᠢᠱ᠌ᠢᠶ᠎ᠡ ᠦᠵᠡᠭᠦᠯᠬᠦ᠌ ᠬᠣᠲᠠ ᠶ᠋ᠢ 3 ᠪᠠᠢᠭᠤᠯᠵᠤ᠂ ᠤᠯᠤᠰ ᠤ᠋ᠨ ᠲᠠᠰ ᠤ᠋ᠨ ᠰᠥᠨᠢ ᠶ᠋ᠢᠨ ᠰᠣᠶᠣᠯ ᠪᠠ ᠵᠢᠭᠤᠯᠴᠢᠯᠠᠯ ᠤ᠋ᠨ ᠬᠡᠷᠡᠭ᠌ᠯᠡᠭᠡ ᠲᠥᠪᠯᠡᠷᠡᠭ᠌ᠰᠡᠨ ᠣᠷᠣᠨ ᠢ᠋ 7 ᠪᠠᠢᠭᠤᠯᠵᠤ᠂ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》 ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠢ᠋ ᠡᠬᠦᠳᠤᠨ᠂ 963 ᠵᠤᠢᠯ ᠤ᠋ᠨ ᠲᠠᠸᠠᠷ 《ᠥᠪᠥᠷ ᠮᠣᠩᠭᠣᠯ ᠤ᠋ᠨ ᠨᠠᠨᠳᠢᠨ ᠪᠡᠯᠡᠭ》 ᠤ᠋ᠨ ᠲᠦᠷᠦᠯ ᠲᠡᠮᠳᠡᠭ᠌ ᠤ᠋ᠨ ᠭᠡᠷᠡᠴᠢᠯᠡᠯ ᠢ᠋ ᠣᠯᠵᠤ᠂ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》 300 ᠭᠠᠷᠤᠶ ᠳᠡᠯᠭᠡᠭᠦᠷ ᠫᠠᠢᠰᠠ ᠡᠯᠭᠦᠨ ᠡᠵᠡᠩᠨᠡᠯᠲᠡ ᠪᠡᠨ ᠡᠬᠢᠯᠡᠭᠦᠯᠪᠡ᠃
《〈ᠠᠷᠪᠠᠨ ᠳᠥᠷᠪᠡᠳᠦᠭᠡᠷ ᠲᠠᠪᠤᠨ ᠵᠢᠯ〉 ᠦ᠋ᠨ ᠬᠤᠭᠤᠴᠠᠭᠠᠨ ᠳ᠋ᠦ᠂ ᠪᠦᠬᠦ ᠤᠷᠤᠨ ᠵᠢᠡᠷ ᠵᠢᠡᠨ ᠱᠢᠯᠢᠳᠡᠭ ᠰᠣᠶᠣᠯ ᠤ᠋ᠨ ᠡᠬᠢ ᠪᠠᠶᠠᠯᠢᠭ ᠢ᠋ ᠦᠨᠳᠦᠰᠦᠨ ᠱᠠᠲᠤᠨ ᠳ᠋ᠦ ᠱᠢᠭᠤᠳ ᠬᠦᠷᠭᠡᠬᠦ᠌ ᠶ᠋ᠢ ᠴᠢᠩᠭ᠎ᠠ ᠠᠳᠬᠤᠨ᠂ 〈ᠤᠮᠠᠷᠠᠲᠤ ᠬᠢᠯᠢ ᠶ᠋ᠢᠨ ᠤᠩᠱᠢᠯᠭ᠎ᠠ〉᠂ 〈ᠤᠮᠠᠷᠠᠲᠤ ᠬᠢᠯᠢ ᠶ᠋ᠢᠨ ᠪᠥᠵᠢᠭ᠌〉᠂ 〈ᠤᠮᠠᠷᠠᠲᠤ ᠬᠢᠯᠢ ᠶ᠋ᠢᠨ ᠳᠠᠭᠤᠤ〉 ᠵᠡᠷᠭᠡ ᠰᠣᠶᠣᠯ ᠤ᠋ᠨ ᠠᠵᠢᠯᠯᠠᠭ᠎ᠠ ᠶ᠋ᠢᠨ ᠲᠥᠷᠥᠯ ᠲᠡᠮᠳᠡᠭ᠌ ᠢ᠋ ᠴᠤᠭᠴᠠᠯᠠᠵᠤ᠂ 20 ᠲᠦᠮᠡ ᠭᠠᠷᠤᠶ ᠲᠠᠯᠠᠪᠠᠶ ᠠᠷᠠᠳ ᠲᠦ᠍ ᠠᠱᠢᠭ ᠬᠦᠷᠲᠡᠭᠡᠬᠦ᠌ ᠠᠵᠢᠯᠯᠠᠭ᠎ᠠ ᠥᠷᠨᠢᠭᠦᠯᠵᠦ᠂ 〈ᠬᠠᠪᠤᠷ ᠤ᠋ᠨ ᠬᠤᠷ᠎ᠠ ᠢᠨᠵᠧᠨᠧᠷᠢᠩ〉 ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠰᠣᠯᠢᠯᠴᠠᠭᠠᠨ ᠤ᠋ ᠠᠵᠢᠯᠯᠠᠭ᠎ᠠ ᠵᠢ 100 ᠭᠠᠷᠤᠶ ᠵᠦᠶ᠋ᠯ ᠨᠠᠢᠳᠠᠪᠤᠷᠢᠵᠢᠭᠤᠯᠵᠤ᠂ ᠵᠢᠯ ᠪᠦᠷᠢ ᠳᠤᠮᠳᠠᠴᠢ ᠪᠠᠷ ᠰᠣᠶᠣᠯ ᠵᠢᠭᠤᠯᠴᠢᠯᠠᠯ ᠤ᠋ᠨ ᠰᠠᠢᠨ ᠳᠤᠷᠠᠴᠤᠳ ᠢ᠋ ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ 15 ᠲᠦᠮᠡᠨ ᠬᠡᠰᠢᠬᠦᠨ ᠲᠠᠢ ᠰᠠᠢᠨ ᠳᠤᠷᠠᠴᠤᠳ ᠤ᠋ᠨ ᠡᠩᠨᠡᠭᠡ ᠲᠠᠢ ᠪᠤᠯᠪᠠ》 ᠭᠡᠵᠦ᠍ ᠯᠢᠦ ᠫᠧᠩ ᠹᠧᠢ ᠬᠡᠯᠡᠵᠤ ᠪᠠᠢᠯ᠎ᠠ᠃