— ᠦᠬᠠᠢ ᠬᠤᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠵᠧᠦ᠍᠎ᠶ᠋ᠢᠨ ᠱᠢᠩᠢ ᠰᠤᠷᠪᠤᠯᠵᠢᠯᠠᠭ᠍ᠰᠠᠨ ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠤᠭ᠎ᠠ ᠵᠢᠷᠤᠭ ᠲᠦᠰᠦᠪᠢ᠋ ᠵᠢᠷᠤᠭ᠍ᠯᠠᠪᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠵᠧᠤ᠎ᠶ᠋ᠢᠨ ᠱᠢᠩᠢ ᠰᠤᠷᠪᠤᠯᠵᠢᠯᠠᠪᠠ᠃
ᠵᠧᠦ᠎ᠶ᠋ᠢᠨ ᠱᠢᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠢᠯ᠎ᠤᠨ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ ᠲᠦᠷᠭᠡᠨ ᠨᠡᠭᠡᠭᠡᠬᠦ᠎ᠳᠤ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢᠯᠠᠵᠤ ᠥᠭ᠌ᠴᠡᠶ᠃ ᠦᠬᠠᠶ ᠬᠣᠲᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ᠎ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠦᠨᠳᠦᠰᠦᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠪᠠ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠠᠯ᠎ᠠ᠎ᠪᠠᠷ ᠴᠢᠬᠤᠯᠠ ᠶᠡᠬᠡ ᠱᠢᠪᠲᠤᠯᠤᠯᠲᠠ᠎ᠲᠠᠶ ᠪᠣᠯᠵᠣ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠪᠥᠬᠥ᠌ ᠣᠷᠣᠨ᠎ᠤ ᠳᠡᠭᠡᠳᠦ ᠤᠷᠤᠰᠭᠠᠯ᠎ᠳᠤ ᠲᠣᠭ᠍ᠲᠠᠪᠤᠷᠢᠵᠢᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠵᠠᠮ᠎ᠢ ᠲᠦᠷᠭᠡᠪᠴᠢᠯᠡᠨ ᠨᠡᠭᠡᠭᠡᠨ᠎ᠡ ᠭᠡᠵᠦ᠍ ᠳᠤᠷᠠᠳᠪᠠ᠃
ᠨᠢᠭᠡ᠂ ᠣᠷᠴᠢᠨ ᠲᠣᠭᠣᠷᠢᠨ᠎ᠢ ᠵᠠᠰᠠᠵᠤ᠂ ᠠᠮᠢ ᠠᠬᠤᠶ᠎ᠶ᠋ᠢ ᠱᠢᠯᠢᠳᠡᠭ᠌ᠵᠢᠭᠦᠯᠦᠨ᠂ ᠦᠵᠡᠰᠭᠦᠯᠡᠩᠲᠦ ᠰᠠᠢᠬᠠᠨ ᠦᠬᠠᠶ᠎ᠶ᠋ᠢ ᠪᠥᠲᠥᠭᠡᠨ ᠪᠠᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠬᠤ ᠲᠤᠬᠠᠢ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠡᠭᠦᠷᠡᠰᠦ ᠬᠡᠦᠷᠱᠢᠭᠦᠯᠬᠦ᠌ ᠠᠵᠤ ᠠᠬᠤᠢᠯᠠᠯ᠎ᠤᠨ ᠬᠡᠳᠤ ᠳᠣᠣᠷ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠣᠪᠣᠭᠠᠯᠠᠨ ᠬᠠᠳᠠᠭᠠᠯᠠᠬᠤ᠂ ᠠᠭᠤᠷᠬᠠᠢ᠎ᠶ᠋ᠢᠨ ᠣᠷᠣᠨ᠎ᠤ ᠲᠣᠭᠣᠰᠣ ᠱᠢᠷᠣᠢ ᠳᠡᠭ᠌ᠳᠡᠬᠦ᠌ ᠵᠡᠷᠭᠡ ᠣᠷᠴᠢᠨ ᠲᠣᠭᠣᠷᠢᠨ᠎ᠤ ᠳᠤᠪᠤᠢ᠌ᠮ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠡᠷᠡᠰ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠤᠨ᠎ᠠ᠃ ᠱᠢᠰᠲ᠋ᠧᠮ᠎ᠲᠡᠶ ᠵᠠᠰᠠᠬᠤ᠂ ᠥᠩᠭᠡᠨ ᠲᠠᠯ᠎ᠠ ᠪᠠ ᠦᠨᠳᠦᠰᠦ᠎ᠡᠴᠡ᠎ᠨᠢ ᠵᠠᠰᠠᠬᠤ᠎ᠶ᠋ᠢ ᠪᠠᠷᠢᠮᠲᠠᠯᠠᠵᠤ᠂ 《ᠲᠠᠪᠤᠨ ᠤᠷᠤᠨ ᠲᠤᠭᠤᠷᠢᠭ ᠨᠢᠭᠡ ᠭᠤᠤᠯ》 ᠤ᠋ᠨ ᠵᠠᠰᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠬᠠᠶ ᠨᠠᠭᠤᠷ᠎ᠤᠨ ᠴᠥᠭᠥᠷᠥᠮ᠎ᠦᠨ ᠣᠷᠣᠨ᠎ᠤ ᠰᠢᠪᠠᠷ ᠱᠠᠯᠴᠢᠭᠢ ᠴᠡᠪᠡᠷᠯᠡᠬᠦ᠌ ᠵᠢᠴᠢ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠨᠢᠭᠡ ᠴᠣᠭ᠍ᠴᠠᠵᠢᠭᠤᠯᠤᠨ ᠵᠠᠰᠠᠬᠤ᠂ ᠲᠠᠷᠢᠶᠠᠯᠠᠬᠤ ᠣᠷᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠂ EOD ᠵᠡᠷᠭᠡ ᠨᠢᠭᠡ ᠪᠦᠯᠦᠭ ᠴᠢᠬᠤᠯᠠ ᠶᠡᠬᠡ ᠠᠮᠢ ᠠᠬᠤᠶ ᠣᠷᠴᠢᠨ ᠲᠣᠭᠣᠷᠢᠨ᠎ᠤ ᠢᠨᠵᠧᠨᠧᠷᠢᠩ᠎ᠦᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠬᠣᠲᠠ ᠪᠠᠯᠭᠠᠰᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠪᠠᠷᠢᠯᠭ᠎ᠠ᠎ᠶ᠋ᠢᠨ ᠪᠣᠬᠢᠷᠲᠤᠯ ᠥᠬᠡᠶ ᠪᠠᠷᠢᠮᠵᠢᠶ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠦᠬᠦᠨ᠎ᠢ ᠪᠣᠬᠢᠷᠲᠤᠯ ᠥᠬᠡᠶ ᠬᠦᠷᠢᠶᠡᠯᠡᠩ ᠲᠣᠭᠣᠷᠢᠭ ᠪᠣᠯᠭᠠᠨ ᠪᠥᠲᠥᠭᠡᠨ ᠪᠠᠢᠭᠤᠯᠵᠤ᠂ ᠱᠢᠯᠢᠳᠡᠭ ᠬᠣᠲᠠ ᠲᠣᠭᠣᠷᠢᠭ᠂ ᠠᠮᠢ ᠠᠬᠤᠶ᠎ᠶ᠋ᠢᠨ ᠠᠭᠤᠷᠬᠠᠶ᠎ᠶ᠋ᠢᠨ ᠣᠷᠣᠨ᠂ ᠪᠣᠬᠢᠷᠲᠤᠯ ᠥᠬᠡᠶ ᠬᠦᠷᠢᠶᠡᠯᠡᠩ ᠲᠣᠭᠣᠷᠢᠭ᠂ ᠦᠵᠡᠰᠭᠦᠯᠡᠩᠲᠦ ᠰᠠᠢᠬᠠᠨ ᠲᠠᠷᠢᠶᠠᠯᠠᠬᠤ ᠣᠷᠣᠨ ᠪᠠ ᠦᠵᠡᠰᠭᠦᠯᠡᠩᠲᠦ ᠰᠠᠢᠬᠠᠨ ᠭᠤᠤᠯ ᠨᠠᠭᠤᠷ᠎ᠢ ᠬᠦᠴᠦᠯᠡᠨ ᠪᠠᠢᠭᠤᠯᠤᠨ᠎ᠠ᠃ ᠠᠵᠤ ᠦᠢᠯᠡᠰ᠂ ᠡᠨᠧᠷᠭᠢ᠎ᠶ᠋ᠢᠨ ᠬᠡᠷᠡᠭ᠌ᠯᠡᠭᠡ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ 《ᠭᠤᠷᠪᠠᠨ ᠶᠡᠬᠡ ᠪᠦᠲᠦᠴᠡ》 ᠶ᠋ᠢ ᠲᠤᠬᠢᠷᠠᠭᠤᠯᠤᠨ ᠱᠢᠯᠢᠳᠡᠭ᠌ᠵᠢᠭᠦᠯᠵᠦ᠍᠂ ᠡᠬᠢ ᠪᠠᠶᠠᠯᠢᠭ᠎ᠢ ᠬᠤᠪᠢᠷᠠᠭᠤᠯᠤᠨ ᠥᠷᠲᠡᠭ᠎ᠢ ᠨᠡᠮᠡᠭ᠌ᠳᠡᠭᠦᠯᠬᠦ᠌ ᠴᠢᠳᠠᠪᠤᠷᠢ ᠪᠠ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠡᠷ ᠠᠱᠢᠭ᠍ᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠲᠤᠰᠠᠭᠠᠷ ᠡᠨᠧᠷᠭᠢ ᠬᠠᠳᠠᠭᠠᠯᠠᠬᠤ ᠵᠡᠷᠭᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 《ᠱᠢᠨ᠎ᠡ ᠡᠨᠧᠷᠭᠢ + ᠲᠠᠷᠠᠬᠠᠢ ᠪᠤᠲᠠᠷᠬᠠᠢ ᠪᠠᠢᠬᠰᠠᠨ ᠲᠥᠪᠯᠡᠷᠡᠭᠦᠯᠦᠨ ᠲᠡᠭᠡᠭᠡᠪᠦᠷᠢᠯᠡᠬᠦ᠌᠎ᠶ᠋ᠢ ᠥᠭᠡᠷᠡᠴᠢᠯᠡᠬᠦ᠌》᠂ 《ᠵᠠᠰᠠᠮᠠᠯ ᠵᠠᠮ᠎ᠡᠴᠡ ᠲᠡᠮᠦᠷ ᠵᠠᠮ᠎ᠳᠤ ᠱᠢᠯᠵᠢᠭᠦᠯᠬᠦ᠌》 ᠵᠢᠴᠢ ᠣᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ ᠵᠡᠷᠭᠡ ᠲᠡᠭᠡᠭᠡᠪᠦᠷᠢ᠎ᠶ᠋ᠢᠨ ᠠᠷᠭ᠎ᠠ ᠮᠠᠶᠢᠭ᠎ᠢ ᠳᠡᠯᠭᠡᠷᠡᠭᠦᠯᠵᠦ᠍᠂ ᠠᠭᠠᠷ ᠮᠠᠨᠳᠠᠯ᠎ᠤᠨ ᠪᠣᠬᠢᠷᠲᠤᠯ᠎ᠤᠨ ᠠᠰᠠᠭᠤᠳᠠᠯ᠎ᠢ ᠦᠨᠳᠦᠰᠦᠨ᠎ᠡᠴᠡ ᠨᠢ ᠱᠢᠢᠳᠪᠦᠷᠢᠯᠡᠨ᠎ᠡ᠃
ᠬᠣᠶᠠᠷ᠂ ᠪᠦᠲᠦᠴᠡ᠎ᠶ᠋ᠢ ᠲᠤᠬᠢᠷᠠᠭᠤᠯᠤᠨ᠂ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠪᠠᠭ᠎ᠠ ᠮᠥᠷᠲᠡᠭᠡᠨ ᠱᠢᠯᠢᠳᠡᠭ᠂ ᠪᠠᠭ᠎ᠠ ᠮᠥᠷᠲᠡᠭᠡᠨ ᠬᠦᠴᠦᠷᠬᠡᠭ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠤᠨ᠎ᠠ᠃ ᠭᠣᠣᠯᠳᠠᠯᠭ᠎ᠠ᠎ᠲᠠᠶ ᠠᠵᠤ ᠦᠢᠯᠡᠰ᠎ᠢ ᠣᠨᠣᠪᠴᠢᠲᠠᠢ ᠲᠣᠭ᠍ᠲᠠᠭᠠᠵᠤ᠂ ᠤᠨᠴᠠᠯᠢᠭ᠍ᠲᠤ ᠤᠷᠤᠯᠳᠤᠭᠠᠨ᠎ᠤ ᠵᠠᠮ᠎ᠢ ᠲᠣᠭ᠍ᠲᠠᠭᠠᠵᠤ᠂ ᠬᠦᠷᠢᠶ᠎ᠡ᠎ᠶ᠋ᠢ ᠨᠠᠷᠢᠯᠢᠭ ᠬᠤᠪᠢᠶᠠᠨ ᠰᠠᠢᠳᠤᠷ ᠬᠦᠭᠵᠢᠭᠦᠯᠵᠦ᠂ ᠤᠨᠴᠠᠯᠢᠭ᠍ᠲᠤ ᠳᠠᠪᠠᠭᠤᠯᠢᠭ ᠠᠵᠤ ᠦᠢᠯᠡᠰ᠎ᠦᠨ ᠰᠢᠨ᠎ᠡ ᠵᠢ ᠡᠭᠦᠳᠦᠭᠰᠡᠨ ᠬᠡᠮᠵᠢᠶ᠎ᠡ᠂ ᠪᠤᠬᠢᠷᠳᠤᠯ ᠦᠭᠡᠢ ᠵᠢᠨ ᠬᠡᠮᠵᠢᠶ᠎ᠡ᠂ ᠦᠷᠳᠡᠭ᠎ᠤᠨ ᠭᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠨᠡᠭᠦᠷᠡᠰᠦ ᠬᠡᠦᠷᠱᠢᠭᠦᠯᠬᠦ᠌ ᠬᠢᠮᠢ᠎ᠶ᠋ᠢᠨ ᠠᠵᠤ ᠦᠢᠯᠡᠳᠪᠦᠷᠢ᠂ ᠾᠯᠣᠷᠲᠤ ᠱᠦᠯᠲᠦ᠍ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠹᠯᠣᠷᠲᠤ ᠴᠠᠬᠢᠭᠤᠷ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠠᠪᠴᠠᠯᠳᠤᠭᠤᠯᠤᠨ ᠤᠷᠲᠤᠳᠭᠠᠬᠤ᠎ᠶ᠋ᠢ ᠠᠬᠢᠭᠤᠯᠵᠤ᠂ ᠨᠡᠭᠦᠷᠡᠰᠦᠨ ᠬᠡᠦᠳᠡᠰᠦ᠎ᠶ᠋ᠢ ᠭᠦᠨᠵᠡᠭᠡᠢ ᠪᠣᠯᠪᠠᠰᠤᠷᠠᠭᠤᠯᠬᠤ ᠠᠵᠤ ᠦᠢᠯᠡᠰ᠎ᠦᠨ ᠬᠦᠷᠢᠶᠡᠯᠡᠩ᠂ ᠨᠡᠭᠦᠷᠡᠰᠦᠨ ᠬᠡᠦᠳᠡᠰᠦ ᠵᠢᠨ ᠨᠤᠨᠲᠠᠬᠢᠨᠢᠭᠡ ᠴᠣᠭ᠍ᠴᠠᠵᠢᠭᠤᠯᠤᠨ ᠶᠡᠷᠦᠩᠬᠡᠢᠯᠡᠨ ᠠᠱᠢᠭ᠍ᠯᠠᠬᠤ ᠵᠡᠷᠭᠡ ᠲᠥᠷᠥᠯ ᠵᠦᠢᠯ᠎ᠢ ᠬᠡᠷᠡᠭ᠌ᠵᠢᠭᠦᠯᠵᠦ᠍᠂ ᠥᠨᠳᠥᠷ ᠨᠡᠮᠡᠯᠲᠡ ᠥᠷᠲᠡᠭ ᠪᠦᠬᠦᠢ ᠴᠠᠬᠢᠭᠤᠷ᠎ᠤᠨ ᠰᠠᠭᠤᠷᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠱᠢᠨ᠎ᠡ ᠮᠠᠲ᠋ᠧᠷᠢᠶᠠᠯ ᠪᠣᠯᠤᠨ ᠳᠡᠭᠡᠳᠦ ᠲᠡᠰ᠎ᠤᠨ ᠬᠢᠮᠢ᠎ᠶ᠋ᠢᠨ ᠦᠢᠯᠡᠳᠬᠦᠨ᠎ᠢ ᠬᠥᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭᠵᠢᠯ᠎ᠢ ᠪᠤᠢ ᠪᠣᠯᠭᠠᠨ᠎ᠠ᠃ ᠬᠠᠲᠠᠭᠤ ᠪᠡᠶᠡᠲᠦ ᠳ᠋ᠢᠶᠠᠨ ᡂᠢ᠎ᠶ᠋ᠢᠨ ᠮᠠᠲ᠋ᠧᠷᠢᠶᠠᠯ ᠵᠢᠴᠢ ᠲᠣᠨᠣᠭ ᠲᠥᠬᠥᠭᠡᠷᠦᠮᠵᠢ ᠦᠶ᠋ᠯᠡᠳᠬᠦ᠌᠂ ᠵᠠᠳᠠᠷᠠᠭᠤᠯᠵᠤ ᠪᠣᠯᠬᠤᠢᠴᠠ ᠱᠢᠨ᠎ᠡ ᠮᠠᠲ᠋ᠧᠷᠢᠶᠠᠯ᠎ᠤᠨ ᠣᠨᠴᠠᠯᠢᠭ᠍ᠲᠤ ᠠᠵᠤ ᠦᠶ᠋ᠯᠡᠰ᠎ᠦᠨ ᠰᠦᠷᠦᠭ᠌ᠵᠢᠯ᠎ᠢ ᠪᠣᠶ ᠪᠣᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 4 ᠮᠸᠭ᠎ᠠ ᠸᠠᠲ ᠬᠠᠲᠠᠭᠤ ᠪᠡᠶᠡᠲᠦ ᠯᠢᠲ᠋ᠢ ᠳ᠋ᠢᠶᠠᠨ ᡂᠢ ᠪᠣᠯᠤᠨ ᠬᠠᠲᠠᠭᠤ ᠪᠡᠶᠡᠲᠦ ᠴᠠᠬᠢᠯᠭᠠᠨ ᠵᠠᠳᠠᠯᠤᠭ᠍ᠳᠠᠬᠤᠨᠤ ᠮᠠᠲ᠋ᠧᠷᠢᠶᠠᠯ᠂ 30 ᠲᠦᠮᠡᠨ ᠲᠣᠨ ᠹᠣᠰᠹᠣᠷ ᠬᠦᠴᠢᠯ᠎ᠦᠨ ᠲᠡᠮᠦᠷ ᠯᠢᠲ᠋ᠢ᠂ 120 ᠲᠦᠮᠡᠨ ᠲᠣᠨ ᠵᠠᠳᠠᠷᠠᠭᠤᠯᠵᠤ ᠪᠣᠯᠬᠤᠢᠴᠠ ᠮᠠᠲ᠋ᠧᠷᠢᠶᠠᠯ᠎ᠤᠨ ᠪᠦᠲᠦᠭᠡᠭ᠌ᠳᠡᠬᠦᠨ ᠵᠡᠷᠭᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠡᠬᠢᠨ᠎ᠤ ᠪᠠ ᠡᠴᠦᠰ᠎ᠤᠨ ᠭᠡᠯᠬᠢᠶ᠎ᠡ ᠵᠢ᠎ᠨᠢ᠎ᠵᠢ ᠪᠥᠷᠢᠳᠦᠭ᠌ᠰᠡᠨ ᠠᠵᠤ ᠠᠬᠤᠢᠯᠠᠯ᠎ᠤᠨ ᠲᠥᠪᠯᠡᠷᠡᠨ ᠬᠥᠭ᠌ᠵᠢᠬᠦ᠌᠎ᠶ᠋ᠢ ᠳᠠᠢᠴᠢᠯᠠᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠭᠡᠳ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠦᠬᠠᠶ·ᠪᠡᠭᠡᠵᠢᠩ᠎ᠦᠨ ᠮᠡᠳᠡᠭᠡ ᠵᠠᠩᠭᠢ᠎ᠶ᠋ᠢᠨ ᠬᠥᠨᠳᠡᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ BDO ᠠᠵᠤ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠬᠠᠲᠠᠭᠤ ᠲᠦᠯᠦᠪᠳᠦ ᠳ᠋ᠢᠶᠠᠨ ᡂᠢ᠎ᠶ᠋ᠢᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠵᠡᠷᠭᠡ ᠨᠢᠭᠡ ᠪᠦᠯᠦᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍᠂ ᠬᠠᠲᠠᠭᠤ ᠲᠦᠯᠦᠪᠳᠦ ᠳ᠋ᠢᠶᠠᠨ ᡂᠢ᠎ᠶ᠋ᠢᠨ ᠠᠷᠭ᠎ᠠ ᠪᠢᠯᠢᠭ ᠲᠤᠢᠯ᠎ᠤᠨ ᠮᠠᠲ᠋ᠧᠷᠢᠶᠠᠯ᠂ ᠠᠮᠢᠳᠤ ᠪᠣᠳᠠᠰ᠎ᠤᠨ ᠵᠠᠳᠠᠷᠠᠭᠤᠯᠵᠤ ᠪᠣᠯᠬᠤᠢᠴᠠ ᠮᠠᠲ᠋ᠧᠷᠢᠶᠠᠯ ᠵᠡᠷᠭᠡ ᠨᠢᠭᠡ ᠪᠦᠯᠦᠭ ᠵᠠᠪᠰᠠᠷ᠎ᠤᠨ ᠲᠤᠷᠱᠢᠯᠲᠠ᠎ᠶ᠋ᠢᠨ ᠰᠠᠭᠤᠷᠢᠨ᠎ᠢ ᠠᠱᠢᠭ᠍ᠯᠠᠯᠲᠠ᠎ᠳᠤ ᠣᠷᠣᠭᠤᠯᠵᠤ᠂ ᠵᠠᠳᠠᠷᠠᠭᠤᠯᠵᠤ ᠪᠣᠯᠬᠤᠢᠴᠠ ᠱᠢᠨ᠎ᠡ ᠮᠠᠲ᠋ᠧᠷᠢᠶᠠᠯ᠂ ᠡᠨᠧᠷᠭᠢ ᠨᠥᠭᠡᠴᠡᠯᠡᠬᠦ ᠲᠣᠨᠣᠭ ᠲᠥᠬᠥᠭᠡᠷᠦᠮᠵᠢ᠂ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ᠎ᠤ ᠠᠭᠤᠷᠬᠠᠶ᠎ᠶ᠋ᠢᠨ ᠮᠠᠰᠢᠨ ᠵᠡᠷᠭᠡ ᠬᠡᠷᠡᠭ᠌ᠯᠡᠭᠡᠨ᠎ᠦ ᠪᠠᠢᠳᠠᠯ᠎ᠢ ᠥᠷᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠣᠭ᠍ᠴᠠᠯᠠᠨ ᠪᠠᠢᠭᠤᠯᠤᠨ᠎ᠠ᠃
ᠭᠤᠷᠪᠠ᠂ ᠥᠭᠡᠷᠡᠴᠢᠯᠡᠯᠲᠡ᠎ᠶ᠋ᠢ ᠠᠳᠭᠤᠨ᠂ ᠨᠡᠭᠡᠭᠡᠯᠲᠡ᠎ᠶ᠋ᠢ ᠠᠬᠢᠭᠤᠯᠵᠤ᠂ ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ᠎ᠢ ᠥᠷᠭᠡᠳᠭᠡᠨ᠎ᠡ᠃ ᠥᠭᠡᠷᠡᠴᠢᠯᠡᠯᠲᠡ᠎ᠡᠴᠡ ᠬᠥᠳᠡᠯᠭᠡᠬᠦ᠌ ᠬᠦᠴᠦᠨ ᠤᠯᠬᠤ᠎ᠶ᠋ᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《1 + N》 ᠤᠯᠤᠰ᠎ᠤᠨ ᠥᠮᠴᠢᠯᠡᠯ᠎ᠦᠨ ᠪᠡᠯᠡ ᠬᠥᠷᠥᠩᠭᠡ᠎ᠶ᠋ᠢᠨ ᠪᠠᠢᠷᠢᠱᠢᠭᠤᠯᠤᠯᠲᠠ᠎ᠶ᠋ᠢ ᠲᠦᠷᠭᠡᠳᠭᠡᠨ ᠪᠠᠢᠭᠤᠯᠵᠤ᠂ ᠭᠠᠵᠠᠷ ᠱᠢᠷᠣᠶ᠂ ᠤᠰᠤᠨ᠎ᠤ ᠡᠷᠬᠡ᠂ ᠡᠨᠧᠷᠭᠢ ᠬᠡᠷᠡᠭ᠌ᠯᠡᠬᠦ᠌ ᠵᠡᠷᠭᠡ ᠴᠢᠬᠤᠯᠠ ᠡᠯᠧᠮᠧᠨ᠋ᠲ᠎ᠢ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠡᠴᠡ᠎ᠶ᠋ᠢᠨ ᠬᠠᠷᠰᠢ ᠰᠠᠭᠠᠳ᠎ᠢ ᠬᠦᠴᠦᠯᠡᠨ ᠠᠷᠢᠯᠭᠠᠨ᠎ᠠ᠃ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠳᠤ ᠭᠦᠨᠵᠡᠭᠡᠢ ᠣᠷᠣᠯᠴᠠᠵᠤ᠂ ᠵᠦᠩ ᠭᠤᠸᠠᠨ ᠼᠦᠨ᠎ᠤ ᠱᠢᠯᠢᠳᠡᠭ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠨᠠᠨ ᠼᠧ ᠸᠧᠨ ᠠᠺᠠᠳᠧᠮᠢᠴᠢ᠎ᠶ᠋ᠢᠨ ᠠᠵᠢᠯᠯᠠᠬᠤ ᠥᠷᠲᠡᠭᠡ ᠵᠡᠷᠭᠡ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠪᠦᠯᠬᠦᠮ᠎ᠢ ᠣᠷᠣᠭᠤᠯᠤᠨ ᠠᠪᠴᠢᠷᠠᠵᠤ᠂ ᠨᠢᠭᠡ ᠪᠦᠯᠦᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠨᠡᠪᠴᠢᠭᠦᠯᠦᠨ᠎ᠡ᠃ ᠡᠷᠬᠢᠨ ᠲᠣᠭᠣᠷᠢᠨ᠎ᠤ ᠠᠢᠮᠠᠭ ᠬᠣᠲᠠ᠎ᠯᠤᠭ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠢᠯᠴᠢ ᠬᠠᠩᠭᠠᠬᠤ ᠣᠷᠳᠣ ᠳᠠᠮᠵᠢᠭᠤᠯᠬᠤ ᠬᠣᠭᠣᠯᠠᠶ ᠲᠤᠤᠷ᠂ ᠪᠣᠬᠢᠷᠲᠤᠯ ᠥᠬᠡᠶ ᠤᠰᠤᠲᠥ᠋ᠷᠥᠭ᠌ᠴᠢ ᠬᠣᠭᠣᠯᠠᠶ ᠵᠡᠷᠭᠡ ᠬᠠᠮᠲᠤᠷᠠᠯᠴᠠᠭᠠᠨ᠎ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠤ ᠴᠢᠨᠠᠷ ᠰᠠᠢᠲᠠᠢ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ ᠬᠦᠯᠢᠶᠡᠨ ᠠᠪᠴᠤ᠌᠂ 《ᠪᠣᠭᠣᠮᠲᠠ + ᠳᠣᠲᠣᠷ ᠭᠠᠵᠠᠷ》 ᠤ᠋ᠨ ᠠᠵᠤ ᠠᠬᠤᠢ᠎ᠶ᠋ᠢᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠣᠣᠯᠳᠠᠯᠭ᠎ᠠ᠎ᠲᠠᠶ ᠭᠠᠳᠠᠭᠠᠳᠤ ᠣᠷᠣᠭᠤᠯᠤᠯᠲᠠ ᠭᠠᠳᠠᠭᠠᠳᠤᠭᠠᠷᠭᠠᠯᠲᠠᠵᠢᠨ ᠠᠵᠤ ᠠᠬᠤᠢᠯᠠᠯ᠎ᠤᠨ ᠬᠢᠯᠢ ᠠᠯᠤᠰᠯᠠᠭ᠍ᠰᠠᠨ ᠠᠷᠠᠯᠵᠢᠶ᠎ᠠ ᠥᠷᠨᠢᠭᠦᠯᠬᠦ᠌᠎ᠶ᠋ᠢ ᠳᠠᠮᠵᠢᠵᠤ᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠨ᠎ᠡ᠃
ᠳᠥᠷᠪᠡ᠂ ᠴᠢᠳᠠᠮᠵᠢ᠎ᠪᠠᠨ ᠴᠢᠩᠭᠠᠳᠭᠠᠨ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠪᠠᠭ᠎ᠠ ᠮᠥᠷᠲᠡᠭᠡᠨ ᠭᠣᠶᠣ᠂ ᠪᠠᠭ᠎ᠠ ᠮᠥᠷᠲᠡᠭᠡᠨ ᠱᠢᠯᠢᠳᠡᠭ ᠰᠣᠳᠣᠨ ᠬᠣᠲᠠ᠎ᠶ᠋ᠢ ᠪᠠᠢᠭᠤᠯᠤᠨ᠎ᠠ᠃ ᠬᠣᠲᠠ᠎ᠶ᠋ᠢᠨ ᠱᠢᠨᠡᠳᠭᠡᠯᠲᠡ ᠪᠠ ᠱᠢᠨ᠎ᠡ ᠲᠣᠭᠣᠷᠢᠭ᠎ᠤᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠣᠲᠠ᠎ᠶ᠋ᠢᠨ ᠲᠣᠭᠣᠷᠢᠭ᠎ᠤᠨ 《ᠳᠥᠷᠪᠡᠨ ᠲᠥᠷᠥᠯ᠎ᠦᠨ ᠬᠣᠭᠣᠯᠠᠢ ᠲᠣᠣᠷ》 ᠤ᠋ᠨ ᠥᠭᠡᠷᠡᠴᠢᠯᠡᠯᠲᠡ᠎ᠶ᠋ᠢ ᠠᠬᠢᠭᠤᠯᠵᠤ᠂ ᠨᠢᠭᠡ ᠪᠦᠯᠦᠭ ᠠᠮᠤᠷ ᠲᠦᠪᠱᠢᠨ ᠲᠠᠭᠠᠯᠠᠮᠵᠢᠲᠠᠢ ᠪᠣᠬᠢᠷᠲᠤᠯ ᠦᠭᠡᠢ ᠣᠶᠤᠨᠲᠦ《ᠰᠠᠢᠨ ᠭᠡᠷ ᠪᠠᠢᠱᠢᠩ》᠂ 《ᠰᠠᠢᠨ ᠰᠠᠭᠤᠭᠠᠯᠢ ᠠᠷᠠᠳ᠎ᠤᠨ ᠲᠣᠭᠣᠷᠢᠭ》 ᠢ᠋ ᠪᠠᠢᠭᠤᠯᠵᠤ᠂ ᠦᠬᠠᠢ ᠨᠠᠭᠤᠷ᠎ᠤᠨ ᠤᠯᠤᠰ᠎ᠤᠨ ᠲᠡᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠪᠠ ᠪᠦᠬᠦ᠌ ᠤᠯᠤᠰ᠎ᠤᠨ ᠪᠣᠯᠪᠠᠰᠤᠨ ᠬᠣᠲᠠ᠎ᠶ᠋ᠢ ᠴᠢᠷᠮᠠᠢᠨ ᠡᠭᠦᠳᠴᠦ᠍᠂ ᠪᠠᠭ᠎ᠠ ᠣᠨᠴᠠ ᠨᠠᠷᠢᠯᠢᠭ ᠱᠢᠯᠢᠳᠡᠭ ᠣᠯᠠᠨ ᠨᠡᠢᠲᠡ᠎ᠶ᠋ᠢᠨ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠠᠢᠭᠤᠯᠤᠨ᠎ᠠ᠃ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠬᠣᠲᠠ᠎ᠶ᠋ᠢᠨ 《ᠵᠣᠬᠢᠶᠠᠮᠠᠯ ᠣᠶᠤᠨ ᠴᠢᠳᠠᠪᠤᠷᠢ + ᠣᠯᠠᠨ ᠨᠡᠢᠲᠡ᠎ᠶ᠋ᠢᠨ ᠠᠮᠤᠷ ᠲᠦᠪᠱᠢᠨ》 ᠤ᠋ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠬᠣᠲᠠ᠎ᠶ᠋ᠢᠨ ᠬᠠᠮᠢᠶᠠᠷᠤᠯᠲᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠨᠢᠭᠡ ᠳᠡᠯᠭᠡᠴᠡ᠎ᠪᠡᠷ ᠪᠦᠬᠦᠨ᠎ᠢ ᠦᠵᠡᠬᠦ᠌》᠂ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》᠎ᠶ᠋ᠢ ᠪᠡᠶᠡᠯᠡᠭᠦᠯᠦᠨ᠎ᠡ᠃ ᠪᠡᠭᠡᠵᠢᠩ᠎ᠦᠨ ᠨᠡᠷᠡᠲᠦ ᠰᠤᠷᠭᠠᠭᠤᠯᠢ᠎ᠯᠤᠭ᠎ᠠ ᠬᠠᠮᠵᠢᠯᠴᠠᠬᠤ᠎ᠶ᠋ᠢ ᠴᠢᠩᠭᠠᠳᠭᠠᠨ᠂ ᠬᠣᠯᠪᠣᠭᠠᠯᠠᠵᠤ ᠪᠠᠢᠭᠠᠳ ᠰᠤᠷᠭᠠᠭᠤᠯᠢ ᠡᠷᠬᠢᠯᠡᠬᠦ᠌᠎ᠶ᠋ᠢ ᠥᠷᠨᠢᠭᠦᠯᠵᠦ᠍᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠣᠷᠱᠢᠯᠴᠠᠭᠠᠶ᠋ᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠦᠨ ᠰᠤᠷᠭᠠᠨ ᠬᠥᠮᠦᠵᠢᠯ᠎ᠦᠨ ᠱᠢᠨ᠎ᠡ ᠥᠨᠳᠥᠷᠯᠢᠭ᠎ᠢ ᠪᠤᠶ ᠪᠣᠯᠭᠠᠨ᠎ᠠ᠃ ᠰᠶ᠋ᠶᠸ ᠾᠧ ᠡᠮᠨᠡᠯᠭᠡ᠎ᠶ᠋ᠢᠨ ᠬᠣᠷᠢᠶ᠎ᠠ ᠵᠡᠷᠭᠡ ᠪᠡᠭᠡᠵᠢᠩ᠎ᠦᠨ ᠡᠮᠴᠢᠯᠡᠭᠡᠨ᠎ᠦ ᠪᠠᠢᠭᠤᠯᠤᠮᠵᠢ᠎ᠲᠠᠶ ᠬᠠᠪᠰᠤᠷᠤᠯᠴᠠᠭ᠎ᠠ ᠪᠠᠢᠭᠤᠯᠤᠨ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠤᠰᠭᠠᠶ ᠰᠠᠯᠠᠭᠠᠨ᠎ᠤ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ ᠪᠠᠢᠭᠤᠯᠵᠤ᠂ ᠣᠯᠠᠨ ᠲᠦᠮᠡᠨ᠎ᠢ ᠤᠢᠷ᠎ᠠ ᠬᠠᠪᠢ᠎ᠳᠠᠭᠠᠨ ᠰᠠᠨᠠᠭ᠎ᠠ ᠠᠮᠤᠷ ᠡᠪᠡᠳᠴᠢᠨ᠎ᠢᠶᠡᠨ ᠦᠵᠡᠭᠦᠯᠵᠦ᠍ ᠡᠮᠨᠡᠭᠦᠯᠬᠦ᠌ ᠪᠣᠯᠭᠠᠨ᠎ᠠ᠃ ᠬᠥᠳᠡᠭᠡ ᠠᠵᠤ ᠠᠬᠤᠢ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠠᠵᠤ ᠦᠢᠯᠡᠳᠪᠦᠷᠢ᠎ᠪᠡᠷ ᠲᠠᠷᠢᠶᠠᠯᠠᠩ᠎ᠢ ᠨᠥᠬᠥᠪᠥᠷᠢᠯᠡᠬᠦ᠌᠂ ᠬᠤᠳᠠ᠎ᠪᠠᠷ ᠬᠥᠳᠡᠭᠡ ᠲᠣᠰᠭᠣᠨ᠎ᠢ ᠳᠠᠢᠴᠢᠯᠠᠬᠤ᠎ᠶ᠋ᠢ ᠴᠢᠩᠭᠠᠳᠭᠠᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠤᠯᠠᠨ ᠡᠱᠢᠴᠢᠯᠡᠨ ᠬᠥᠭ᠌ᠵᠢᠭᠦᠯᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃
ᠪᠣᠳᠠᠲᠠᠢ ᠠᠵᠢᠯᠯᠠᠵᠤ ᠱᠢᠨ᠎ᠡ ᠠᠶᠠᠨ᠎ᠢᠶᠠᠨ ᠡᠬᠢᠯᠡᠭᠦᠯᠵᠦ᠍᠂ ᠡᠷᠡᠮᠡᠬᠡᠢᠯᠡᠨ ᠤᠷᠤᠭ᠍ᠰᠢᠯᠠᠬᠤ ᠴᠠᠭ ᠬᠦᠷᠴᠦ ᠢᠷᠡᠪᠡ᠃ ᠪᠢᠳᠠ ᠦᠬᠠᠢ ᠬᠤᠳᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ ᠪᠣᠯᠤᠨ ᠲᠤᠰᠭᠠᠢ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠪᠢᠲᠡᠭᠦᠮᠵᠢᠯᠡᠭ᠌ᠰᠡᠨ ᠮᠠᠶᠢᠭ᠎ᠤᠨ ᠠᠵᠢᠯ᠎ᠢ ᠨᠠᠢᠳᠠᠪᠤᠷᠢᠵᠢᠭᠤᠯᠬᠤ ᠲᠣᠭ᠍ᠲᠡᠴᠡ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠪᠦᠬᠦ᠌ ᠬᠤᠳᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠶᠡᠬᠡ ᠰᠤᠷᠤᠯᠴᠠᠯᠭ᠎ᠠ ᠦᠷᠨᠢᠭᠦᠯᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠡᠷᠡᠰ ᠰᠠᠢᠲᠤᠷ ᠪᠡᠶᠡᠯᠡᠭᠦᠯᠦᠨ᠎ᠡ ᠭᠡᠪᠡ᠃