《 ᠵᠡᠭᠦᠨᠭᠠᠷ᠎ᠤᠨ ᠮᠤᠨᠭᠭᠤᠯ ᠠᠮᠤ 》 ᠵᠢᠨ ᠠᠩᠬᠢᠯᠤᠮ᠎ᠠ ᠦᠨᠤᠷ ᠲᠦᠮᠡᠨ ᠭᠠᠵᠠᠷ ᠲᠸ᠋ ᠬᠠᠨᠭᠬᠤᠯᠤᠨ᠎ᠠ
2025-12-21 11:57:00
ᠵᠣᠬᠢᠶᠠᠭ᠍ᠴᠢ᠄
ᠮᠤᠤ ᠺᠠᠶ ᠶᠠᠨ ᠾᠧ ᠷᠦᠨ ᠸᠠᠩ ᠯᠢ ᠮᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 3 ᠤ᠋ ᠡᠳᠦᠷ ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠢ ᠳ᠋ᠦᠩ ᠲᠣᠮᠣ ᠪᠠᠭᠤᠳᠠᠯ᠎ᠳᠤ᠂ ᠨᠢᠭᠡᠨ ᠣᠨᠴᠠᠭᠠᠶ ᠱᠢᠯᠭᠠᠨ ᠦᠨᠡᠯᠡᠬᠦ ᠬᠤᠷᠠᠯ ᠳᠡᠭᠡᠷ᠎ᠡ᠂ ᠲᠤᠰᠭᠠᠶ ᠮᠡᠷᠭᠡᠵᠢᠯᠲᠡᠳ ᠬᠠᠯᠠᠭᠤᠨ ᠠᠭᠤᠷ ᠰᠠᠪᠰᠠᠭᠤᠯᠵᠤ ᠪᠠᠢᠭ᠎ᠠ ᠱᠢᠷ᠎ᠠ  ᠪᠤᠳᠠᠭ᠎ᠠ᠎ᠶ᠋ᠢ ᠠᠮᠲᠠᠷᠬᠠᠨ ᠠᠮᠲᠠᠯᠠᠵᠤ ᠪᠠᠢᠯ᠎ᠠ᠃

ᠱᠠᠨ ᠰᠢ᠎ᠶ᠋ᠢᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠬᠠᠬᠢᠷ ᠬᠦᠶ᠋ᠲᠡᠨ ᠣᠷᠣᠨ᠎ᠤ ᠲᠠᠷᠢᠮᠠᠯ ᠰᠤᠳᠤᠯᠬᠤ ᠭᠠᠵᠠᠷ᠂ ᠪᠠᠷᠠᠭᠤᠨ ᠬᠣᠢᠲᠤ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠭᠠᠨᠰᠦ ᠮᠤᠵᠢ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠠᠷᠢᠮᠠᠯ ᠰᠤᠳᠤᠯᠬᠤ ᠭᠠᠵᠠᠷ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠱᠠᠨ ᠰᠢ ᠱᠠᠨᠰᠢ ᠭᠠᠨᠰᠦ ᠥᠪᠥᠷ ᠮᠣᠩᠭᠣᠯ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠤᠰᠭᠠᠶ ᠮᠡᠷᠭᠡᠵᠢᠯᠲᠡᠨ᠂ ᠣᠷᠳᠣᠰ ᠬᠣᠲᠠ᠎ᠶ᠋ᠢᠨ ᠬᠠᠮᠢᠶ᠎ᠠ ᠪᠥᠬᠥᠶ ᠬᠣᠱᠢᠭᠤ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠰᠠᠯᠠᠭ᠎ᠠ ᠮᠥᠴᠢᠷ᠂ ᠠᠵᠤ ᠠᠬᠤᠢᠯᠠᠯ ᠵᠢᠴᠢ ᠲᠠᠷᠢᠮᠠᠯ᠎ᠤᠨ ᠲᠣᠮᠣ ᠡᠷᠦᠬᠡ᠎ᠶ᠋ᠢᠨ ᠲᠥᠯᠥᠭᠡᠯᠡᠭ᠌ᠴᠢᠳ ᠨᠢᠭᠡ ᠦᠷᠦᠬᠡᠨ᠎ᠡ ᠴᠤᠭ᠍ᠯᠠᠷᠠᠵᠤ᠂ 《ᠣᠷᠳᠣᠰ᠎ᠤᠨ ᠮᠣᠩᠭᠣᠯ ᠠᠮᠤ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ ᠵᠢᠴᠢ ᠱᠢᠷ᠎ᠠ ᠠᠮᠤ᠎ᠶ᠋ᠢᠨ ᠲᠣᠬᠢᠷᠠᠮᠵᠢᠲᠠᠶ ᠴᠢᠨᠠᠷ᠎ᠢ ᠰᠢᠯᠭᠠᠨ ᠦᠨᠡᠯᠡᠬᠦ᠌ ᠬᠤᠷᠠᠯ》ᠳᠡᠭᠡᠷ᠎ᠡ᠂ ᠣᠯᠠᠨ᠎ᠢᠶᠠᠷ᠎ᠢᠶᠠᠨ ᠠᠮᠳᠠᠯᠠᠨ ᠵᠤᠭᠤᠭᠯᠠᠵᠤ᠂ ᠴᠢᠨᠠᠷ ᠰᠠᠢᠲᠠᠶ ᠮᠣᠩᠭᠣᠯ ᠠᠮᠤ᠎ᠳᠤ ᠨᠠᠷᠢᠨ ᠬᠢᠨᠠᠮᠠᠭᠠᠶ ᠬᠤᠪᠢ ᠥᠭ᠌ᠪᠡ᠃

ᠲᠣᠰ ᠤᠳᠠᠭᠠᠨ᠎ᠤ ᠱᠢᠯᠭᠠᠨ ᠪᠠᠢᠴᠠᠭᠠᠯᠲᠠ ᠪᠣᠯ ᠣᠷᠳᠣᠰ᠎ᠤᠨ ᠴᠢᠨᠠᠷ ᠰᠠᠢᠲᠠᠶ ᠮᠤᠨᠭᠭᠤᠯ ᠠᠮᠤ ᠵᠢᠨ ᠲᠥᠷᠥᠯ ᠵᠦᠶ᠋ᠯ᠎ᠦᠨ ᠨᠢᠭᠡ ᠤᠳᠠᠭᠠᠨ᠎ᠤ ᠲᠥᠪᠯᠡᠷᠡᠩᠭᠦᠶ ᠦᠵᠡᠭᠦᠯᠭᠡ ᠪᠣᠯᠤᠨ᠎ᠠ᠃ ᠱᠢᠯᠭᠠᠷᠠᠭᠤᠯᠤᠯᠲᠠ᠎ᠳᠤ ᠣᠷᠣᠯᠴᠠᠭ᠍ᠰᠠᠨ 23 ᠮᠣᠩᠭᠣᠯ ᠠᠮᠤ᠎ᠶ᠋ᠢᠨ ᠡᠭᠦᠯᠳᠡᠷ(ᠡᠬᠦᠯᠳᠡᠷ᠎ᠦᠨ ᠰᠢᠰᠲᠧᠮ)ᠢ᠋ ᠪᠦᠬᠦᠨ᠎ᠢ ᠣᠷᠳᠣᠰ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠡᠴᠡ ᠰᠣᠩᠭᠣᠨ ᠪᠣᠢᠵᠢᠭᠤᠯᠵᠤ ᠬᠠᠩᠭᠠᠪᠠ᠂ ᠡᠭᠦᠨ᠎ᠳᠦ 15 ᠲᠤᠲᠤᠷᠭ᠎ᠠ᠎ᠶ᠋ᠢᠨ ᠴᠢᠨᠠᠷᠲᠠᠶ ᠡᠭᠦᠯᠳᠡᠷ (ᠡᠬᠦᠯᠳᠡᠷ᠎ᠦᠨ ᠰᠢᠰᠲᠧᠮ) ᠪᠠ 8 ᠱᠢᠯᠦᠬᠡᠶ᠎ᠶ᠋ᠢᠨ ᠴᠢᠨᠠᠷᠲᠠᠶ ᠡᠭᠦᠯᠳᠡᠷ (ᠡᠬᠦᠯᠳᠡᠷ᠎ᠦᠨ ᠰᠢᠰᠲᠧᠮ) ᠪᠠᠭ᠍ᠲᠠᠨ᠎ᠠ᠃ ᠲᠥᠪ ᠭᠤᠤᠯᠴᠢ ᠪᠠᠢᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠪᠦᠬᠦ ᠥᠯᠢᠭᠡᠷ ᠡᠳ᠋᠎ᠢ ᠴᠥᠮ ᠵᠡᠭᠦᠨᠭᠠᠷ ᠬᠣᠱᠢᠭᠤᠨ᠎ᠤ ᠨᠠ ᠯᠢᠨ ᠵᠢᠮᠢᠰ᠎ᠦᠨ ᠬᠦᠷᠢᠶᠡᠯᠡᠩ᠎ᠦᠨ ᠠᠳᠠᠯᠢ ᠨᠢᠭᠡᠨ ᠲᠤᠷᠱᠢᠯᠲᠠ᠎ᠶ᠋ᠢᠨ ᠰᠠᠭᠤᠷᠢᠨ ᠡᠴᠠ ᠦᠶ᠋ᠯᠡᠳᠪᠦᠷᠢᠯᠡᠵᠦ᠍᠂ ᠥᠰᠥᠯᠲᠡ᠎ᠶ᠋ᠢᠨ ᠣᠷᠴᠢᠨ ᠲᠣᠭᠣᠷᠢᠨ ᠪᠠ ᠬᠠᠮᠢᠶᠠᠷᠤᠯᠲᠠ᠎ᠶ᠋ᠢᠨ ᠨᠥᠬᠥᠴᠡᠯ ᠨᠢ ᠨᠢᠭᠡᠳᠦᠯᠲᠡᠶ  ᠪᠤᠯᠭᠠᠵᠠᠢ ᠃

ᠣᠯᠠᠨ ᠡᠭᠡᠯᠵᠢ ᠵᠢᠨ ᠰᠢᠯᠭᠠᠷᠠᠭᠤᠯᠤᠯᠳᠠ ᠪᠡᠷ ᠲᠠᠮᠵᠢᠨ᠂ ᠡᠴᠦᠰ᠎ᠦᠨ ᠳ᠋ᠦᠩ᠎ᠳᠦ ᠲᠣᠳᠣᠷᠠᠭᠤᠯᠤᠭ᠍ᠰᠠᠨ ᠨᠢ᠄ ᠲᠤᠲᠤᠷᠭ᠎ᠠ᠎ᠶ᠋ᠢᠨ ᠴᠢᠨᠠᠷᠲᠠᠶ ᠡᠭᠦᠯᠳᠡᠷ᠎ᠡᠴᠡ ᠡᠮᠦᠨ᠎ᠡ ᠭᠤᠷᠪᠠ᠎ᠳᠤ ᠤᠷᠳᠤᠰ ᠮᠤᠨᠭᠭᠤᠯ ᠠᠮᠤ 16 ᠨᠤᠮᠧᠷᠳᠤ᠂ ᠤᠷᠳᠤᠰ ᠮᠤᠨᠭᠭᠤᠯ ᠠᠮᠤ 13 ᠨᠤᠮᠧᠷᠳᠤ᠂ ᠤᠷᠳᠤᠰ JM-138 ᠱᠢᠯᠦᠬᠡᠶ ᠵᠢᠨ ᠴᠢᠨᠠᠷᠳᠠᠢ ᠡᠭᠦᠯᠳᠡᠷ᠎ᠦᠨ ᠡᠮᠦᠨ᠎ᠡ ᠭᠤᠷᠪᠠ᠎ᠳᠤ ᠤᠷᠳᠤᠰ NM-56᠂ ᠤᠷᠳᠤᠰ ᠰᠢᠯᠦᠭᠡᠢ 11 ᠨᠤᠮᠧᠷᠳᠤ᠂ ᠦᠪᠦᠷ ᠮᠤᠨᠭᠭᠤᠯ ᠠᠮᠤ 7 ᠨᠤᠮᠧᠷᠳᠤ ᠲᠤᠳᠤᠷᠠᠪᠠ᠃

ᠰᠢᠯᠭᠠᠷᠠᠭᠤᠯᠤᠯᠳᠠ ᠨᠢ  ᠪᠤᠳᠠᠭᠠᠨ᠎ᠤ ᠦᠨᠦᠷ ᠠᠮᠲᠠ᠎ᠶ᠋ᠢ ᠠᠮᠲᠠᠯᠠᠬᠤ᠎ᠪᠠᠷ ᠪᠠᠷᠠᠬᠤ ᠦᠭᠡᠢ᠂ ᠨᠡᠩ ᠴᠸ᠋ ᠲᠥᠷᠥᠯ ᠵᠦᠶ᠋ᠯ᠎ᠦᠨ ᠵᠠᠬ᠎ᠠ ᠳᠡᠯᠭᠡᠭᠦᠷ᠎ᠦᠨ ᠳᠠᠯᠳᠠ ᠬᠦᠴᠦᠨ ᠪᠠ ᠠᠵᠤ ᠦᠶ᠋ᠯᠡᠰ᠎ᠦᠨ ᠥᠷᠲᠡᠭ᠎ᠢ ᠪᠤᠳᠤᠯᠬᠢᠯᠠᠨ᠎ᠠ᠃ ᠲᠤᠬᠠᠶ᠎ᠶ᠋ᠢᠨ ᠲᠠᠯᠠᠪᠠᠶ᠎ᠳᠤ ᠪᠠᠰᠠ ᠴᠢᠨᠠᠷ ᠰᠠᠢᠲᠠᠶ ᠠᠮᠤ᠎ᠪᠠᠷ ᠬᠢᠭ᠌ᠰᠡᠨ ᠪᠣᠭᠣᠷᠰᠣᠭ᠂  ᠭᠤᠯᠢᠷ ᠢᠳᠡᠭᠡᠨ᠂ ᠳᠠᠷᠠᠰᠤ ᠵᠡᠷᠭᠡ ᠤᠯᠠᠮᠵᠢᠯᠠᠯᠲᠤ ᠢᠳᠡᠭᠡᠨ᠎ᠢ ᠳᠡᠯᠭᠡᠨ ᠦᠵᠡᠭᠦᠯᠵᠦ᠍᠂ ᠨᠢᠭᠡ ᠮᠥᠬᠥᠯᠢᠭ ᠠᠮᠤ᠎ᠠᠴᠠ ᠣᠯᠠᠨ ᠶᠠᠩᠵᠤ᠎ᠶ᠋ᠢᠨ ᠢᠳᠡᠭᠡᠨ ᠳᠠᠢᠰᠢ ᠤᠨᠳᠤᠷᠤᠭᠰᠠᠨ ᠰᠠᠷᠠᠭᠤᠯ ᠢᠷᠡᠭᠡᠳᠦᠶ᠎ᠶ᠋ᠢ ᠬᠠᠷᠠᠭᠤᠯᠪᠠ᠃

ᠱᠢᠯᠢᠳᠡᠭ ᠠᠮᠤ ᠨᠢ ᠱᠢᠯᠢᠳᠡᠭ ᠡᠭᠦᠯᠳᠡᠷ᠎ᠡᠴᠡ ᠢᠷᠡᠯᠲᠡ᠎ᠲᠡᠶ᠂ ᠡᠭᠦᠨ᠎ᠦ ᠠᠷᠤ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠦᠨ ᠬᠡᠳᠦᠨ ᠠᠷᠪᠠᠨ ᠵᠢᠯ᠎ᠦᠨ ᠱᠢᠷᠭᠠᠭᠤ ᠬᠠᠲᠠᠭᠤᠵᠢᠯᠲᠠᠶ ᠬᠦᠴᠦ ᠬᠦᠳᠡᠯᠮᠤᠷᠢ ᠪᠤᠢ᠃ ᠣᠷᠳᠣᠰ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠮᠣᠩᠭᠣᠯ ᠠᠮᠤ᠎ᠶ᠋ᠢᠨ ᠦᠷ᠎ᠡ ᠪᠣᠢᠵᠢᠭᠤᠯᠬᠤ ᠠᠵᠢᠯ 1960 ᠣᠨ᠎ᠠᠴᠠ ᠡᠬᠢᠯᠡᠪᠡ᠃ 65 ᠵᠢᠯ᠎ᠦᠨ ᠲᠤᠷᠰᠢ᠂ ᠲᠣᠰ ᠬᠦᠷᠢᠶᠡᠯᠡᠩ᠎ᠨᠢ ᠨᠡᠢᠲᠡ 26 ᠮᠣᠩᠭᠣᠯ ᠠᠮᠤ᠎ᠶ᠋ᠢᠨ ᠱᠢᠨ᠎ᠡ ᠡᠭᠦᠯᠳᠡᠷ᠎ᠢ ᠪᠣᠢᠵᠢᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠳᠦ ᠪᠠᠲᠤ ᠪᠠᠬᠢ ᠦᠷ᠎ᠡ᠎ᠶ᠋ᠢᠨ ᠢᠷᠡᠯᠲᠡ᠎ᠶ᠋ᠢᠨ ᠰᠠᠭᠤᠷᠢ᠎ᠶ᠋ᠢ ᠲᠠᠯᠪᠢᠵᠤ ᠥᠭ᠌ᠴᠡᠶ᠃

《ᠣᠢᠷ᠎ᠠ᠎ᠶ᠋ᠢᠨ ᠲᠠᠪᠤᠨ ᠵᠢᠯ᠎ᠳᠦ᠂ ᠮᠠᠨ᠎ᠤ ᠪᠦᠯᠬᠦᠮ᠎ᠦᠨ ᠬᠢᠨ 7 ᠱᠢᠨ᠎ᠡ ᠡᠭᠦᠯᠳᠡᠷ᠎ᠢ ᠰᠣᠩᠭᠣᠨ ᠪᠣᠢᠵᠢᠭᠤᠯᠵᠤ᠂ ᠡᠭᠦᠨ᠎ᠳᠦ 2023 ᠣᠨ᠎ᠤ ᠪᠥᠬᠥ᠌ ᠤᠯᠤᠰ᠎ᠤᠨ ᠱᠢᠷ᠎ᠠ ᠠᠮᠤ ᠎ᠶ᠋ᠢᠨ ᠦᠶ᠋ᠯᠡᠳᠬᠦᠨ᠎ᠦ ᠱᠢᠯᠭᠠᠨ ᠦᠨᠡᠯᠡᠬᠦ ᠬᠤᠷᠠᠯ ᠳᠡᠭᠡᠷ᠎ᠡ 5 ᠨᠢ ᠴᠢᠨᠠᠷ ᠰᠠᠢᠲᠠᠶ ᠱᠢᠷ᠎ᠠ ᠠᠮᠤ ᠎ᠪᠠᠷ ᠦᠨᠡᠯᠡᠭ᠌ᠳᠡᠪᠡ》 ᠭᠡᠵᠦ᠍ ᠲᠣᠰ ᠬᠦᠷᠢᠶᠡᠯᠡᠩ᠎ᠦᠨ ᠮᠣᠩᠭᠣᠯ ᠠᠮᠤ᠎ᠶ᠋ᠢᠨ ᠦᠷ᠎ᠡ ᠪᠣᠢᠵᠢᠭᠤᠯᠬᠤ ᠮᠡᠷᠭᠡᠵᠢᠯᠲᠡᠨ ᠭᠤᠤ ᡁᠢ ᠵᠢᠶᠦ᠋ᠨ ᠲᠠᠨᠢᠯᠴᠠᠭᠤᠯᠪᠠ᠃

ᠱᠠᠭ᠍ᠳᠠᠷ ᠪᠠᠯᠭᠠᠰᠤᠨ᠎ᠳᠤ ᠪᠠᠢᠷᠢᠯᠠᠭ᠎ᠠ 《ᠥᠪᠥᠷ ᠮᠣᠩᠭᠣᠯ᠎ᠤᠨ ᠵᠡᠭᠦᠨᠭᠠᠷ᠎ᠤᠨ ᠬᠣᠯᠢᠮᠠᠭ ᠠᠮᠤ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ》 ᠢ᠋ ᠪᠠᠷᠠᠭᠤᠨ ᠬᠣᠢᠲᠤ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ ᠬᠣᠱᠢᠭᠤᠨ᠎ᠤ ᠬᠠᠮᠢᠶ᠎ᠠ ᠪᠥᠬᠥᠶ ᠨᠢᠭᠡᠴᠢ ᠬᠢᠭᠡᠳ ᠠᠵᠤ ᠠᠬᠤᠢᠯᠠᠯ᠎ᠲᠠᠶ ᠬᠠᠮᠲᠤᠷᠠᠨ ᠪᠠᠢᠭᠤᠯᠵᠤ᠂ ᠬᠠᠭᠤᠷᠤᠭ᠍ᠰᠠᠨ ᠠᠮᠤ ᠡᠳ᠋ᠰᠢᠬᠦᠯᠬᠦ᠎ᠳᠤ ᠳᠣᠭᠢᠷᠠᠬᠤ ᠲᠤᠰᠭᠠᠶ ᠬᠡᠷᠡᠭᠯᠡᠭᠡᠨ᠎ᠤ ᠲᠥᠷᠥᠯ ᠵᠦᠶ᠋ᠯ᠎ᠢ ᠰᠤᠨᠭᠭᠤᠨ ᠪᠤᠢᠵᠢᠭᠤᠯᠬᠤ᠂ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠬᠤᠵᠢᠷ᠎ᠲᠤ ᠲᠡᠰᠪᠦᠷᠢᠲᠡᠶ ᠪᠠᠢᠬᠤ ᠵᠡᠷᠭᠡ ᠳᠠᠷᠢᠵᠤ ᠪᠣᠢᠵᠢᠭᠤᠯᠬᠤ ᠮᠡᠷᠭᠡᠵᠢᠯ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠪᠠᠷᠠᠭᠤᠨ ᠬᠣᠢᠲᠤ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠎ᠦ ᠪᠦᠯᠬᠦᠮ ᠣᠷᠳᠣ ᠬᠤᠭᠤᠴᠠᠭ᠎ᠠ᠎ᠪᠠᠷ ᠲᠣᠰ ᠭᠠᠵᠠᠷ᠎ᠲᠤ ᠠᠵᠢᠯ ᠥᠷᠨᠢᠭᠦᠯᠵᠦ᠍᠂ ᠲᠡᠷᠢᠭᠦᠨ᠎ᠦ ᠡᠭᠦᠯᠳᠡᠷ᠎ᠦᠨ ᠡᠬᠢ ᠪᠠᠶᠠᠯᠢᠭ ᠪᠣᠯᠤᠨ ᠲᠠᠷᠢᠮᠠᠯ᠎ᠤᠨ ᠣᠢᠯᠠᠭᠠᠭ᠍ᠳᠠᠬᠤᠨ᠎ᠢ ᠪᠤᠢ ᠪᠤᠯᠭᠠᠵᠤ᠂ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠪᠠ᠃

ᠵᠢᠶ ᠱᠢᠶᠠᠩ ᠲᠠᠷᠢᠶᠠᠯᠠᠩ ᠮᠠᠯ ᠠᠵᠤ ᠠᠬᠤᠶ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ᠂ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠸᠧᠶ ᠱᠢᠶᠦ᠋ᠩ ᠲᠡᠳᠡᠨ᠎ᠦ ᠦᠶ᠋ᠯᠡᠳᠦᠯᠭᠡ᠎ᠪᠡᠨ ᠲᠠᠨᠢᠯᠴᠠᠭᠤᠯᠪᠠ᠄ 《ᠮᠠᠨ᠎ᠤ ᠱᠠᠭ᠍ᠳᠠᠷ ᠪᠠᠯᠭᠠᠰᠤ ᠭᠤᠤᠯᠳᠠᠭᠤ 〈ᠤᠷᠳᠤᠰ ᠮᠤᠨᠭᠭᠤᠯ ᠠᠮᠤ 5 ᠨᠤᠮᠧᠷᠳᠤ〉 ᠪᠣᠯᠤᠨ 〈ᠤᠷᠳᠤᠰ ᠮᠤᠨᠭᠭᠤᠯ ᠠᠮᠤ 11 ᠨᠤᠮᠧᠷᠳᠤ〉 ᠵᠡᠷᠭᠡ ᠱᠢᠯᠢᠳᠡᠭ ᠰᠠᠢᠨ ᠡᠭᠦᠯᠳᠡᠷ᠎ᠢ ᠳᠡᠯᠭᠡᠷᠡᠭᠦᠯᠵᠦ᠍᠂ ᠵᠠᠬ᠎ᠠ ᠳᠡᠯᠭᠡᠭᠦᠷ᠎ᠦᠨ ᠬᠠᠷᠢᠭᠤ ᠲᠤᠰᠭᠠᠯ ᠮᠠᠰᠢ ᠰᠠᠢᠨ ᠪᠠᠢᠵᠤ᠂ ᠵᠦᠪᠭᠡᠨ ᠮᠤᠨᠭᠭᠤᠯ ᠠᠮᠤ ᠡᠨᠡ ᠬᠦ᠌ ᠲᠥᠷᠥᠯ ᠵᠦᠶ᠋ᠯ ᠨᠢ ᠱᠠᠭ᠍ᠳᠠᠷ ᠪᠠᠯᠭᠠᠰᠤᠨ᠎ᠤ ᠡᠷᠬᠢᠨ ᠲᠣᠭᠣᠷᠢᠨ᠎ᠤ 13 ᠲᠣᠰᠭᠣᠨ᠂ 2600 ᠭᠠᠷᠤᠶ ᠲᠠᠷᠢᠶᠠᠴᠢᠨ ᠡᠷᠦᠬᠡ᠎ᠶ᠋ᠢ ᠳᠠᠢᠴᠢᠯᠠᠭ᠍ᠰᠠᠨ ᠪᠠᠢᠨ᠎ᠠ》᠃ ᠠᠵᠤ ᠠᠬᠤᠢᠯᠠᠯ ᠨᠢ 《ᠠᠵᠤ ᠠᠬᠤᠢᠯᠠᠯ + ᠨᠠᠮ᠎ᠤᠨ ᠡᠭᠦᠷ + ᠬᠣᠷᠱᠢᠶ᠎ᠠ + ᠲᠠᠷᠢᠶᠠᠴᠢᠨ ᠡᠷᠦᠬᠡ》 ᠶ᠋ᠢᠨ ᠵᠠᠭ᠍ᠪᠤᠷ᠎ᠢᠶᠠᠷ ᠳᠠᠮᠵᠢᠨ᠂ 《ᠵᠢᠶ ᠱᠢᠶᠠᠩ》 ᠲᠦᠷᠦᠯ ᠲᠡᠮᠳᠡᠭ᠌᠎ᠢ ᠡᠬᠦᠳᠴᠤ᠂ ᠲᠠᠷᠢᠶᠠᠴᠢᠳ᠎ᠲᠠᠶ ᠬᠣᠯᠪᠣᠭᠠᠯᠠᠨ ᠲᠠᠷᠢᠶᠠᠴᠢᠳ᠎ᠢ ᠳᠠᠢᠴᠢᠯᠠᠬᠤ ᠪᠦᠲᠦᠮᠵᠢᠲᠡᠶ ᠲᠣᠭ᠍ᠲᠠᠴᠠ᠎ᠶ᠋ᠢ ᠪᠦᠷᠢᠯᠳᠦᠭᠦᠯᠪᠡ᠃

ᠡᠭᠦᠯᠳᠡᠷ ᠰᠠᠢᠵᠢᠷᠠᠭᠤᠯᠬᠤ ᠪᠠ ᠲᠠᠷᠢᠶᠠᠨ ᠭᠠᠵᠠᠷ᠎ᠤᠨ ᠥᠭᠡᠷᠡᠴᠢᠯᠡᠯᠲᠡ ᠬᠠᠷᠢᠯᠴᠠᠨ ᠨᠥᠬᠥᠴᠡᠯᠳᠦᠵᠦ᠍᠂ ᠭᠠᠷᠤᠯᠲᠠ᠎ᠶ᠋ᠢᠨ ᠦᠷ᠎ᠡ ᠠᠱᠢᠭ᠎ᠢ ᠬᠠᠮᠲᠤ᠎ᠪᠠᠷ ᠳᠡᠭᠡᠭ᠌ᠰᠢᠯᠡᠭᠦᠯᠪᠡ᠃ 《ᠥᠩᠭᠡᠷᠡᠭ᠌ᠰᠡᠨ᠎ᠳᠦ ᠮᠣᠩᠭᠣᠯ ᠠᠮᠤ᠎ᠶ᠋ᠢᠨ ᠮᠦ᠍ ᠪᠦᠷᠢ᠎ᠶ᠋ᠢᠨ ᠤᠨᠠᠯᠲᠠ ᠪᠠᠷᠤᠭ 180 ᠵᠢᠩ ᠪᠠᠢᠵᠤ᠂ ᠤᠳᠤ ᠰᠠᠢ᠌ᠨ ᠡᠭᠦᠯᠳᠡᠷ ᠲᠠᠷᠢᠬᠤ᠎ᠪᠠᠷ ᠲᠠᠮᠵᠢᠨ᠂ ᠮᠦ᠍ ᠪᠦᠷᠢ᠎ᠶ᠋ᠢᠨ ᠤᠨᠠᠯᠲᠠ 350 ᠵᠢᠩ᠎ᠡᠴᠡ 400 ᠵᠢᠩ ᠪᠣᠯᠤᠨ ᠳᠡᠭᠡᠭ᠌ᠰᠢᠯᠡᠵᠦ᠍᠂ ᠶᠠᠰᠤ ᠴᠢᠨᠠᠷ ᠨᠢ ᠴᠦ᠍ ᠢᠯᠡᠳᠲᠡ ᠳᠡᠭᠡᠭ᠌ᠰᠢᠯᠡᠪᠡ》 ᠭᠡᠵᠦ᠍ ᠶᠠᠩ ᠸᠧᠢ ᠱᠢᠶᠦ᠋ᠩ ᠬᠡᠯᠡᠪᠡ᠃

ᠲᠠᠷᠢᠮᠠᠯ᠎ᠤᠨ ᠡᠷᠦᠬᠡ᠎ᠶ᠋ᠢᠨ ᠤᠯᠤᠯᠳᠠ ᠲᠥᠷᠥᠭ᠌ᠳᠡᠯ ᠬᠠᠮᠤᠭ᠎ᠦᠨ ᠦᠨᠡᠨ ᠪᠣᠳᠠᠲᠠᠶ ᠪᠠᠢᠳᠠᠭ᠃ ᠱᠠᠭ᠍ᠳᠠᠷ ᠪᠠᠯᠭᠠᠰᠤᠨ᠎ᠤ ᠪᠦᠷᠢᠳᠦ᠍᠎ᠶ᠋ᠢᠨ ᠭᠤᠤᠯ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠠᠷᠢᠮᠠᠯ᠎ᠤᠨ ᠲᠣᠮᠣ ᠡᠷᠦᠬᠡ ᠶᠠᠩ ᠳ᠋ᠠ ᠬᠠᠶ᠄ 《ᠮᠠᠨ᠎ᠤ ᠲᠣᠰᠭᠣᠨ ᠬᠠᠮᠲᠤ᠎ᠪᠠᠷ ᠳᠠᠷᠢᠭ᠍ᠰᠠᠨ ᠨᠢ 〈ᠤᠷᠳᠤᠰ ᠮᠤᠨᠭᠭᠤᠯ ᠠᠮᠤ 5 ᠨᠣᠮᠧᠷᠳᠤ〉 ᠪᠣᠯᠤᠨ᠎ᠠ᠂ ᠭᠠᠷᠤᠯᠲᠠ ᠨᠢ ᠥᠨᠳᠥᠷ᠂ ᠠᠮᠲᠠ ᠨᠢ ᠰᠠᠢᠨ᠃ ᠡᠨᠡ ᠵᠢᠯ ᠮᠦ᠍ ᠪᠦᠷᠢ᠎ᠡᠴᠡ 500 ᠵᠢᠩ ᠣᠷᠴᠢᠮ ᠬᠤᠷᠢᠶᠠᠵᠤ᠂ ᠬᠠᠭᠤᠴᠢᠨ ᠡᠭᠦᠯᠳᠡᠷ᠎ᠡᠴᠡ 100 ᠵᠢᠩ᠎ᠡᠴᠡ 200 ᠵᠢᠩ ᠢᠯᠡᠭᠦᠦ ᠬᠤᠷᠢᠶᠠᠪᠠ》 ᠬᠡᠵᠤ ᠲᠠᠨᠢᠯᠴᠠᠭᠤᠯᠪᠠ᠃

《ᠵᠡᠭᠦᠨᠭᠠᠷ᠎ᠤᠨ ᠮᠤᠨᠭᠭᠤᠯ ᠠᠮᠤ》 ᠶ᠋ᠢ ᠨᠢᠭᠡᠨᠲᠡ ᠤᠯᠤᠰ᠎ᠤᠨ ᠭᠠᠵᠠᠷ ᠵᠦᠶ᠎ᠶ᠋ᠢᠨ ᠢᠯᠡᠷᠭᠡᠢᠯᠡᠯᠳᠤ ᠬᠡᠷᠡᠴᠢᠯᠡᠯ᠎ᠳᠠᠢ ᠲᠠᠸᠠᠷ᠎ᠤᠨ ᠲᠡᠮᠳᠡᠭ᠎ᠢᠶᠡᠷ ᠠᠮᠵᠢᠯᠲᠠ᠎ᠲᠠᠶ ᠳᠠᠩᠰᠠᠯᠠᠭᠤᠯᠪᠠ᠂ ᠡᠨᠡ᠎ᠨᠢ ᠲᠡᠭᠦᠨ᠎ᠦ ᠥᠪᠡᠷᠮᠢᠴᠡ ᠭᠠᠷᠤᠯᠲᠠ᠎ᠶ᠋ᠢᠨ ᠣᠷᠣᠨ ᠪᠠ ᠱᠢᠯᠢᠳᠡᠭ ᠡᠭᠦᠯᠳᠡᠷ᠎ᠤᠨ ᠠᠯᠪᠠᠨ᠎ᠤ ᠲᠠᠯ᠎ᠠ᠎ᠶ᠋ᠢᠨ ᠭᠡᠷᠡᠴᠢᠯᠡᠭᠡ ᠪᠣᠯᠬᠤ᠎ᠪᠠᠷ ᠪᠠᠷᠠᠬᠤ ᠥᠬᠡᠶ᠂ ᠪᠠᠰᠠ ᠲᠡᠭᠦᠨ᠎ᠦ ᠲᠥᠷᠥᠯ ᠲᠡᠮᠳᠡᠭ᠌ᠵᠢᠯᠳᠡ᠂ ᠠᠵᠤ ᠦᠢᠯᠡᠰᠵᠢᠯᠳᠡ ᠵᠢᠨ ᠬᠥᠭ᠌ᠵᠢᠯᠲᠡ᠎ᠳᠦ ᠪᠠᠲᠤ ᠪᠠᠬᠢ ᠰᠠᠭᠤᠷᠢ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号