ᠬᠤᠩᠱᠠᠨ ᠲᠣᠭᠤᠷᠢᠭ᠄ ᠨᠠᠷᠢᠯᠢᠭ ᠤᠨᠤᠪᠴᠢᠲᠠᠢ ᠦᠢᠯᠡᠴᠢᠯᠡᠭᠡ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ 《ᠬᠦᠴᠦᠷᠬᠡᠭ ᠬᠦᠳᠡᠯᠭᠡᠬᠦ ᠬᠦᠴᠦᠨ》 ᠢ᠋ ᠬᠦᠭᠵᠢᠭᠡᠨ᠎ᠡ
2025-12-21 12:07:39
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠡᠨᠡ ᠵᠢᠯ᠂ ᠤᠯᠠᠭᠠᠨᠬᠠᠳᠠ ᠬᠤᠳᠠ ᠵᠢᠨ ᠬᠤᠩᠱᠠᠨ ᠲᠣᠭᠣᠷᠢᠭ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠲᠠᠯ᠎ᠠ ᠪᠡᠷ ᠭᠢᠯᠠᠯᠵᠠᠮ᠎ᠠ ᠬᠢᠷᠢ ᠪᠦᠲᠦᠮᠵᠢ ᠤᠯᠵᠠᠢ᠄ ᠨᠡᠢᠲᠡ 144 ᠵᠦᠢᠯ᠎ᠦ᠋ᠨ ᠮᠡᠷᠭᠡᠵᠢᠯ᠎ᠦ᠋ᠨ ᠭᠡᠷ᠎ᠡ ᠲᠣᠭ᠍ᠲᠠᠵᠤ᠂ ᠠᠷᠠᠯᠵᠢᠶᠠᠯᠠᠭ᠍ᠰᠠᠨ ᠬᠡᠮᠵᠢᠶ᠎ᠡ ᠨᠢ 1.45 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠨᠢᠳᠤᠨᠤᠨ᠎ᠤ᠋ ᠠᠳᠠᠯᠢ ᠬᠤᠭᠤᠴᠠᠭᠠᠨ᠎ᠤ᠋ ᠬᠢ᠎ᠡᠴᠡ 119.6% ᠪᠡᠷ ᠨᠡᠮᠡᠭ᠌ᠳᠡᠪᠡ᠃ ᠡᠨᠡ ᠬᠦ᠌ ᠬᠢᠯᠠᠯᠵᠠᠮ᠎ᠠ ᠠᠮᠵᠢᠯᠳᠠ ᠪᠦᠳᠦᠮᠵᠢ ᠎ᠨᠢ  ᠬᠤᠩᠱᠠᠨ ᠲᠣᠭᠤᠷᠢᠭ ᠨᠠᠷᠢᠯᠢᠭ ᠤᠨᠤᠪᠴᠢᠲᠠᠢ ᠦᠢᠯᠡᠴᠢᠯᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠵᠦ᠂ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢᠨ ᠢᠲᠡᠭᠡᠯ ᠵᠣᠷᠢᠭ ᠢ᠋ ᠪᠠᠲᠤᠳᠭᠠᠬᠤ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠂ ᠲᠠᠪᠴᠠᠩ ᠪᠠᠢᠭᠤᠯᠬᠤ ᠵᠢᠨ ᠲᠦᠯᠦᠭᠡ ᠦᠷᠭᠦᠯᠵᠢᠯᠡᠨ ᠴᠢᠷᠮᠠᠢᠭ᠍ᠰᠠᠨ᠎ᠠᠴᠠ ᠪᠣᠯᠤᠭ᠍ᠰᠠᠨ ᠶᠤᠮ᠃

2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠢᠨᠡᠨ ᠱᠢᠯᠭᠠᠯᠲᠠ᠎ᠳᠤ ᠬᠤᠩᠱᠠᠨ ᠲᠤᠭᠤᠷᠢᠭ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠰᠠᠳ᠎ᠤᠨ ᠠᠵᠢᠯᠯᠠᠬᠤ ᠥᠷᠲᠡᠭᠡ ᠤᠯᠠᠭᠠᠨᠬᠠᠳᠠ ᠬᠤᠲᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠣᠷᠢ ᠵᠢᠨ ᠭᠠᠭ᠍ᠴᠠ ᠱᠢᠯᠢᠳᠡᠭ ᠠᠵᠢᠯᠯᠠᠬᠤ ᠥᠷᠲᠡᠭᠡ᠎ᠪᠠᠷ ᠦᠨᠡᠯᠡᠭ᠌ᠳᠡᠵᠦ᠍᠂ 3 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ ᠥᠪᠡᠷᠲᠡᠭᠡᠨ ᠵᠠᠰᠠᠬᠤ ᠣᠷᠣᠨ᠎ᠤ ᠲᠠᠰ ᠤ᠋ᠨ ᠱᠢᠯᠢᠳᠡᠭ ᠢᠷᠡᠭᠤ ᠠᠯᠳᠠᠷ᠎ᠢ ᠭᠥᠷᠳᠡᠨ᠂ ᠨᠠᠷᠢᠯᠢᠭ ᠣᠨᠣᠪᠴᠢᠲᠠᠶ ᠦᠢᠯᠡᠴᠢᠯᠡᠬᠦ᠌ 《ᠬᠤᠩᠱᠠᠨ ᠤ᠋ ᠵᠠᠭ᠍ᠪᠤᠷ 》 ᠤᠯᠠᠨ ᠳ᠋ᠦ ᠮᠡᠳᠡᠷᠡᠭᠳᠡᠭᠰᠡᠨ ᠪᠠᠢᠨ᠎ᠠ᠃

ᠬᠤᠩᠱᠠᠨ ᠲᠣᠭᠤᠷᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠵᠠᠩ ᠬᠤᠩ ᠹᠧᠩ᠄ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠦᠨ᠂ ᠴᠢᠨᠠᠷ ᠰᠠᠢᠲᠠᠢ ᠦᠢᠯᠡᠴᠢᠯᠡᠭᠡ ᠪᠣᠯ ᠳᠠᠷᠤᠢ ᠡᠨᠡ ᠬᠦ᠌ ᠬᠥᠳᠡᠯᠭᠡᠬᠦ᠌ ᠬᠦᠴᠦᠨ ᠢ᠋ ᠬᠥᠭ᠌ᠵᠢᠭᠡᠬᠦ᠌ 〈ᠠᠯᠲᠠᠨ ᠲᠦᠯᠬᠢᠭᠦᠷ〉 ᠪᠤᠯᠤᠨ᠎ᠠ 》 ᠭᠡᠵᠦ ᠰᠤᠷᠪᠤᠯᠵᠢᠯᠠᠭᠴᠢ᠎ᠳᠤ ᠶᠠᠷᠢᠵᠤ ᠪᠠᠢᠪᠠ᠃ ᠲᠡᠷᠡ᠄《ᠪᠢᠳᠡ ᠠᠵᠤ ᠠᠬᠤᠢᠯᠠᠯ᠎ᠤᠨ ᠬᠡᠷᠡᠭ᠌ᠴᠡᠭᠡ᠎ᠶ᠋ᠢ ᠢᠮᠠᠭ᠍ᠲᠠ ᠲᠡᠷᠢᠭᠦᠨ᠎ᠳᠤ ᠲᠠᠯᠪᠢᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠪᠴᠢᠲᠠᠶ᠎ᠬᠡᠷᠡᠭᠵᠢᠬᠦᠯᠬᠦ᠂ ᠦᠢᠯᠡᠴᠢᠯᠡᠭᠡ᠎ᠶ᠋ᠢ ᠪᠥᠬᠦ᠌  ᠶᠠᠪᠤᠴᠠ᠎ᠳᠤ ᠮᠦᠷᠲᠡᠨ ᠳᠠᠭᠠᠬᠤ᠂ ᠡᠬᠢ ᠪᠠᠶᠠᠯᠢᠭ᠎ᠢ ᠪᠦᠲᠦᠮᠵᠢᠲᠡᠶ ᠲᠥᠪᠯᠡᠷᠡᠭᠦᠯᠬᠦ᠌᠎ᠪᠠᠷ ᠳᠠᠮᠵᠢᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ ᠤ᠋ᠨ ᠲᠠᠷᠤᠭᠠᠰᠦ ᠵᠢ ᠬᠦᠡᠭᠬᠡᠷᠡᠬᠦᠯᠤᠨ᠂ ᠱᠢᠨ᠎ᠡ ᠵᠢ ᠡᠬᠦᠳᠬᠦ ᠵᠢ ᠠᠬᠢᠭᠤᠯᠵᠤ᠂ ᠪᠥᠬᠦ᠌ ᠬᠦᠴᠦᠨ᠎ᠢᠶᠠᠷ᠎ᠤᠨᠳᠤᠤᠰᠢᠭᠤᠯᠤᠯᠳᠠ᠎ᠶ᠋ᠢ ᠠᠬᠢᠭᠤᠯᠵᠤ᠂ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠵᠦ ᠪᠤᠢ》 ᠬᠡᠵᠦ ᠢᠯᠡᠷᠬᠡᠢᠯᠡᠭᠰᠡᠨ ᠪᠠᠢᠨ᠎ᠠ᠃

ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠵᠢ ᠰᠠᠢᠳᠦᠷ ᠬᠢᠵᠦ᠂ ᠠᠵᠤ ᠠᠬᠤᠢᠯᠠᠯ᠎ᠤ᠋ᠨ ᠰᠢᠨ᠎ᠠ᠎ᠶᠢ ᠡᠭᠦᠳᠬᠦ ᠳ᠋ᠦ ᠴᠢᠭ᠌ᠯᠡᠯ ᠲᠤᠭᠲᠠᠭᠠᠪᠠ᠃ ᠬᠤᠩᠱᠠᠨ ᠲᠣᠭᠤᠷᠢᠭ ᠪᠠᠢᠩᠭᠤᠵᠢᠭ᠍ᠰᠠᠨ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠴᠢᠯᠡᠭᠡᠨ᠎ᠤ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ ᠪᠣᠯᠤᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠦᠴᠢᠷᠲᠡᠯ᠎ᠳᠤ ᠴᠢᠭ᠌ᠯᠡᠭᠦᠯᠦᠨ᠂ ᠠᠵᠢᠯ ᠲᠦᠷᠦᠯ᠎ᠤᠨ ᠲᠤᠰᠭᠠᠢ ᠮᠡᠷᠭᠡᠵᠢᠯᠲᠡᠨ᠎ᠢ ᠤᠷᠢᠵᠦ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠢᠶᠠᠷᠤᠯᠲᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠦᠷᠦᠯ ᠵᠦᠢᠯ᠎ᠢ ᠭᠤᠶᠤᠴᠢᠯᠠᠨ ᠮᠡᠳᠡᠭᠦᠯᠬᠦ᠂ ᠰᠤᠳᠤᠯᠤᠨ ᠨᠡᠭᠡᠭᠡᠬᠦ᠌ ᠵᠠᠷᠤᠳᠠᠯ᠎ᠢ ᠴᠤᠭ᠍ᠯᠠᠭᠤᠯᠬᠤ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠤ ᠲᠣᠭᠤᠷᠢᠨ᠎ᠳᠤ ᠲᠤᠰᠭᠠᠢ ᠰᠡᠳᠦᠪᠲᠦ ᠪᠣᠯᠪᠠᠰᠤᠷᠠᠯ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠠᠪᠰᠤᠷᠤᠨ ᠵᠢᠯᠤᠭᠤᠳᠤᠯᠭ᠎ᠠ ᠥᠷᠨᠢᠭᠦᠯᠪᠡ᠃ ᠵᠢᠯ᠎ᠤᠨ ᠡᠬᠢᠨ᠎ᠡᠴᠨ ᠣᠲᠣ ᠪᠣᠯᠲᠠᠯ᠎ᠠ᠂ ᠨᠢᠭᠡᠨᠲᠡ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠢ ᠮᠠᠭᠠᠳᠯᠠᠨ ᠲᠣᠭ᠍ᠲᠠᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠬᠤ ᠵᠡᠷᠭᠡ ᠭᠤᠤᠯ ᠰᠡᠳᠦᠪᠲᠦ ᠪᠣᠯᠪᠠᠰᠤᠷᠠᠯ᠎ᠢ 4 ᠲᠠᠯᠠᠪᠠᠢ ᠡᠷᠭᠢᠯᠡᠵᠦ᠍᠂ 70 ᠭᠠᠷᠤᠶ ᠠᠵᠤ ᠠᠬᠤᠢᠯᠠᠯ ᠂ 200 ᠬᠥᠮᠦᠨ ᠪᠤᠯᠪᠠᠰᠤᠷᠠᠯ ᠳ᠋ᠦ ᠤᠷᠤᠯᠴᠠᠵᠦ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠤᠨᠤᠪᠴᠢᠲᠠᠢ ᠨᠠᠢᠳᠠᠪᠤᠷᠢᠵᠢᠭᠤᠯᠬᠤ ᠵᠢ ᠪᠠᠲᠤᠯᠠᠪᠠ᠃

ᠮᠥᠷᠳᠡᠨ ᠵᠣᠯᠭᠠᠭᠤᠯᠵᠤ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠦᠴᠢᠷᠳᠡᠯ ᠢ᠋ ᠱᠢᠢᠳᠪᠦᠷᠢᠯᠡᠪᠠ᠃ 《ᠶᠡᠭᠡ ᠰᠤᠷᠪᠤᠯᠵᠢᠯᠠᠭ᠎ᠠ ᠶᠡᠭᠡ ᠦᠢᠯᠡᠴᠢᠯᠡᠭᠡ》 ᠵᠢᠨ ᠠᠵᠢᠯᠯᠠᠭ᠎ᠠ᠎ᠶ᠋ᠢ ᠰᠢᠨ᠎ᠡ ᠵᠢ ᠡᠭᠦᠳᠦᠨ ᠥᠷᠨᠢᠭᠦᠯᠵᠦ᠍᠂ ᠭᠠᠵᠠᠷ᠎ᠤᠨ ᠲᠡᠰ᠎ᠤᠨ 26 ᠤᠳᠤᠷᠢᠳᠤᠯᠭ᠎ᠠ ᠵᠢ ᠵᠤᠬᠢᠶᠠᠨ ᠪᠠᠢᠭᠤᠯᠵᠦ ᠂ ᠠᠵᠤ ᠠᠬᠤᠢᠯᠠᠯ᠎ᠢ ᠳᠠᠭᠠᠭᠠᠴᠢᠯᠠᠨ ᠬᠤᠯᠪᠣᠭᠠᠯᠠᠭᠤᠯᠤᠨ᠂ ᠤᠯᠠᠭᠠᠨᠬᠠᠳᠠ᠎ᠶ᠋ᠢᠨ᠎ᠶ᠋ᠢᠨ ᠲᠦᠩ ᠵᠡᠰ᠎ᠤᠨ ᠦᠢᠯᠡᠰ᠎ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ᠎ᠶ᠋ᠢᠨ ᠲᠦᠸᠧ ᠵᠢᠶᠠ ᠭᠡᠷᠡᠯᠴᠢ ᠴᠡᠨᠡᠭ ᠴᠠᠬᠢᠯᠭᠠᠨ ᠬᠦᠴᠤᠨ᠎ᠤ ᠬᠢᠵᠠᠭᠠᠷᠲᠤ ᠺᠣᠮᠫᠠᠨᠢ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠡᠮᠦᠨ᠎ᠡ ᠹᠷᠣᠨᠲ᠎ᠵᠢᠡᠷ ᠭᠦᠨᠵᠡᠭᠡᠢᠷᠡᠵᠦ᠍᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠬᠦᠷᠴᠦ ᠣᠢᠯᠠᠭᠠᠪᠠ᠃ ᠣᠳᠣᠬᠠᠨ ᠪᠣᠯᠲᠠᠯ᠎ᠠ ᠠᠵᠤ ᠠᠬᠤᠢᠯᠠᠯ᠎ᠢ ᠨᠡᠢᠲᠡ 116 ᠤᠳᠠᠭ᠎ᠠ ᠰᠤᠷᠪᠤᠯᠵᠢᠯᠠᠵᠤ᠂ ᠠᠵᠢᠯᠳᠠᠨ ᠠᠵᠢᠯᠴᠢᠨ ᠬᠡᠷᠡᠭ᠌ᠯᠡᠬᠦ᠂ ᠪᠡᠯᠡ ᠮᠥᠩᠭᠦ᠌᠂ ᠪᠣᠷᠣᠯᠠᠭᠤᠯᠭ᠎ᠠ ᠵᠡᠷᠭᠡ ᠡᠯ᠎ᠡ ᠲᠥᠷᠥᠯ᠎ᠤᠨ ᠠᠰᠠᠭᠤᠳᠠᠯ᠎ᠢ 62 ᠴᠤᠭ᠍ᠯᠠᠭᠤᠯᠵᠤ᠂ ᠨᠢᠭᠡᠨᠲᠡ 53 ᠠᠰᠠᠭᠤᠳᠠᠯ᠎ᠢ ᠵᠣᠬᠢᠴᠠᠭᠤᠯᠤᠨ ᠱᠢᠢᠳᠪᠦᠷᠢᠯᠡᠵᠦ᠍᠂ 4.75 ᠳ᠋ᠦᠩᠱᠢᠭᠤᠷ ᠲᠥᠭᠦᠷᠢᠭ ᠤ᠋ᠨ ᠪᠡᠯᠡ ᠬᠤᠷᠠᠮᠳᠤᠭᠤᠯᠬᠤ ᠳ᠋ᠤ ᠬᠦᠴᠦᠨ ᠨᠡᠮᠡᠷᠢᠯᠡᠵᠦ᠂ 《ᠠᠰᠠᠷᠠᠭ᠍ᠴᠢ ᠮᠠᠶᠢᠭ》 ᠤ᠋ᠨ ᠦᠢᠯᠡᠴᠢᠯᠡᠭᠡ᠎ᠪᠠᠷ ᠠᠵᠤ ᠠᠬᠤᠢᠯᠠᠯ᠎ᠤᠨ ᠬᠥᠭ᠌ᠵᠢᠯᠲᠡ ᠵᠢᠨ ᠬᠠᠷᠰᠢ ᠰᠠᠭᠠᠳ᠎ᠢ ᠠᠷᠢᠯᠭᠠᠭᠰᠠᠨ ᠪᠠᠢᠨ᠎ᠠ᠃

ᠲᠠᠪᠴᠠᠩ ᠪᠠᠢᠭᠤᠯᠤᠨ ᠬᠠᠮᠳᠤᠷᠠᠯ ᠬᠦᠴᠦᠨ᠎ᠢ ᠪᠦᠷᠢᠯᠳᠦᠭᠦᠯᠦᠨ᠂ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠬᠥᠭᠦᠷᠭᠡ ᠲᠠᠯᠪᠢᠵᠤ ᠵᠠᠮ ᠳᠡᠪᠢᠰᠪᠡ᠃ ᠬᠤᠩᠱᠠᠨ ᠲᠣᠭᠤᠷᠢᠭ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠢᠳᠡᠪᠬᠢᠲᠡᠢ ᠨᠡᠢᠳᠭᠡᠵᠦ᠂ ᠦᠪᠦᠷ ᠮᠤᠩᠭᠤᠯ᠎ᠤᠨ ᠠᠩᠬᠠᠳᠠᠭ᠍ᠴᠢ ᠬᠤᠱᠢᠭᠤ ᠱᠢᠶᠠᠨ ᠲᠣᠭᠤᠷᠢᠭ᠎ᠤᠨ ᠲᠡᠰ᠎ᠤᠨ《ᠮᠧᠩ ᠺᠧ ᠵᠢᠦᠢ》ᠵᠢᠨ ᠤᠯᠠᠭᠠᠨᠬᠠᠳᠠ᠎ᠶ᠋ᠢᠨ ᠬᠤᠪᠢᠶᠠᠷᠢ ᠲᠥᠪ᠎ᠤᠨ ᠬᠤᠩᠱᠠᠨ ᠲᠤᠭᠤᠷᠢᠭ ᠲᠡᠬᠢ ᠠᠵᠢᠯᠯᠠᠬᠤ ᠥᠷᠲᠡᠭᠡ᠎ᠶ᠋ᠢ ᠪᠠᠢᠭᠤᠯᠵᠤ ᠂ ᠨᠡᠢᠲᠡ 46 ᠠᠵᠤ ᠠᠬᠤᠢᠯᠠᠯ᠂ 211 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠢᠯᠲᠠᠨ᠎ᠢ ᠣᠷᠣᠭᠤᠯᠤᠨ ᠠᠪᠴᠢᠷᠠᠵᠦ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠲᠥᠪᠯᠡᠷᠡᠭᠦᠯᠦᠨ ᠬᠤᠪᠢᠷᠠᠭᠤᠯᠬᠤ  ᠱᠢᠨ᠎ᠡ ᠪᠠᠢᠷᠢᠱᠢᠯ᠎ᠢ ᠪᠦᠷᠢᠯᠳᠦᠭᠦᠯᠵᠦ᠍᠂ ᠥᠪᠥᠷ ᠮᠣᠩᠭᠤᠯ᠎ᠤᠨ ᠪᠠ ᠵᠤᠸᠠ ᠤᠶᠤᠨᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠳ᠋ᠣ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠶᠠᠮᠤᠨ᠎ᠤ ᠭᠤᠣᠯᠳᠠᠯᠭ᠎ᠠ᠎ᠲᠠᠢ ᠲᠤᠰᠭᠠᠶ ᠲᠥᠷᠥᠯ ᠵᠦᠢᠯ ᠲᠣᠭ᠍ᠲᠠᠭᠠᠬᠤ ᠬᠢᠷᠢ ᠬᠡᠮ᠎ᠢ ᠣᠯᠤᠭᠰᠠᠨ ᠪᠠᠢᠨ᠎ᠠ᠃ ᠤᠯᠠᠭᠠᠨᠬᠠᠳᠠ᠎ᠶᠢᠨ ᠹᠦ ᠨᠠ ᠺᠠᠩ ᠠᠮᠢᠳᠤ ᠪᠣᠳᠠᠰ᠎ᠤ᠋ᠨ ᠮᠡᠷᠭᠡᠵᠢᠯ᠎ᠦ᠋ᠨ ᠬᠢᠵᠠᠭᠠᠷᠲᠤ  ᠺᠣᠮᠫᠠᠨᠢ᠎ᠶᠢᠨ ᠰᠤᠳᠤᠯᠤᠨ ᠨᠡᠬᠡᠭᠡᠭᠰᠡᠨ ᠪᠦᠬᠦ᠌ ᠪᠥᠮᠪᠥᠷᠴᠡᠭ᠎ᠦ᠋ᠨ ᠠᠩᠬᠠᠳᠠᠭ᠍ᠴᠢ ᠹᠦ ᠯᠧ ᠰᠢ ᠰᠢᠨ᠎ᠠ  ᠬᠡᠯᠪᠡᠷᠢ ᠵᠢᠨ ᠡᠮ 《 F10 》 ᠨᠢ  ᠳᠤᠮᠳᠠᠳᠤ  ᠠᠮᠧᠷᠢᠺᠠ  ᠬᠣᠶᠠᠷ ᠤᠯᠤᠰ᠎ᠤ᠋ᠨ ᠡᠮᠴᠢᠯᠡᠭᠡᠨ᠎ᠦ᠌ ᠲᠤᠷᠰᠢᠯᠳᠠ᠎ᠶᠢᠨ ᠵᠦᠪᠰᠢᠶᠡᠷᠡᠯ᠎ᠢ ᠣᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ᠎ᠢ᠋ ᠪᠣᠳᠠᠲᠠᠢ ᠦᠢᠯᠡᠳᠪᠦᠷᠢᠯᠡᠯ᠎ᠦ᠋ᠨ ᠬᠦᠴᠦᠨ ᠪᠣᠯᠭᠠᠨ ᠥᠨᠳᠥᠷ ᠪᠦᠲᠦᠮᠵᠢᠲᠡᠢ  ᠤᠨᠳᠤᠤᠰᠢᠭᠤᠯᠬᠤ᠎ᠶᠢ ᠪᠡᠶᠡᠯᠡᠭᠦᠯᠪᠡ ᠃

《ᠬᠤᠩᠱᠠᠨ ᠲᠣᠭᠤᠷᠢᠭ᠎ᠤᠨ ᠦᠢᠯᠡᠴᠢᠯᠡᠭᠡ ᠪᠣᠯ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠵᠠᠮ ᠳᠡᠭᠡᠷᠡᠬᠢ ᠲᠠᠢᠴᠢᠯᠠᠬᠤ ᠬᠦᠴᠤᠨ ᠮᠦᠨ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ ᠵᠣᠯᠭᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠲᠠᠢᠯᠪᠤᠷᠢᠯᠠᠬᠤ ᠡᠴᠨ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ᠋ ᠨᠢᠭᠡᠳ᠎ᠨᠢᠬᠡ ᠪᠡᠷ ᠬᠠᠪᠰᠤᠷᠤᠨ ᠵᠢᠯᠣᠭᠤᠳᠭᠤ ᠬᠦᠷᠲᠡᠯᠡᠬᠢ ᠪᠥᠬᠦ᠌ ᠶᠠᠪᠤᠴᠠ ᠵᠢᠨ ᠤᠢᠯᠡᠴᠢᠯᠡᠬᠡ ᠨᠢ ᠬᠥᠭ᠌ᠵᠢᠯᠲᠡ᠎ᠶ᠋ᠢᠨ ᠳᠤᠮᠳᠠᠬᠢ ᠬᠦᠴᠢᠷ ᠠᠰᠠᠭᠤᠳᠠᠯ ᠢ᠋ ᠦᠨᠡᠨ ᠬᠦ᠌ ᠱᠢᠢᠳᠪᠦᠷᠢᠯᠡᠯ᠎ᠡ》 ᠬᠡᠵᠦ ᠥᠪᠥᠷ  ᠮᠤᠡᠭᠭᠤᠯ ᠤ᠋ᠨ ᠪᠠ ᠵᠤᠸᠠ ᠤᠶᠤᠨᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠳᠦ ᠺᠤᠮᠫᠠᠨᠢ᠎ᠶ᠋ᠢᠨ ᠬᠡᠷᠡᠭ᠌ ᠮᠡᠳᠡᠭ᠌ᠴᠢᠳ᠎ᠦᠨ ᠲᠠᠷᠤᠭ᠎ᠠ᠎ᠶ᠋ᠢᠨ ᠲᠤᠰᠠᠯᠠᠭ᠍ᠴᠢ ᠰᠦᠨ ᠶᠢᠩ ᠼᠦᠩ ᠬᠡᠯᠡᠪᠡ᠃

ᠬᠤᠩᠱᠠᠨ ᠲᠣᠭᠤᠷᠢᠭ ᠪᠠᠢᠨᠭᠭᠤᠵᠢᠭᠰᠠᠨ ᠦᠢᠯᠡᠴᠢᠯᠡᠭᠡᠨ᠎ᠤ ᠲᠣᠭ᠍ᠲᠠᠴᠠ ᠵᠢ ᠪᠠᠢᠭᠤᠯᠬᠤ᠎ᠶ᠋ᠢᠨ ᠲᠥᠯᠥᠭᠡ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠰᠠᠳ᠎ᠤᠨ ᠳᠦᠷᠢᠮ᠎ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ᠎ᠤ ᠪᠠᠢᠳᠠᠯ᠎ᠢ ᠣᠢᠯᠠᠭᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠪᠣᠯᠪᠠᠰᠤᠷᠠᠯ᠎ᠢ ᠴᠢᠩᠭᠠᠳᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ᠎ᠢ ᠱᠠᠲᠤ ᠱᠠᠲᠤ᠎ᠪᠠᠷ ᠬᠦᠭᠵᠢᠬᠦᠯᠬᠦ ᠡᠷᠴᠢᠮ᠎ᠢ ᠴᠢᠩᠭᠠᠷᠠᠭᠤᠯᠪᠠ᠃ ᠵᠢᠯ᠎ᠤᠨ ᠡᠬᠢᠨ᠎ᠠᠴᠠ ᠨᠠᠭᠠᠰᠢ᠂ 70 ᠭᠠᠷᠤᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠢᠯᠠᠯ᠎ᠢ ᠰᠤᠷᠪᠤᠯᠵᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠥᠷᠥ᠎ᠶ᠋ᠢᠨ ᠪᠣᠳᠣᠯᠭ᠎ᠠ᠎ᠶ᠋ᠢᠨ ᠨᠣᠮ ᠪᠢᠴᠢᠭ᠎ᠢ 80 ᠱᠢᠬᠠᠮ ᠬᠦᠷᠭᠡᠵᠡᠢ᠃

《ᠪᠢᠳᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 〈ᠲᠦᠷᠦ᠍᠎ᠶ᠋ᠢᠨ ᠪᠤᠳᠤᠯᠭ᠎ᠠ + ᠲᠠᠪᠴᠠᠩ + ᠴᠢᠳᠠᠪᠤᠷᠢᠲᠠᠨ〉 ᠤ᠋ ᠪᠦᠬᠦ᠌ ᠬᠡᠯᠬᠢᠶᠡᠨ᠎ᠤ ᠦᠢᠯᠡᠴᠢᠯᠡᠭᠡᠨ ᠤ᠋ ᠱᠢᠰᠲ᠋ᠧᠮ᠎ᠢ ᠲᠡᠭᠦᠯᠳᠡᠷᠵᠢᠭᠦᠯᠵᠦ᠍᠂ ᠨᠡᠩ ᠤᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ᠎ᠢ ᠬᠤᠩᠱᠠᠨ᠎ᠳᠤ ᠦᠨᠳᠦᠰᠦᠯᠡᠭᠦᠯᠤᠨ ᠬᠥᠭ᠌ᠵᠢᠭᠦᠯᠦᠨ ᠪᠤᠵᠠᠭᠠᠢᠷᠠᠭᠤᠯᠵᠤ ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠨᠡᠩ ᠴᠢᠩᠭ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠨ᠎ᠡ》 ᠭᠡᠵᠦ᠍  ᠵᠠᠩ ᠬᠤᠩ ᠹᠧᠩ ᠢᠯᠡᠷᠬᠡᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号