ᠦᠪᠦᠷ ᠮᠤᠨᠭᠭᠤᠯ ᠤ᠋ᠨ ᠰᠤᠶᠤᠯ ᠤ᠋ᠨ ᠤᠷᠳᠤᠨ ᠡᠴᠡ ᠤᠢᠯᠠᠭᠠᠭᠰᠠᠨ ᠢ᠋ᠶ᠋ᠡᠷ᠂ ᠲᠦᠷᠦᠬᠦᠬᠡᠨ ᠶᠠᠪᠤᠭᠳᠠᠭᠰᠠᠨ 《ᠱᠢᠨ᠎ᠡ ᠠᠶᠠᠨ ᠳ᠋ᠤ ᠡᠷᠡᠮᠡᠬᠡᠢᠯᠡᠨ ᠤᠷᠤᠭ᠍ᠰᠢᠯᠠᠵᠤ ᠱᠢᠨ᠎ᠡ ᠴᠠᠭ ᠦᠶ᠎ᠡ ᠳ᠋ᠦ ᠭᠠᠪᠢᠶ᠎ᠠ ᠪᠠᠢᠭᠤᠯᠬᠤ》 2025 ᠣᠨ ᠤ᠋ ᠱᠠᠨ ᠰᠢ ᠮᠤᠵᠢ ᠶ᠋ᠢᠨ ᠠᠷᠠᠳ ᠤ᠋ᠨ ᠳᠠᠭᠤᠤ ᠶ᠋ᠢᠨ ᠤᠷᠢᠯᠭ᠎ᠠ ᠶ᠋ᠢᠨ ᠤᠷᠤᠯᠳᠤᠭᠠᠨ ᠳ᠋ᠦ ᠦᠪᠦᠷ ᠮᠤᠨᠭᠭᠤᠯ ᠤ᠋ᠨ ᠰᠤᠶᠤᠯ ᠤ᠋ᠨ ᠤᠷᠳᠤᠨ ᠡᠴᠡ ᠰᠤᠩᠭᠤᠨ ᠳᠡᠪᠰᠢᠬᠦᠯᠦᠭᠰᠡᠨ 《ᠬᠦᠷᠡᠩ ᠲᠤᠯᠤᠭᠠᠢ ᠶ᠋ᠢᠨ ᠰᠡᠬᠦᠳᠡᠷ》 ᠳᠠᠭᠤᠤ ᠬᠤᠶᠠᠳᠤᠭᠠᠷ ᠳᠡᠰ ᠤ᠋ᠨ ᠱᠠᠩᠨᠠᠯ ᠲᠤᠰᠴᠠᠢ᠃
ᠪᠦᠬᠦ᠌ ᠤᠯᠤᠰ ᠤ᠋ᠨ 26 ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ ᠶ᠋ᠢᠨ 100 ᠭᠠᠷᠤᠢ ᠠᠷᠠᠳ ᠤ᠋ᠨ ᠳᠠᠭᠤᠴᠢᠨ ᠨᠢᠭᠡ ᠲᠠᠩᠬᠢᠮᠳᠤ ᠴᠤᠭ᠍ᠯᠠᠷᠠᠨ ᠳᠠᠭᠤᠤ ᠪᠠᠷ ᠨᠠᠢᠵᠠ ᠪᠣᠯᠤᠯᠴᠠᠵᠤ᠂ ᠨᠢᠭᠡ ᠲᠠᠢᠰᠠᠨ᠎ᠠ ᠦᠷᠢᠰᠦᠯᠳᠦᠨ ᠤᠷ᠎ᠠ ᠠᠪᠢᠶᠠᠰ ᠵᠢᠡᠨ ᠦᠵᠡᠬᠦᠯᠦᠭᠰᠡᠨ ᠪᠠᠢᠨ᠎ᠠ᠃ ᠳᠠᠭᠤᠴᠢᠨ ᠲᠢᠶᠠᠨ ᠯᠢᠶᠠᠩ ᠤ᠋ᠨ ᠳᠠᠭᠤᠯᠠᠭᠰᠠᠨ 《ᠬᠦᠷᠡᠩ ᠲᠤᠯᠤᠭᠠᠢ ᠶ᠋ᠢᠨ ᠰᠡᠬᠦᠳᠡᠷ》 ᠳᠠᠭᠤᠤ ᠨᠢ ᠪᠥᠬᠥ᠌ ᠤᠯᠤᠰ ᠤ᠋ᠨ ᠰᠣᠶᠣᠯ ᠤ᠋ᠨ ᠲᠠᠪᠴᠠᠩ ᠳᠡᠭᠡᠷ᠎ᠡ ᠥᠪᠥᠷ ᠮᠣᠩᠭᠣᠯ ᠤ᠋ᠨ ᠥᠪᠡᠷᠮᠢᠴᠡ ᠷᠢᠳᠢ ᠱᠢᠳᠢ ᠪᠠ ᠭᠦᠨ ᠵᠤᠵᠠᠭᠠᠨ ᠰᠣᠶᠣᠯ ᠤ᠋ᠨ ᠠᠭᠤᠯᠤᠭ᠍ᠳᠠᠬᠤᠨ ᠢ᠋ ᠭᠦᠶ᠋ᠴᠡᠳ ᠢᠯᠡᠷᠡᠭᠦᠯᠵᠦ᠂ ᠲᠠᠯ᠎ᠠ ᠨᠤᠲᠤᠭ ᠤ᠋ᠨ ᠬᠥᠪᠡᠭᠦᠳ ᠥᠬᠢᠳᠦᠨ ᠬᠡᠷ ᠣᠷᠣᠨ ᠢ᠋ᠶ᠋ᠠᠨ ᠭᠦᠨ᠎ᠡ ᠮᠥᠷᠥᠭᠡᠳᠦᠨ ᠰᠠᠨᠠᠭᠠᠯᠵᠠᠵᠤ ᠪᠠᠢᠭ᠎ᠠ ᠰᠡᠳᠬᠢᠯᠬᠡ ᠵᠢ ᠳᠠᠭᠤᠯᠠᠨ᠂ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠪᠦᠯᠬᠦᠮᠳᠡᠨ ᠲᠡᠮᠡᠴᠡᠵᠦ᠍᠂ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠢᠯᠡᠷᠡᠭᠦᠯᠵᠦ᠍᠂ ᠦᠪᠡᠷᠮᠢᠴᠡ ᠤᠶᠠᠩᠭ᠎ᠠ ᠲᠦᠷᠢᠯᠭᠡ ᠪᠡᠷ ᠢ᠋ᠶ᠋ᠡᠨ ᠤᠯᠠᠨ ᠤ᠋ ᠠᠩᠬᠠᠷᠤᠯ ᠢ᠋ ᠳᠠᠳᠠᠵᠠᠢ᠃ ᠲᠣᠰ ᠤᠳᠠᠭ᠎ᠠ ᠵᠢᠨ ᠤᠷᠤᠯᠳᠤᠭᠠᠨ ᠢ᠋ ᠤᠯᠤᠰ ᠤ᠋ᠨ ᠣᠯᠠᠨ ᠨᠡᠢᠲᠡ ᠶ᠋ᠢᠨ ᠰᠣᠶᠣᠯ ᠤ᠋ᠨ ᠰᠦᠯᠵᠢᠶᠡᠨ ᠳᠠᠪᠴᠠᠩ᠂ ᠱᠠᠨ ᠰᠢ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠰᠦᠯᠵᠢᠶᠡᠨ ᠳᠠᠪᠴᠠᠩ ᠢ᠋ᠶ᠋ᠠᠷ ᠱᠢᠭᠤᠳ ᠨᠡᠪᠲᠡᠷᠡᠭᠦᠯᠵᠦ᠍᠂ ᠰᠦᠯᠵᠢᠶᠡᠨ ᠳᠡᠭᠡᠷ᠎ᠡ ᠦᠵᠡᠭ᠌ᠰᠡᠨ ᠬᠥᠮᠦᠨ ᠤ᠋ ᠲᠣᠭ᠎ᠠ 43.2 ᠲᠦᠮᠡ ᠳ᠋ᠦ ᠬᠦᠷᠴᠦ᠍᠂ ᠲᠠᠯ᠎ᠠ ᠨᠤᠲᠤᠭ ᠤ᠋ᠨ ᠬᠥᠮᠦᠰ ᠤ᠋ᠨ ᠤᠶᠠᠩᠭᠠᠳᠦ ᠳᠠᠭᠤᠤ ᠭᠠᠵᠠᠷ ᠣᠷᠣᠨ ᠤ᠋ ᠵᠠᠭᠠᠭ ᠬᠢᠵᠠᠭᠠᠷ ᠢ᠋ ᠳᠠᠪᠠᠨ᠂ ᠪᠥᠬᠥ᠌ ᠤᠯᠤᠰ ᠤ᠋ᠨ ᠦᠵᠡᠭ᠌ᠴᠢᠳ ᠲᠦ᠍ ᠥᠪᠥᠷ ᠮᠣᠩᠭᠣᠯ ᠤ᠋ᠨ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠢ᠋ ᠮᠡᠳᠡᠷᠡᠭᠦᠯᠪᠡ᠃
ᠲᠤᠰ ᠤᠷᠤᠯᠳᠤᠭᠠᠨ ᠳ᠋ᠤ 《ᠬᠦᠷᠡᠩ ᠲᠤᠯᠤᠭᠠᠢ ᠶ᠋ᠢᠨ ᠰᠡᠭᠦᠳᠡᠷ》 ᠳᠠᠭᠤᠤ ᠰᠢᠯᠢᠳᠡᠭ ᠬᠢᠷᠢ ᠪᠦᠳᠦᠮᠵᠢ ᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠣᠷᠳᠣᠨ ᠤ᠋ ᠣᠯᠠᠨ ᠲᠦᠮᠡᠨᠴᠢ ᠰᠣᠶᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠭ᠍ᠰᠠᠨ ᠠᠮᠢᠳᠤᠯᠢᠭ ᠦᠶ᠋ᠯᠡᠳᠦᠯᠭᠡ ᠪᠤᠯᠤᠨ᠎ᠠ᠃ ᠤᠢᠯᠠᠭᠠᠭᠰᠠᠨ ᠵᠢᠡᠷ᠂ ᠣᠢᠷ᠎ᠠ ᠶ᠋ᠢᠨ ᠵᠢᠯ ᠳ᠋ᠤ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠣᠷᠳᠣᠨ ᠦᠨᠳᠦᠰᠦᠲᠡᠨ ᠤ᠋ ᠪᠠ ᠠᠷᠠᠳ ᠤ᠋ᠨ ᠱᠢᠯᠢᠳᠡᠭ ᠤᠷᠠᠯᠢᠭ ᠢ᠋ ᠤᠯᠠᠮᠵᠢᠯᠠᠨ ᠪᠠᠳᠠᠷᠠᠭᠤᠯᠬᠤ ᠪᠠᠷ ᠡᠭᠦᠷᠭᠡ ᠪᠡᠨ ᠪᠣᠯᠭᠠᠵᠤ᠂ ᠣᠨᠴᠠᠯᠢᠭᠳᠦ ᠣᠯᠠᠨ ᠲᠦᠮᠡᠨᠴᠢ ᠰᠣᠶᠣᠯ ᠤ᠋ᠨ ᠲᠥᠷᠥᠯ ᠲᠡᠮᠳᠡᠭ᠌ ᠢ᠋ ᠴᠤᠭᠴᠠᠯᠠᠨ᠂ ᠪᠥᠬᠥ᠌ ᠤᠯᠤᠰ ᠤ᠋ᠨ ᠴᠢᠨᠠᠷᠲᠠᠶ ᠰᠣᠶᠣᠯ ᠤ᠋ᠨ ᠰᠣᠯᠢᠯᠴᠠᠭᠠᠨ ᠤ᠋ ᠲᠠᠪᠴᠠᠩ ᠢ᠋ ᠢᠳᠡᠪᠬᠢᠲᠡᠶ ᠪᠠᠢᠭᠤᠯᠵᠤ᠂ ᠡᠯ᠎ᠡ ᠲᠥᠷᠥᠯ ᠤ᠋ᠨ ᠥᠨᠳᠥᠷ ᠲᠦᠪᠱᠢᠨ ᠪᠥᠬᠥᠶ ᠤᠷᠤᠯᠳᠤᠭᠠᠨ ᠤ᠋ ᠠᠵᠢᠯᠯᠠᠭ᠎ᠠ ᠵᠢ ᠪᠠᠢᠩᠭᠤ ᠵᠣᠬᠢᠶᠠᠨ ᠪᠠᠢᠭᠤᠯᠵᠤ᠂ ᠣᠯᠠᠨ ᠲᠦᠮᠡᠨᠴᠢ ᠰᠣᠶᠣᠯ ᠤ᠋ᠨ ᠠᠵᠢᠯ ᠤ᠋ᠨ ᠲᠣᠭ᠍ᠲᠠᠴᠠ ᠵᠢ ᠲᠠᠰᠤᠷᠠᠯᠲᠠ ᠥᠬᠡᠶ ᠪᠦᠷᠢᠨᠱᠢᠭᠦᠯᠪᠡ᠃