ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠪᠤᠭᠤᠲᠤ ᠣᠷᠳᠣᠰ᠎ᠲᠤ ᠤᠬᠠᠭᠤᠯᠤᠨ ᠲᠠᠢᠯᠪᠤᠷᠢᠯᠠᠪᠠ
2025-12-21 11:53:42
ᠵᠣᠬᠢᠶᠠᠭ᠍ᠴᠢ᠄
​ ᠸᠠᠩ ᠶᠠ ᠵᠢᠩ ᠰᠦᠩ ᠠ ᠨᠠᠨ ᠪᠤᠶᠠᠠᠠᠨᠡᠷᠢᠯ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠷᠭᠦᠯᠵᠢᠯᠡᠨ ᠪᠤᠢ ᠪᠤᠯᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》 ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠡᠯ᠎ᠡ ᠠᠢᠮᠠᠭ ᠬᠤᠳᠠ᠎ᠳᠤ ᠭᠦᠨᠵᠡᠭᠡᠢᠷᠡᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠠᠨᠳᠤᠭᠤᠯᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

12 ᠰᠠᠷ᠎ᠠ᠎ᠶ᠋ᠢᠨ 16 ᠎ᠡᠴᠡ 19 ᠎ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠨᠢᠭᠡᠳᠦᠭᠡᠷ ᠪᠠᠭ᠎ᠠ ᠰᠠᠯᠪᠤᠷᠢ ᠠᠩᠭᠢ᠎ᠶ᠋ᠢᠨ ᠬᠠᠨ ᠵᠢᠩ᠂ ᠬᠥ᠋ ᠴᠤᠤ᠂ ᠢᠨᠳᠡᠷᠡᠨᠢᠯᠡ᠂  ᠶᠠᠩ ᠱᠢᠶᠤᠤ ᠯᠦᠩ᠂ ᠵᠣᠣ ᠮᠧᠩ ᠲᠢᠩ᠂ ᠳᠢ ᠳᠢ ᠵᠡᠷᠭᠡ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠬᠦᠷᠢᠶᠡᠨ᠎ᠦ ᠦᠨᠳᠦᠰᠦᠨ ᠱᠠᠲᠤᠨ᠎ᠤ 6 ᠤᠬᠠᠭᠤᠯᠤᠨ ᠲᠠᠢᠯᠪᠤᠷᠢᠯᠠᠭ᠍ᠴᠢ ᠬᠥᠬᠡᠬᠣᠲᠠ᠂ ᠪᠤᠭᠤᠲᠤ᠂ ᠣᠷᠳᠣᠰ᠎ᠲᠤ ᠬᠦᠷᠴᠦ᠍᠂ ᠱᠢᠨ᠎ᠡ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠱᠢᠨ᠎ᠡ ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠮᠦᠰ᠎ᠲᠦ ᠤᠬᠠᠭᠤᠯᠤᠨ ᠲᠠᠢᠯᠪᠤᠷᠢᠯᠠᠪᠠ᠃

ᠳ᠋ᠦᠩ ᠶᠤᠸᠠᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠪᠣᠯᠤᠨ ᠢᠯᠢ ᠪᠦᠯᠦᠭ᠌ᠯᠡᠯ᠎ᠦᠨ ᠶᠡᠷᠦᠩᠬᠡᠶ ᠬᠡᠯᠲᠡᠰ᠎ᠲᠦ᠍᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠤᠭᠤᠲᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠯᠧᠺᠲ᠋ᠣᠷ ᠵᠣᠣ ᠮᠧᠩ ᠲᠢᠩ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ ᠪᠠ ᠬᠤᠪᠢ᠎ᠵᠢᠨ ᠡᠵᠡᠩᠨᠡᠯᠲᠡ᠎ᠵᠢᠨ ᠠᠵᠤ ᠠᠬᠤᠢᠯᠠᠯ᠎ᠤᠨ ᠨᠡᠢᠭᠡᠮᠯᠢᠭ᠎ᠤᠨ ᠨᠠᠷᠢᠨ ᠪᠢᠴᠢᠭ᠎ᠦᠨ ᠳᠠᠷᠤᠭ᠎ᠠ ᠬᠠᠨ ᠵᠢᠩ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ᠎ᠶ᠋ᠢ ᠡᠷᠭᠢᠴᠡᠭᠦᠯᠵᠦ᠂ ᠥᠷᠭᠡᠨ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢᠯᠠᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠱᠢᠨ᠎ᠡ ᠠᠵᠠ ᠲᠣᠬᠢᠶᠠᠯ᠎ᠢ ᠡᠵᠡᠮᠳᠡᠵᠦ᠂ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠨ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠨ ᠴᠢᠳᠠᠯ᠎ᠢᠶᠠᠨ ᠡᠷᠭᠦᠬᠦ ᠵᠢ ᠵᠤᠷᠢᠭᠵᠢᠭᠤᠯᠪᠠ᠃ ᠳ᠋ᠦᠩ ᠶᠤᠸᠠᠨ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠠᠵᠢᠯᠲᠠᠨ ᠶᠠᠩ ᠺᠦᠨ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠠᠳ ᠮᠠᠰᠢ ᠭᠦᠨ ᠲᠥᠷᠥᠭᠳᠡᠯ᠎ᠲᠠᠢ ᠪᠠᠢᠯ᠎ᠠ᠂ ᠲᠡᠷᠡ᠄ 《ᠪᠢᠳᠡ  ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠳᠡᠮᠵᠢᠨ᠂ ᠬᠣᠲᠠ᠎ᠶᠢᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠪᠠ ᠤᠰᠤᠨ᠎ᠤ ᠣᠷᠴᠢᠨ ᠲᠣᠭᠣᠷᠢᠨ᠎ᠢ ᠵᠠᠰᠠᠬᠤ ᠬᠢᠷᠢ ᠲᠦᠪᠰᠢᠨ᠎ᠵᠢᠡᠨ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠠᠵᠤ ᠦᠢᠯᠡᠰ᠎ᠢ ᠲᠠᠰ ᠳᠡᠪᠰᠢᠭᠦᠯᠬᠦ ᠳᠤᠮᠳᠠ ᠡᠮᠦᠨ᠎ᠡ ᠡᠩᠨᠡᠭᠡᠨ᠎ᠳᠦ ᠶᠠᠪᠤᠬᠤ᠎ᠪᠠᠷ ᠴᠢᠷᠮᠠᠢᠨ᠎ᠠ》 ᠭᠡᠪᠡ᠃

ᠪᠤᠭᠤᠲᠤ᠎ᠶᠢᠨ ᠬᠥᠨᠳᠡᠯᠡᠨ ᠠᠵᠤ ᠠᠬᠤᠢ ᠮᠡᠷᠭᠡᠵᠢᠯ᠎ᠦᠨ ᠨᠡᠭᠡᠭᠡᠯᠳᠠ᠎ᠶᠢᠨ ᠲᠣᠭᠣᠷᠢᠭ᠋᠎ᠲᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠤᠯᠠᠭᠠᠨᠬᠠᠳᠠ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ ᠢᠨᠳᠡᠷᠡᠨᠢᠯᠡ᠂ ᠠᠮᠢᠳᠤᠯᠢᠭ᠋ ᠬᠡᠷᠡᠭ᠎ᠦᠨ ᠵᠢᠱ᠌ᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠲᠥᠪ ᠬᠤᠷᠢᠶ᠎ᠠ᠎ᠵᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ 《ᠭᠤᠷᠪᠠᠨ ᠰᠢᠨ᠎ᠡ》 ᠵᠣᠬᠢᠶᠠᠨ ᠪᠠᠢᠭᠤᠯᠤᠯᠲᠠ᠎ᠶᠢᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠲᠦᠯᠦᠨ ᠵᠢᠯᠤᠭᠤᠳᠤᠭᠰᠠᠨ ᠠᠮᠢᠳᠤᠯᠢᠭ᠋ ᠦᠢᠯᠡᠳᠦᠯᠭᠡ᠎ᠶᠢ ᠶᠠᠷᠢᠪᠠ᠃ ᠥᠪᠥᠷ ᠮᠣᠩᠭᠣᠯ᠎ᠤᠨ ᠴᠢᠶᠠᠨᠱᠠᠨ ᠬᠦᠨᠳᠦ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠪᠠᠢᠯᠳᠤᠬᠤ ᠪᠣᠳᠣᠯᠭ᠎ᠠ᠎ᠶᠢᠨ ᠬᠥᠭᠵᠢᠯᠲᠡ᠎ᠶᠢᠨ ᠬᠡᠯᠲᠡᠰ᠎ᠦᠨ ᠬᠠᠷᠢᠭᠤᠴᠠᠯᠭᠠᠲᠠᠨ ᠵᠠᠩ ᠮᠢᠨ᠄《ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠪᠢᠳᠡ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠵᠤ ᠤᠷᠤᠬᠰᠢᠯᠠᠬᠤ ᠢᠲᠡᠭᠡᠯ ᠵᠣᠷᠢᠭ᠋᠎ᠢᠶᠠᠨ ᠤᠯᠠᠮ ᠴᠢᠨᠠᠭᠰᠢᠳᠠ ᠪᠠᠲᠤᠳᠬᠠᠵᠤ᠂ ᠮᠠᠰᠢᠨ ᠮᠧᠡᠡᠠᠨᠢᠭ᠋᠎ᠢᠶᠡᠷ ᠡᠳ᠋ᠰᠢᠭᠦᠯᠬᠦ ᠬᠢᠭᠡᠳ ᠬᠣᠪᠣᠷ ᠰᠢᠷᠣᠢ᠎ᠶᠢᠨ ᠨᠧᠦᠳᠢᠮ ᠲᠡᠮᠦᠷ ᠪᠤᠷ᠎ᠤᠨ ᠮᠠᠲᠧᠷᠢᠶᠠᠯ᠎ᠤᠨ ᠬᠦᠷᠢᠶ᠎ᠡ᠎ᠳ᠋ᠤ ᠦᠷᠭᠦᠯᠵᠢᠯᠡᠨ ᠭᠦᠨᠵᠡᠭᠡᠢᠷᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠨ ᠬᠥᠭᠵᠢᠭᠦᠯᠵᠦ᠂ ᠶᠠᠰᠤ ᠴᠢᠨᠠᠷ᠎ᠢᠶᠠᠷ ᠵᠠᠬ᠎ᠠ ᠳᠡᠯᠭᠡᠭᠦᠷ᠎ᠢ ᠡᠵᠡᠯᠡᠵᠤ᠂〈ᠴᠢᠨᠠᠷ ᠰᠠᠢᠲᠠᠢ ᠬᠥᠭᠵᠢᠯᠲᠡ〉 ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠳ᠋ᠤ᠌ ᠰᠠᠢᠲᠤᠷ ᠦᠢᠯᠡᠴᠢᠯᠡᠨ᠎ᠡ》 ᠭᠡᠵᠦ ᠢᠯᠡᠳᠭᠡᠪᠡ᠃

ᠪᠤᠭᠤᠲᠤ᠎ᠶᠢᠨ ᠴᠠᠩ ᠯᠢᠦᠢ ᠤᠮᠠᠷᠠᠲᠤ᠎ᠶᠢᠨ ᠬᠥᠩᠭᠡᠨᠴᠠᠭᠠᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠳᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ᠎ᠶᠢᠨ ᠺᠠᠳ᠋ᠷ ᠳᠢ ᠳᠢ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠳᠤᠮᠳᠠᠳᠤ ᠤᠯᠤᠰ᠎ᠤᠨ ᠰᠢᠤᠳᠠᠨ᠎ᠤ ᠶᠠᠪᠤᠳᠠᠯ᠎ᠤᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠥᠬᠡᠬᠣᠲᠠ᠎ᠳᠠᠬᠢ ᠬᠤᠪᠢᠶᠠᠷᠢ ᠺᠣᠮᠫᠠᠨᠢ᠎ᠶᠢᠨ ᠲᠦᠷᠭᠡᠨ ᠬᠦᠷᠭᠡᠭᠴᠢ ᠶᠠᠩ ᠰᠢᠶᠣᠣ ᠯᠦᠩ ᠨᠠᠷ ᠲᠣᠰ ᠲᠤᠰ ᠥᠪᠡᠷ᠎ᠦᠨ ᠥᠩᠭᠡᠷᠡᠯᠲᠡ᠎ᠲᠠᠢ᠎ᠪᠡᠨ ᠤᠶᠠᠯᠳᠤᠭᠤᠯᠵᠤ᠂ ᠦᠨᠡᠨᠴᠢ ᠰᠢᠳᠤᠷᠭᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠡᠢᠭᠡᠮ᠎ᠳᠦ ᠦᠢᠯᠡᠴᠢᠯᠡᠭᠰᠡᠨ ᠰᠡᠳᠬᠢᠯ ᠬᠥᠳᠡᠯᠭᠡᠮ᠎ᠡ ᠦᠯᠢᠭᠡᠷ ᠵᠢᠡᠨ ᠶᠠᠷᠢᠪᠠ᠃ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷ᠂ ᠠᠵᠢᠯᠲᠠᠨ ᠠᠵᠢᠯᠴᠢᠨ ᠣᠯᠠᠨ ᠲᠦᠮᠡᠨ᠂ ᠨᠠᠩ ᠴᠣᠭ ᠪᠠᠳᠠᠷᠠᠩᠭᠤᠢ ᠣᠪᠣᠷ ᠪᠠᠢᠳᠠᠯ᠂ ᠨᠠᠩ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠠᠶᠠᠨ᠎ᠳᠤ ᠳᠠᠬᠢᠨᠲᠠ ᠰᠢᠨ᠎ᠡ ᠭᠠᠪᠢᠶ᠎ᠠ ᠪᠠᠢᠭᠤᠯᠤᠨ᠎ᠠ ᠭᠡᠵᠦ ᠢᠯᠡᠳᠬᠡᠵᠡᠭᠡᠪᠡ᠃

ᠣᠷᠳᠣᠰ ᠬᠤᠳᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠴᠢᠩ ᠴᠦᠨ ᠱᠠᠨ ᠵᠡᠭᠡᠯᠢ ᠭᠤᠳᠤᠮᠵᠢ᠎ᠶᠢᠨ ᠱᠸᠨ ᠬᠤᠸᠠ ᠺᠠᠩ ᠴᠸᠩ ᠨᠡᠢᠭᠡᠮ ᠲᠣᠭᠣᠷᠢᠭ᠋ ᠪᠣᠯᠣᠨ ᠮᠸᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠤᠭᠤᠷᠢᠭ ᠲᠤ᠌᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠨᠠᠷ 《ᠭᠤᠷᠪᠠᠨ ᠰᠢᠨ᠎ᠡ》 ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ᠎ᠲᠠᠢ ᠶᠠᠷᠢᠯᠴᠠᠨ ᠰᠣᠯᠢᠯᠴᠠᠵᠤ᠂ ᠡᠮᠦᠨ᠎ᠡ ᠹᠷᠣᠨᠲ᠎ᠲᠤ ᠠᠵᠢᠯᠯᠠᠭᠰᠠᠨ ᠥᠩᠭᠡᠷᠡᠯᠲᠡ᠎ᠲᠠᠢ᠎ᠪᠡᠨ ᠤᠶᠠᠯᠳᠤᠭᠤᠯᠵᠤ᠂ ᠪᠣᠷᠣᠭᠵᠢᠭᠤᠨ ᠪᠦᠭᠡᠳ ᠠᠮᠢᠳᠤᠯᠢᠭ᠋ ᠦᠭᠡ ᠶᠠᠷᠢᠶ᠎ᠡ᠎ᠪᠡᠷ ᠪᠦᠭᠦᠳᠡ ᠬᠤᠷᠠᠯ᠎ᠡᠴᠡ ᠲᠤᠬᠳᠠᠭᠠᠬᠰᠠᠨ《ᠭᠤᠷᠪᠠᠨ ᠰᠢᠨ᠎ᠡ》ᠵᠣᠬᠢᠶᠠᠨ ᠪᠠᠢᠭᠤᠯᠤᠯᠲᠠ᠎ᠶᠢᠨ ᠬᠥᠭᠵᠢᠯᠲᠡ᠎ᠶᠢ ᠳᠡᠮᠵᠢᠬᠦ ᠪᠠᠢᠷᠢᠯᠠᠭᠤᠯᠤᠯᠲᠠ᠎ᠶᠢ ᠲᠠᠢᠯᠪᠤᠷᠢᠯᠠᠪᠡ᠃ ᠲᠤᠬᠠᠢ᠎ᠶᠢᠨ ᠲᠠᠯᠠᠪᠠᠢ᠎ᠶᠢᠨ ᠰᠣᠨᠣᠰᠤᠭ᠍ᠴᠢᠳ ᠪᠦᠬᠦ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯᠳᠠᠯᠭ᠎ᠠ ᠲᠠᠢ ᠠᠭᠤᠯᠭ᠎ᠠ᠎ᠶᠢ ᠨᠠᠷᠢᠨ ᠬᠢᠨᠠᠮᠠᠭᠠᠢ ᠲᠡᠮᠳᠡᠭᠯᠡᠵᠦ ᠪᠠᠢᠯ᠎ᠠ᠂ ᠥᠪᠥᠷ ᠮᠣᠩᠭᠣᠯ᠎ᠤᠨ ᡂᠢ ᠢᠦᠢ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠶᠡᠷᠦᠩᠬᠡᠢ ᠵᠠᠬᠢᠷᠤᠯ᠎ᠤᠨ ᠲᠤᠰᠠᠯᠠᠭ᠍ᠴᠢ ᠦ᠋ ᠰᠢᠶᠣᠣ ᠬᠤᠢ᠄《ᠠᠵᠤ ᠠᠬᠤᠢᠯᠠᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ ᠪᠣᠯᠣᠨ ᠣᠷᠣᠨ ᠨᠤᠲᠤᠭ᠎ᠤᠨ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠬᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号