ᠤᠶᠤᠨᠴᠢ ᠮᠡᠷᠭᠡᠵᠢᠯ ᠵᠢᠨᠷ ᠴᠠᠬᠢᠯᠭᠠᠨ ᠬᠠᠨᠭᠭᠠᠯᠭ᠎ᠠ᠎ᠶᠢ ᠪᠠᠲᠤᠯᠠᠨ᠎ᠠ
2025-12-20 10:03:23
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠭᠠᠵᠠᠷ ᠲᠡᠬᠢ ᠵᠢᠯᠤᠭᠤᠳᠬᠤ ᠰᠢᠰᠲᠧᠮ ᠶ᠋ᠢᠡᠷ ᠪᠦᠬᠦ ᠲᠠᠯ᠎ᠠ ᠶ᠋ᠢ ᠨᠢᠭᠡᠳᠦᠯᠳᠠᠢ ᠲᠦᠯᠦᠪᠵᠢᠭᠦᠯᠵᠦ᠂ ᠰᠠᠯᠬᠢᠨ ᠤ᠋ ᠬᠦᠴᠦᠨ᠂ ᠴᠠᠭ ᠠᠭᠤᠷ ᠤ᠋ᠨ ᠪᠠᠢᠳᠠᠯ ᠢ᠋ ᠨᠢᠭᠳᠠ ᠠᠩᠬᠠᠷᠴᠤ᠂ ᠬᠦᠨᠳᠡᠢᠷᠡᠭᠦᠯᠦᠭᠴᠢ ᠤᠳᠠᠰᠤ ᠤᠶᠠᠭᠰᠠᠨ ᠵᠢᠯᠤᠭᠤᠴᠢ ᠦᠭᠡᠢ ᠨᠢᠰᠭᠡᠯ ᠶ᠋ᠢᠡᠨ ᠨᠢᠰᠭᠡᠨ᠎ᠠ; ᠵᠢᠯᠤᠭᠤᠴᠢ ᠦᠭᠡᠢ ᠨᠢᠰᠭᠡᠯ ᠶ᠋ᠢᠡᠷ ᠬᠦᠠᠳᠡᠢᠷᠡᠭᠦᠯᠦᠭᠴᠢ ᠤᠳᠠᠰᠤ ᠶ᠋ᠢ ᠦᠨᠳᠦᠷ ᠲᠡᠬᠢ ᠴᠠᠬᠢᠯᠭᠠᠨ ᠤᠳᠠᠰᠤᠨ ᠳᠡᠭᠡᠷ᠎ᠠ ᠲᠤᠬᠤᠵᠤ ᠲᠠᠯᠪᠢᠨ᠎ᠠ; ᠭᠠᠵᠠᠷ ᠳᠡᠭᠡᠷᠡᠬᠢ ᠠᠵᠢᠯᠳᠠᠨ ᠬᠦᠨᠳᠡᠢᠷᠡᠭᠦᠯᠦᠭᠴᠢ ᠤᠳᠠᠰᠤ ᠬᠢᠭᠡᠳ ᠴᠠᠬᠢᠯᠭᠠᠨ ᠬᠦᠴᠦᠨ ᠤ᠋ ᠠᠵᠢᠯᠳᠠᠨ ᠤ᠋ ᠬᠠᠮᠠᠭᠠᠯᠠᠯᠳᠠ ᠶ᠋ᠢᠨ ᠤᠳᠠᠰᠤ ᠶ᠋ᠢ ᠰᠠᠢᠳᠦᠷ ᠤᠶᠠᠵᠤ ᠲᠠᠯᠪᠢᠨ᠎ᠠ; ᠢᠵᠢᠯ ᠴᠠᠬᠢᠯᠭᠠᠨ ᠪᠠᠢᠷᠢᠳᠤ ᠠᠵᠢᠯᠳᠠᠨ《ᠠᠭᠠᠯᠵᠢᠨ ᠪᠠᠭᠠᠳᠤᠷ》 ᠤ᠋ᠨ ᠳᠠᠭᠠᠭᠤᠯᠭ᠎ᠠ ᠪᠡᠷ ᠬᠦᠨᠳᠡᠢᠷᠡᠭᠦᠯᠦᠭᠴᠢ ᠤᠳᠠᠰᠤ ᠶ᠋ᠢ ᠳᠠᠭᠠᠨ ᠴᠠᠬᠢᠯᠭᠠᠨ ᠤᠳᠠᠰᠤᠨ ᠳᠡᠭᠡᠷ᠎ᠠ ᠭᠠᠷᠴᠤ ᠰᠡᠯᠪᠢᠬᠦ ᠠᠵᠢᠯ ᠶ᠋ᠢᠡᠨ ᠭᠦᠢᠴᠡᠳᠭᠡᠨ᠎ᠠ; ᠵᠢᠯᠤᠭᠤᠴᠢ ᠦᠭᠡᠢ ᠨᠢᠰᠭᠡᠯ ᠠᠭᠠᠷ ᠲᠡᠬᠢ ᠬᠠᠷᠠᠭᠤᠯ ᠤ᠋ᠨ ᠴᠡᠷᠢᠭ ᠮᠡᠳᠦ ᠡᠷᠬᠢᠨ ᠲᠤᠭᠤᠷᠢᠨ ᠢ᠋ ᠨᠠᠷᠢᠨ ᠨᠢᠭᠳᠠ ᠴᠠᠭᠳᠠᠨ ᠪᠠᠢᠴᠠᠭᠠᠵᠤ᠂ ᠴᠠᠬᠢᠯᠭᠠᠨ ᠬᠦᠴᠦᠨ ᠤ᠋ ᠠᠵᠢᠯᠳᠠᠠ ᠢ᠋ ᠬᠠᠪᠰᠤᠷᠤᠨ ᠵᠢᠯᠤᠭᠤᠳᠬᠤ ᠶ᠋ᠢᠨ ᠬᠠᠮᠳᠤ ᠠᠮᠦᠷ ᠲᠦᠪᠰᠢᠨ ᠤ᠋ ᠪᠠᠢᠳᠠᠯ ᠢ᠋ ᠨᠢ ᠨᠢᠭᠳᠠ ᠠᠩᠬᠠᠷᠤᠨ᠎ᠠ ᠁

ᠤᠢᠷ᠎ᠠ ᠶ᠋ᠢᠨ ᠡᠳᠦᠷ᠂ ᠠᠯᠠᠱᠠ ᠠᠢᠮᠠᠭ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ ᠴᠠᠬᠢᠯᠭᠠᠨ ᠳᠠᠮᠵᠢᠭᠤᠯᠭ᠎ᠠ ᠶ᠋ᠢᠨ ᠬᠠᠮᠢᠶᠠᠷᠤᠯᠳᠠ ᠶ᠋ᠢᠨ ᠭᠠᠵᠠᠷ ᠤ᠋ᠨ ᠴᠠᠬᠢᠯᠭᠠᠨ ᠲᠠᠢ ᠪᠠᠢᠳᠠᠯ ᠳ᠋ᠤ ᠠᠵᠢᠯᠯᠠᠬᠤ ᠠᠩᠬᠢ ᠠᠩᠬ᠎ᠠ ᠤᠳᠠᠭ᠎ᠠ ᠡᠢᠨ ᠬᠦ᠌ 《ᠵᠢᠯᠤᠭᠤᠴᠢ ᠦᠭᠡᠢ ᠨᠢᠰᠭᠡᠯ + ᠠᠭᠠᠯᠵᠢᠨ ᠪᠠᠭᠠᠳᠤᠷ》 ᠬᠠᠮ ᠮᠡᠷᠭᠡᠵᠢᠯ ᠶ᠋ᠢᠡᠷ ᠴᠠᠬᠢᠯᠭᠠᠨ ᠲᠠᠢ ᠪᠠᠢᠳᠠᠯ ᠳ᠋ᠤ ᠴᠠᠬᠢᠯᠭᠠᠨ ᠳᠠᠮᠵᠢᠭᠤᠯᠬᠤ ᠤᠳᠠᠰᠤᠨ ᠤ᠋ ᠵᠠᠪᠰᠠᠷᠯᠠᠬᠤ ᠮᠤᠨᠠ ᠶ᠋ᠢ ᠰᠤᠯᠢᠬᠤ ᠠᠵᠢᠯ ᠢ᠋ ᠦᠨᠳᠦᠷ ᠪᠦᠲᠦᠮᠵᠢᠳᠠᠢ ᠪᠡᠷ ᠪᠡᠶᠡᠯᠡᠭᠦᠯᠵᠠᠢ᠃

ᠡᠢᠨ ᠬᠦ᠌ ᠤᠶᠤᠨᠴᠢ ᠠᠷᠠᠴᠢᠯᠠᠭ᠎ᠠ ᠨᠢ ᠨᠢᠭᠡᠨᠳᠡ ᠡᠪᠤᠯ ᠤ᠋ᠨ ᠤᠯᠠᠷᠢᠯ ᠤ᠋ᠨ ᠬᠠᠬᠢᠷ ᠬᠦᠢᠳᠡᠨ᠎ᠳᠦ  ᠴᠠᠬᠢᠯᠭᠠᠨ ᠬᠠᠩᠭᠠᠯᠭ᠎ᠠ ᠶ᠋ᠢ ᠪᠠᠳᠤᠯᠠᠬᠤ ᠮᠤᠳ᠋ ᠬᠡᠯᠪᠡᠷᠢ ᠪᠤᠯᠵᠤ᠂ ᠠᠯᠠᠱᠠ ᠠᠢᠮᠠᠭ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ 《ᠴᠠᠬᠢᠯᠭᠠᠨ ᠬᠠᠩᠭᠠᠯᠭ᠎ᠠ ᠶ᠋ᠢ ᠪᠠᠳᠤᠯᠠᠬᠤ ᠳ᠋ᠤ ᠪᠡᠶᠡᠳᠡᠨ ᠤᠷᠤᠯᠴᠠᠬᠤ》 ᠠᠵᠢᠯᠯᠠᠭ᠎ᠠ ᠶ᠋ᠢ ᠠᠬᠢᠭᠤᠯᠤᠨ ᠴᠠᠬᠢᠯᠭᠠᠨ ᠲᠤᠤᠷ ᠤ᠋ᠨ ᠪᠤᠳᠠᠳᠤ ᠬᠦᠴᠦᠨ ᠶ᠋ᠢᠡᠨ ᠴᠢᠩᠭᠠᠳᠬᠠᠬᠤ ᠠᠮᠢᠳᠤᠯᠢᠭ ᠦᠢᠯᠡᠳᠦᠯᠭᠡ ᠪᠤᠯᠤᠭᠰᠠᠨ ᠪᠠᠢᠨ᠎ᠠ᠃

ᠤᠢᠯᠠᠭᠠᠭᠰᠠᠨ ᠶ᠋ᠢᠡᠷ᠂ ᠴᠠᠬᠢᠯᠭᠠᠨ ᠳᠠᠮᠵᠢᠭᠤᠯᠬᠤ ᠤᠳᠠᠰᠤᠨ ᠤ᠋ ᠵᠠᠪᠰᠠᠷᠯᠠᠬᠤ ᠮᠤᠨᠠ ᠪᠤᠯ ᠴᠠᠬᠢᠯᠭᠠᠨ ᠤᠳᠠᠰᠤᠨ ᠤ᠋ ᠠᠮᠦᠷ ᠲᠦᠪᠰᠢᠨ ᠢ᠋ ᠪᠠᠳᠤᠯᠠᠬᠤ ᠵᠠᠩᠬᠢᠯᠠᠭ᠎ᠠ ᠶ᠋ᠢᠨ ᠲᠦᠬᠦᠭᠡᠷᠦᠮᠵᠢ ᠪᠠᠢᠵᠤ᠂ ᠪᠠᠢᠭ᠎ᠠ ᠰᠢᠨᠵᠢ ᠪᠠᠢᠳᠠᠯ ᠨᠢ ᠴᠠᠬᠢᠯᠭᠠᠨ ᠲᠤᠤᠷ ᠤ᠋ᠨ ᠳᠤᠭᠳᠠᠪᠤᠷᠢᠳᠦ ᠴᠢᠨᠠᠷ ᠢ᠋ ᠰᠢᠭᠤᠳ ᠨᠦᠯᠦᠭᠡᠯᠡᠳᠡᠭ᠃ ᠦᠩᠭᠡᠷᠡᠭᠰᠡᠨ ᠳ᠋ᠤ ᠴᠠᠬᠢᠯᠭᠠᠨ ᠬᠠᠩᠭᠠᠬᠤ ᠺᠤᠮᠫᠠᠨᠢ ᠶ᠋ᠢᠨ ᠠᠵᠢᠯᠳᠠᠳ ᠴᠠᠬᠢᠯᠭᠠᠨ ᠳᠠᠮᠵᠢᠭᠤᠯᠬᠤ ᠤᠳᠠᠰᠤᠨ ᠤ᠋ ᠵᠠᠪᠰᠠᠷᠯᠠᠬᠤ ᠮᠤᠨᠠ ᠶ᠋ᠢ ᠰᠤᠯᠢᠬᠤ ᠳ᠋ᠤ᠂ ᠮᠠᠰᠢ ᠬᠦᠨᠳᠤ ᠬᠦᠨᠳᠡᠢᠷᠡᠭᠦᠯᠦᠭᠴᠢ ᠲᠤᠨᠤᠭᠯᠠᠯ ᠢ᠋ ᠡᠭᠦᠷᠴᠤ ᠵᠠᠭᠤᠨ ᠮᠧᠲᠷ ᠤ᠋ᠨ ᠦᠨᠳᠦᠷ ᠲᠡᠬᠢ ᠴᠠᠬᠢᠯᠭᠠᠨ ᠤᠳᠠᠰᠤᠨ ᠳ᠋ᠤ ᠮᠠᠴᠤᠨ ᠭᠠᠷᠳᠠᠭ ᠪᠠᠢᠵᠤ᠂ ᠦᠨᠳᠦᠷ ᠲᠡᠭᠡᠷ᠎ᠠ ᠡᠴᠡ ᠤᠨᠠᠵᠤ ᠢᠷᠡᠬᠦ ᠪᠤᠶᠤ ᠴᠠᠬᠢᠯᠭᠠᠨ ᠳ᠋ᠤ ᠴᠤᠬᠢᠭᠳᠠᠬᠤ ᠠᠶᠤᠯ ᠳ᠋ᠤ ᠲᠤᠯᠭᠠᠷᠠᠵᠤ ᠮᠡᠳᠡᠬᠦ ᠪᠠᠢᠵᠠᠢ᠃ ᠲᠡᠭᠦᠨᠴᠢᠯᠡᠨ ᠴᠠᠭ ᠠᠭᠤᠷ ᠬᠢᠭᠡᠳ ᠭᠠᠵᠠᠷ ᠤ᠋ᠨ ᠪᠠᠢᠴᠠ ᠶ᠋ᠢᠨ ᠰᠢᠯᠳᠠᠭᠠᠨ ᠡᠴᠡ ᠪᠤᠯᠵᠤ᠂ ᠤᠯᠠᠨ ᠬᠦᠮᠦᠨ ᠡᠭᠡᠯᠵᠢᠯᠡᠨ ᠠᠵᠢᠯᠯᠠᠭᠰᠠᠨ ᠴᠤ᠌ ᠠᠵᠢᠯ ᠳᠡᠮᠡᠢ ᠶᠠᠪᠤᠭᠤᠷᠢ ᠦᠭᠡᠢ ᠪᠠᠢᠵᠤ᠂ ᠡᠪᠤᠯ ᠤ᠋ᠨ ᠤᠯᠠᠷᠢᠯ ᠤ᠋ᠨ ᠴᠠᠬᠢᠯᠭᠠᠨ ᠬᠡᠷᠡᠭᠯᠡᠬᠦ ᠤᠷᠬᠢᠯ ᠤ᠋ᠨ ᠬᠤᠭᠤᠴᠠᠭᠠᠨ ᠤ᠋ ᠴᠠᠬᠢᠯᠭᠠᠨ ᠬᠠᠩᠭᠠᠯᠭ᠎ᠠ ᠶ᠋ᠢ ᠪᠠᠳᠤᠯᠠᠬᠤ ᠵᠠᠩᠬᠢᠯᠠᠭ᠎ᠠ ᠶ᠋ᠢᠨ ᠴᠠᠭ ᠮᠦᠴᠡ ᠳ᠋ᠤ ᠵᠢᠭᠠᠬᠠᠨ ᠠᠯᠭᠤᠷᠯᠠᠪᠠᠯ ᠠᠶᠤᠯ ᠤ᠋ᠨ ᠦᠨᠳᠦᠰᠦ ᠦᠯᠡᠳᠡᠭᠡᠴᠢᠬᠡᠵᠦ ᠮᠡᠳᠡᠬᠦ ᠶᠤᠮ᠃

ᠤᠳᠤ 《ᠵᠢᠯᠤᠭᠤᠴᠢ ᠦᠭᠡᠢ ᠨᠢᠰᠭᠡᠯ + ᠠᠭᠠᠯᠵᠢᠨ ᠪᠠᠭᠠᠳᠤᠷ》 ᠬᠠᠮ ᠮᠡᠷᠭᠡᠵᠢᠯ ᠨᠢ ᠢᠵᠢᠯ ᠴᠠᠬᠢᠯᠭᠠᠨ ᠪᠠᠢᠷᠢᠳᠤ ᠠᠵᠢᠯᠳᠠᠨ ᠢ᠋ ᠦᠨᠳᠦᠷ ᠲᠤ᠌ ᠮᠠᠴᠤᠬᠤ ᠡᠴᠡ ᠵᠠᠢᠯᠠᠰᠬᠢᠯᠬᠡᠵᠦ᠂ ᠴᠠᠬᠢᠯᠭᠠᠨ ᠳᠠᠮᠵᠢᠭᠤᠯᠬᠤ ᠤᠳᠠᠰᠤᠨ ᠤ᠋ ᠵᠠᠪᠰᠠᠷᠯᠠᠬᠤ ᠮᠤᠨᠠ ᠶ᠋ᠢ ᠰᠤᠯᠢᠬᠤ ᠦᠶᠡᠰ ᠤ᠋ᠨ ᠪᠡᠷᠬᠡᠰᠢᠶᠡᠯᠳᠦ ᠪᠠᠢᠳᠠᠯ ᠢ᠋ ᠲᠤᠢᠯᠪᠤᠷᠢᠳᠠᠢ ᠬᠤᠪᠢᠷᠠᠭᠤᠯᠵᠠᠢ᠃ ᠲᠡᠭᠦᠨᠴᠢᠯᠡᠨ ᠡᠨᠡ ᠨᠢ ᠪᠦᠬᠦ ᠶᠠᠪᠤᠴᠠ ᠪᠡᠷ ᠴᠠᠬᠢᠯᠭᠠᠨ ᠵᠤᠭᠰᠤᠬᠤ ᠴᠢᠬᠤᠯᠠ ᠦᠭᠡᠢ ᠠᠵᠢᠯᠯᠠᠵᠤ ᠪᠤᠯᠬᠤ ᠪᠦᠬᠡᠳ ᠤᠯᠠᠮᠵᠢᠯᠠᠯᠳᠤ ᠠᠵᠢᠯᠯᠠᠬᠤ ᠠᠷᠭ᠎ᠠ ᠡᠴᠡ ᠪᠤᠯᠤᠬᠰᠠᠨ ᠲᠦᠭᠰᠢᠭᠦᠷᠢ ᠡᠴᠡ ᠵᠠᠢᠯᠡᠰᠬᠢᠬᠦ ᠶ᠋ᠢᠨ ᠬᠠᠮᠳᠤ ᠤᠳᠠᠭ᠎ᠠ ᠪᠦᠷᠢ ᠶ᠋ᠢᠨ ᠠᠵᠢᠯᠯᠠᠬᠤ ᠴᠠᠭ ᠢ᠋ ᠬᠠᠭᠠᠰ ᠶ᠋ᠢᠡᠷ ᠪᠤᠭᠤᠨᠢᠰᠬᠠᠵᠤ᠂ ᠡᠪᠤᠯ ᠤ᠋ᠨ ᠤᠯᠠᠷᠢᠯ ᠤ᠋ᠨ ᠴᠠᠬᠢᠯᠭᠠᠨ ᠬᠡᠷᠡᠭᠯᠡᠭᠡ ᠶ᠋ᠢᠨ ᠤᠷᠬᠢᠯ ᠤ᠋ᠨ ᠬᠤᠭᠤᠴᠠᠭᠠᠨ ᠤ᠋ ᠴᠠᠬᠢᠯᠭᠠᠨ ᠬᠠᠩᠭᠠᠯᠭ᠎ᠠ ᠶ᠋ᠢ ᠪᠠᠳᠤᠯᠠᠬᠤ ᠳ᠋ᠤ ᠤᠶᠤᠨᠴᠢ ᠬᠦᠴᠦᠨ ᠨᠡᠮᠡᠷᠢᠯᠡᠵᠠᠢ᠃

ᠬᠦᠢᠳᠡᠨ ᠤ᠋ ᠡᠷᠴᠢ ᠴᠢᠩᠭᠠᠷᠠᠬᠤ ᠶ᠋ᠢ ᠳᠠᠭᠠᠯᠳᠤᠨ᠂ 2025 ᠤᠨ ᠴᠤ᠌ ᠰᠢᠪᠳᠤᠷᠠᠭᠠᠨ ᠳ᠋ᠠᠭᠠᠨ ᠤᠷᠤᠵᠠᠢ᠃ ᠴᠠᠰᠤᠨ ᠳ᠋ᠤ ᠬᠤᠴᠢᠭᠳᠠᠭᠰᠠᠨ ᠴᠠᠬᠢᠯᠭᠠᠨ ᠤᠳᠠᠰᠤᠨ ᠤ᠋ ᠱᠤᠭᠤᠮ ᠡᠴᠡ ᠳ᠋ᠧᠩ ᠵᠤᠯᠠ ᠬᠢᠯᠠᠯᠵᠠᠭᠰᠠᠨ ᠳᠤᠬᠢᠷᠠᠭᠤᠯᠬᠤ ᠭᠡᠷ ᠬᠦᠷᠳᠡᠯ᠎ᠠ᠂ ᠲᠤᠨᠤᠭ ᠲᠦᠬᠦᠭᠡᠷᠦᠮᠵᠢ ᠪᠡᠨ ᠨᠠᠷᠢᠨ ᠤᠨᠤᠪᠴᠢᠳᠠᠢ ᠪᠠᠢᠴᠠᠭᠠᠵᠤ ᠰᠡᠯᠪᠢᠬᠦ ᠡᠴᠡ ᠪᠠᠴᠢᠮ ᠪᠠᠢᠳᠠᠯ ᠢ᠋ ᠠᠷᠭᠠᠴᠠᠭᠠᠬᠤ ᠪᠡᠷ ᠤᠳᠤᠳᠤ ᠲᠩᠷᠢ ᠶ᠋ᠢᠨ ᠳᠤᠤᠷ᠎ᠠ ᠴᠠᠭ ᠢ᠋ ᠠᠮᠵᠢᠨ ᠠᠵᠢᠯᠯᠠᠬᠤ ᠬᠦᠷᠳᠡᠯ᠎ᠠ᠂ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠺᠤᠮᠫᠠᠨᠢ ᠶ᠋ᠢᠨ ᠠᠯᠠᠱᠠ ᠠᠢᠮᠠᠭ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ ᠬᠢᠨ ᠦᠷᠬᠦᠯᠵᠢᠯᠡᠨ ᠲᠠᠮᠠᠴᠡᠬᠦ ᠡᠷᠴᠢ ᠵᠤᠷᠢᠭ᠎ᠵᠢᠡᠨ ᠬᠦᠪᠴᠢᠯᠡᠵᠤ ᠵᠢᠷᠡᠨ ᠡᠳᠦᠷ ᠤ᠋ᠨ ᠰᠢᠢᠳᠪᠤᠷᠢᠳᠦ ᠳᠠᠢᠯᠠᠯᠳᠤᠭᠠᠨ ᠬᠢᠵᠦ ᠪᠦᠬᠦ ᠵᠢᠯ ᠤ᠋ᠨ ᠬᠠᠷᠠᠯᠳᠠ ᠡᠭᠦᠷᠭᠡ ᠶ᠋ᠢ ᠪᠡᠶᠡᠯᠡᠭᠦᠯᠬᠦ ᠪᠡᠷ ᠮᠡᠷᠡᠢᠨ ᠴᠢᠷᠮᠠᠢᠨ᠎ᠠ᠃

ᠵᠢᠷᠡᠨ ᠡᠳᠦᠷ ᠤ᠋ᠨ ᠰᠢᠢᠳᠪᠤᠷᠢᠳᠦ ᠳᠠᠢᠯᠠᠯᠳᠤᠭᠠᠨ ᠨᠢ ᠪᠦᠬᠦ ᠵᠢᠯ ᠤ᠋ᠨ ᠬᠠᠷᠠᠯᠳᠠ ᠡᠭᠦᠷᠭᠡ ᠶ᠋ᠢ ᠪᠡᠶᠡᠯᠡᠭᠦᠯᠬᠦ ᠳᠠᠢᠯᠠᠯᠳᠤᠭᠠᠨ ᠲᠡᠳᠦᠢ ᠪᠢᠰᠢ᠂ ᠨᠡᠩ ᠴᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠴᠦᠨ ᠵᠢᠳᠭᠦᠯ ᠢ᠋ ᠬᠠᠷᠠᠭᠤᠯᠬᠤ ᠲᠠᠢᠯᠠᠯᠳᠤᠭᠠᠨ ᠮᠦᠨ᠃ ᠠᠯᠠᠱᠠ ᠠᠢᠮᠠᠭ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ 《ᠵᠢᠯᠤᠭᠤᠴᠢ ᠦᠭᠡᠢ ᠨᠢᠰᠭᠡᠯ + ᠠᠭᠠᠯᠵᠢᠨ ᠪᠠᠭᠠᠳᠤᠷ》 ᠤ᠋ᠨ ᠬᠠᠮ ᠮᠡᠷᠭᠡᠵᠢᠯ ᠨᠢ ᠴᠠᠬᠢᠯᠭᠠᠨ ᠳᠠᠮᠵᠢᠭᠤᠯᠬᠤ ᠤᠳᠠᠰᠤᠨ ᠤ᠋ ᠠᠷᠠᠴᠢᠯᠠᠭ᠎ᠠ ᠶ᠋ᠢᠨ ᠠᠵᠢᠯ ᠢ᠋《ᠬᠦᠮᠦᠨ ᠤ᠋ ᠬᠦᠴᠦ ᠪᠡᠷ ᠭᠤᠤᠯᠯᠠᠬᠤ》 ᠪᠠᠢᠭᠰᠠᠨ ᠡᠴᠡ 《ᠤᠶᠤᠨᠴᠢ ᠮᠡᠷᠭᠡᠵᠢᠯ ᠶ᠋ᠢᠡᠷ ᠬᠦᠳᠦᠯᠦᠨ ᠳᠠᠭᠠᠭᠤᠯᠬᠤ》 ᠳᠡᠢᠰᠢ ᠬᠤᠪᠢᠷᠠᠭᠤᠯᠬᠤ ᠵᠠᠩᠬᠢᠯᠠᠭ᠎ᠠ ᠶ᠋ᠢᠨ ᠠᠯᠬᠤᠮ ᠢ᠋ ᠠᠯᠬᠤᠵᠤ᠂ ᠴᠠᠬᠢᠯᠭᠠᠨ ᠲᠤᠤᠷ ᠢ᠋ ᠬᠠᠬᠢᠷ ᠡᠪᠤᠯ ᠳ᠋ᠤ ᠴᠤ᠌ ᠳᠤᠭᠳᠠᠭᠤᠨ ᠶ᠋ᠢᠡᠷ ᠠᠵᠢᠯᠯᠠᠬᠤ ᠶ᠋ᠢ ᠪᠠᠳᠤᠯᠠᠨ᠂ ᠲᠦᠭ ᠲᠦᠮᠡᠨ ᠠᠢᠯ ᠡᠷᠦᠬᠡ ᠶ᠋ᠢᠨ ᠭᠡᠷᠡᠯ ᠭᠡᠭᠡ ᠲᠠᠢ ᠠᠮᠢᠳᠤᠷᠠᠯ ᠢ᠋ ᠪᠠᠳᠤᠯᠠᠬᠤ ᠶ᠋ᠢᠨ ᠬᠠᠮᠳᠤ ᠤᠷᠤᠨ ᠨᠤᠳᠤᠭ ᠤ᠋ᠨ ᠠᠵᠤ ᠠᠬᠤᠢ ᠶ᠋ᠢᠨ ᠬᠦᠭᠵᠢᠯᠳᠡ ᠳ᠋ᠤ ᠡᠷᠴᠢᠮᠳᠠᠢ ᠴᠠᠬᠢᠯᠭᠠᠨ ᠬᠦᠴᠦᠨ ᠤ᠋ ᠪᠠᠳᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号