ᠤᠢᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠢᠲᠠᠳ ᠡᠮᠨᠡᠯᠭᠡ ᠵᠢᠨ ᠬᠣᠷᠢᠶ᠎ᠠ ᠡᠴᠡ ᠳᠠᠭᠠᠭᠠᠴᠢᠯᠠᠨ ᠡᠷᠬᠢᠯᠡᠭᠰᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠤᠯᠤᠰ ᠤ᠋ᠨ ᠬᠢᠲᠠᠳ ᠡᠮ ᠡᠮᠨᠡᠯᠭᠡ ᠵᠢᠨ ᠶᠡᠷᠦᠩᠬᠡᠢᠯᠡᠭᠰᠡᠨ ᠲᠣᠭ᠎ᠠ ᠪᠦᠷᠢᠳᠬᠡᠯ ᠤ᠋ᠨ ᠳᠦᠷᠢᠮ ᠦ᠋ᠨ ᠪᠣᠯᠪᠠᠰᠤᠷᠠᠯ ᠬᠥᠬᠡᠬᠣᠲᠠ ᠳ᠋ᠤ᠌ ᠶᠠᠪᠤᠭᠳᠠᠵᠤ᠂ ᠪᠦᠬᠦ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠎ᠠ ᠪᠦᠷᠢᠳᠬᠡᠯ ᠤ᠋ᠨ ᠠᠵᠢᠯ ᠢ᠋ ᠵᠢᠷᠤᠮᠵᠢᠭᠤᠯᠬᠤ ᠳ᠋ᠤ᠌ ᠠᠬᠢᠭᠤᠯᠬᠤ ᠦᠢᠯᠡᠳᠤᠯ ᠦᠵᠡᠬᠦᠯᠪᠠ᠃
ᠲᠤᠰ ᠤᠳᠠᠭ᠎ᠠ ᠵᠢᠨ ᠪᠣᠯᠪᠠᠰᠤᠷᠠᠯ ᠨᠢ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠎ᠠ ᠪᠦᠷᠢᠳᠬᠡᠯ ᠤ᠋ᠨ ᠠᠵᠢᠯ ᠤ᠋ᠨ ᠪᠦᠬᠦ ᠲᠠᠯ᠎ᠠ ᠵᠢᠨ ᠠᠭᠤᠯᠭ᠎ᠠ ᠳ᠋ᠤ ᠬᠤᠯᠪᠤᠭᠳᠠᠵᠤ᠂ ᠪᠦᠬᠦ ᠣᠷᠣᠨ ᠤ᠋ 12 ᠠᠢᠮᠠᠭ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠪᠠᠢᠭᠤᠯᠤᠮᠵᠢ ᠵᠢᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠎ᠠ ᠪᠦᠷᠢᠳᠬᠡᠯ ᠤ᠋ᠨ ᠠᠵᠢᠯ ᠤ᠋ᠨ ᠬᠤᠯᠪᠤᠭᠳᠠᠯ ᠪᠦᠬᠦᠢ ᠭᠣᠣᠯ ᠴᠣᠭᠴᠠ ᠵᠢ ᠪᠦᠬᠦᠨ ᠢ᠋ ᠬᠠᠮᠤᠷᠴᠠᠢ᠃ ᠪᠣᠯᠪᠠᠰᠣᠷᠠᠯ ᠳ᠋ᠤ᠌᠂ 12 ᠠᠢᠮᠠᠭ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠬᠢᠨ ᠤᠷᠢᠳ ᠬᠤᠵᠢᠳ ᠠᠵᠢᠯ ᠤ᠋ᠨ ᠳ᠋ᠦᠩᠨᠡᠯᠲᠡ ᠬᠢᠵᠤ᠂ ᠡᠯ᠎ᠡ ᠭᠠᠵᠠᠷ ᠤ᠋ᠨ ᠲᠣᠭ᠎ᠠ ᠪᠦᠷᠢᠳᠬᠡᠯ ᠤ᠋ᠨ ᠠᠵᠢᠯ ᠤ᠋ᠨ ᠦᠢᠯᠡᠳᠦᠯᠭᠡ ᠵᠢᠨ ᠲᠤᠷᠰᠢᠯᠭ᠎ᠠ ᠪᠣᠯᠤᠨ ᠰᠢᠨ᠎ᠡ ᠵᠢ ᠡᠭᠦᠳᠬᠦ ᠠᠷᠭ᠎ᠠ ᠪᠠᠷᠢᠯ ᠵᠢᠡᠨ ᠬᠤᠪᠢᠶᠠᠯᠴᠠᠪᠠ᠃
ᠲᠤᠰ ᠤᠳᠠᠭ᠎ᠠ ᠵᠢᠨ ᠪᠣᠯᠪᠠᠰᠤᠷᠠᠯ ᠠᠮᠵᠢᠯᠲᠠ ᠲᠠᠢ ᠡᠷᠬᠢᠯᠡᠭᠰᠡᠨ ᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠎ᠠ ᠪᠦᠷᠢᠳᠬᠡᠯ ᠤ᠋ᠨ ᠠᠵᠢᠯ ᠤ᠋ᠨ ᠳᠡᠰ ᠳᠠᠷᠠᠭᠠᠯᠠᠯ ᠢ᠋ ᠴᠢᠨᠠᠭᠰᠢᠳᠠ ᠵᠢᠷᠤᠮᠵᠢᠭᠤᠯᠵᠤ᠂ ᠲᠣᠭ᠎ᠠ ᠪᠦᠷᠢᠳᠬᠡᠯ ᠤ᠋ᠨ ᠭᠦᠢᠴᠡᠳᠬᠡᠯ ᠲᠣᠭ᠎ᠠ ᠵᠢᠨ ᠣᠢᠯᠠᠭᠠᠯᠲᠠ ᠪᠠ ᠬᠡᠷᠡᠭᠯᠡᠭᠡᠨ ᠤ᠋ ᠪᠠᠷᠢᠮᠵᠢᠶ᠎ᠠ ᠵᠢ ᠨᠢᠭᠡᠳᠬᠡᠵᠦ᠂ ᠲᠣᠭ᠎ᠠ ᠪᠦᠷᠢᠳᠬᠡᠯ ᠤ᠋ᠨ ᠠᠵᠢᠯᠲᠠᠨ ᠤ᠋ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠ ᠲᠤᠰᠬᠠᠢ ᠮᠡᠷᠭᠡᠵᠢᠯ ᠤ᠋ᠨ ᠲᠦᠪᠰᠢᠨ ᠢ᠋ ᠳᠡᠭᠡᠭᠰᠢᠯᠡᠭᠦᠯᠤᠨ᠂ ᠰᠢᠨᠵᠢᠯᠡᠬᠦ ᠤᠬᠠᠭᠠᠨᠴᠢ᠂ ᠣᠨᠣᠴᠠᠲᠠᠢ᠂ ᠥᠨᠳᠥᠷ ᠦᠷ᠎ᠡ ᠠᠰᠢᠭ ᠲᠠᠢ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠲᠣᠭ᠎ᠠ ᠪᠦᠷᠢᠳᠬᠡᠯ ᠤ᠋ᠨ ᠰᠢᠰᠲ᠋ᠧᠮ ᠢ᠋ ᠪᠠᠢᠭᠤᠯᠬᠤ ᠳ᠋ᠤ᠌ ᠪᠠᠲᠤ ᠰᠠᠭᠤᠷᠢ ᠲᠠᠯᠪᠢᠨ ᠦᠭᠴᠤ᠂ ᠥᠪᠥᠷ ᠮᠣᠩᠭᠣᠯ ᠤ᠋ᠨ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠨ ᠴᠢᠳᠠᠯ ᠵᠢᠠᠨ ᠨᠡᠮᠡᠷᠢᠯᠡᠵᠠᠢ᠃