12 ᠰᠠᠷ᠎ᠠ ᠶ᠋ᠢᠨ 15 ᠤ᠋ ᠡᠳᠦᠷ᠂ ᠲᠦᠷᠭᠡᠨ ᠬᠦᠷᠭᠡᠯᠲᠡ ᠶ᠋ᠢᠨ ᠬᠠᠭᠤᠳᠠᠰᠤ ᠴᠠᠰᠤᠨ ᠯᠠᠪᠰᠠ ᠮᠡᠲᠦ ᠣᠪᠣᠭᠠᠷᠠᠵᠤ᠂ 《11 ᠰᠠᠷᠠᠶᠢᠨ 11》 ᠤ᠋ ᠳᠠᠷᠠᠭ᠎ᠠ ᠥᠪᠥᠷ ᠮᠣᠩᠭᠣᠯ ᠤ᠋ᠨ ᠵᠠᠩ ᠱᠢᠶᠤᠤ ᠵᠢᠦᠢ ᠢᠳᠡᠭᠡᠨ ᠤ᠋ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠺᠣᠮᠫᠠᠨᠢ ᠶ᠋ᠢᠨ ᠬᠥᠮᠥᠷᠭᠡᠶᠢᠨ ᠬᠢᠨ ᠮᠠᠰᠢ ᠶᠠᠭᠠᠷᠠᠯᠲᠠᠶ ᠠᠵᠢᠯᠯᠠᠵᠦ ᠪᠠᠢᠯ᠎ᠠ᠃ ᠵᠢᠯ ᠤ᠋ᠨ ᠡᠴᠦᠰ ᠤ᠋ᠨ ᠪᠤᠷᠤᠯᠠᠭᠤᠯᠭᠠᠶᠢᠨ ᠵᠠᠩᠭᠢᠯᠠᠭ᠎ᠠ ᠶ᠋ᠢᠨ ᠴᠠᠭ ᠪᠤᠯᠬᠤᠳᠦ ᠬᠥᠬᠡᠬᠣᠲᠠ ᠳ᠋ᠦ ᠨᠤᠲᠤᠭ᠍ᠰᠢᠭ᠍ᠰᠠᠨ ᠡᠨᠡ ᠬᠦ᠌ ᠢᠳᠡᠭᠡᠨ ᠤ᠋ ᠠᠵᠤ ᠠᠬᠤᠢᠯᠠᠯ ᠪᠦᠬᠦ ᠬᠦᠴᠦᠨ ᠵᠢᠡᠷ ᠵᠢᠡᠨ ᠴᠢᠷᠮᠠᠢᠨ ᠠᠵᠢᠯᠯᠠᠵᠤ᠂ ᠲᠠᠯ᠎ᠠ ᠨᠤᠲᠤᠭ ᠤ᠋ᠨ ᠦᠨᠦᠷ ᠠᠮᠲᠠ ᠵᠢ ᠲᠦᠷᠭᠡᠨ ᠬᠦᠷᠭᠡᠯᠲᠡ ᠶ᠋ᠢᠨ ᠬᠠᠢᠷᠴᠠᠭ ᠲᠦ᠍ ᠰᠠᠪᠠᠯᠠᠨ᠂ ᠪᠥᠬᠥ᠌ ᠤᠯᠤᠰ ᠤ᠋ᠨ ᠡᠯ᠎ᠡ ᠭᠠᠵᠠᠷ ᠲᠦ᠍ ᠲᠠᠷᠬᠠᠭᠠᠵᠤ ᠪᠠᠢᠨ᠎ᠠ᠃
ᠦᠢᠯᠡᠳᠪᠦᠷᠢ ᠶ᠋ᠢᠨ ᠲᠠᠰᠤᠬ ᠲᠦ᠍᠂ ᠠᠦ᠋ᠲ᠋ᠣᠴᠢᠯᠠᠭ᠍ᠰᠠᠨ ᠦᠢᠯᠡᠳᠪᠦᠷᠢᠯᠡᠯ ᠤ᠋ᠨ ᠱᠤᠭᠤᠮ ᠵᠢᠭ᠌ᠳᠡᠪᠡᠷ ᠠᠵᠢᠯᠯᠠᠵᠤ᠂ ᠠᠷᠢᠭᠤᠨ ᠴᠡᠪᠡᠷ ᠠᠵᠢᠯ ᠤ᠋ᠨ ᠬᠤᠪᠴᠠᠰᠤ ᠡᠮᠦᠰᠦᠭ᠌ᠰᠡᠨ ᠠᠵᠢᠯᠳᠠᠳ ᠡᠪ ᠳᠡᠮᠳᠡᠢ ᠶᠠᠭᠠᠷᠠᠵᠠᠭᠠᠵᠦ ᠪᠠᠢᠯ᠎ᠠ᠃ 3000 ᠲᠡᠭ᠌ᠰᠢ ᠳᠥᠷᠪᠡᠯᠵᠢᠨ ᠮᠧᠲ᠋ᠷ ᠤ᠋ᠨ ᠪᠠᠷᠢᠮᠵᠢᠶᠠᠵᠢᠭ᠍ᠰᠠᠨ ᠦᠢᠯᠡᠳᠪᠦᠷᠢ ᠨᠢᠭᠡᠨᠲᠡ 3 ᠵᠦᠢᠯ ᠤ᠋ᠨ ᠡᠷᠬᠡ ᠰᠦᠷᠲᠦ ᠭᠡᠷᠡᠴᠢᠯᠡᠯ ᠢ᠋ ᠣᠯᠵᠤ᠂ ᠪᠠᠲᠤ ᠪᠡᠬᠢ ᠦᠢᠯᠡᠳᠪᠦᠷᠢᠯᠡᠯ ᠤ᠋ᠨ ᠴᠢᠳᠠᠪᠤᠷᠢᠪᠣᠯᠤᠨ ᠶᠠᠰᠤ ᠴᠢᠨᠠᠷ ᠤ᠋ᠨ ᠭᠡᠷᠡᠴᠢᠯᠡᠯ ᠤ᠋ᠨ ᠱᠢᠰᠲ᠋ᠧᠮ ᠳ᠋ᠦ ᠲᠦᠱᠢᠭ᠌ᠯᠡᠨ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠵᠦ᠍ ᠡᠳ᠋ᠱᠢᠭᠦᠯᠬᠦ ᠡᠴᠡ ᠬᠥᠮᠥᠷᠭᠡᠯᠡᠨ ᠬᠠᠳᠠᠭᠠᠯᠠᠵᠤ ᠵᠦᠭᠡᠭᠡᠪᠦᠷᠢᠯᠡᠨ ᠬᠦᠷᠭᠡᠬᠦ᠌ ᠬᠦᠷᠲᠡᠯᠡᠬᠢ ᠪᠦᠬᠦ᠌ ᠬᠡᠯᠬᠢᠶᠡᠨ ᠤ᠋ ᠪᠠᠷᠢᠮᠵᠢᠶᠠᠵᠢᠭᠰᠠᠨ ᠬᠠᠮᠢᠶᠠᠷᠤᠯᠲᠠ ᠡᠵᠡᠮᠳᠡᠯ ᠢ᠋ ᠪᠡᠶᠡᠯᠡᠭᠦᠯᠪᠡ᠃ ᠣᠳᠣᠬᠠᠨ ᠳ᠋ᠦ ᠦᠶ᠋ᠯᠡᠳᠪᠦᠷᠢᠨᠢ ᠡᠳᠦᠷ ᠲᠤᠮᠳᠠᠴᠢ ᠪᠠᠷ 18 ᠲᠦᠮᠡᠨ ᠱᠣᠣᠮᠠᠶ ᠪᠠᠷᠢᠵᠦ᠂ ᠵᠢᠯ ᠳ᠋ᠦ 2500 ᠲᠣᠨ ᠢᠳᠡᠭᠡᠨ ᠦᠶ᠋ᠯᠡᠳᠪᠦᠷᠢᠯᠡᠬᠦ᠌ ᠴᠢᠳᠠᠪᠤᠷᠢᠲᠠᠢ ᠪᠤᠯᠵᠦ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠵᠢᠨ ᠳᠡᠯᠭᠡᠬᠦᠷ ᠲᠦ᠍ ᠬᠤᠳᠠᠯᠳᠤᠬᠤ ᠬᠤᠤᠰ ᠵᠠᠮ ᠵᠢᠡᠷ ᠪᠣᠷᠣᠯᠠᠭᠤᠯᠵᠤ ᠪᠠᠢᠨ᠎ᠠ᠃
ᠰᠦᠯᠵᠢᠶᠡᠨ ᠳᠡᠭᠡᠷ᠎ᠡ᠂ ᠲᠣᠰ ᠺᠣᠮᠫᠠᠨᠢ ᠪᠠᠷᠠᠭᠠᠨ ᠤ᠋ ᠭᠦᠶ᠋ᠯᠭᠡᠭᠡ ᠵᠢᠨ ᠬᠥᠮᠥᠷᠭᠡ ᠶ᠋ᠢᠨ ᠰᠦᠯᠵᠢᠶᠡᠳᠡᠭᠡᠨ ᠲᠦᠱᠢᠭ᠌ᠯᠡᠨ᠂ ᠦᠶ᠋ᠯᠡᠳᠬᠦᠨᠨᠢ ᠲᠤᠤ ᠪᠦᠦ᠂ ᠵᠢᠩ ᠳ᠋ᠦᠩ᠂ ᠱᠢᠶᠤᠤ ᠬᠣᠩ ᠱᠣ᠌ ᠵᠡᠷᠭᠡ ᠭᠤᠤᠯ ᠪᠣᠯᠬᠤ ᠬᠤᠳᠠᠯᠳᠤᠭᠠᠨ ᠤ᠋ ᠲᠠᠪᠴᠠᠩ ᠵᠢᠡᠷ ᠳᠠᠮᠵᠢᠨ ᠰᠦᠯᠵᠢᠶᠡᠨ ᠳ᠋ᠦ ᠭᠠᠷᠤᠭ᠍ᠰᠠᠨ ᠪᠥᠭᠡᠳ ᠡᠯ᠎ᠡ ᠲᠥᠷᠥᠯ ᠤ᠋ᠨ ᠵᠢᠯ ᠤ᠋ᠨ ᠡᠴᠦᠰ ᠤ᠋ᠨ ᠪᠣᠷᠣᠯᠠᠭᠤᠯᠭᠠᠵᠢ ᠠᠬᠢᠭᠤᠯᠬᠤ ᠠᠵᠢᠯᠯᠠᠭ᠎ᠠ ᠳ᠋ᠦ ᠢᠳᠡᠪᠬᠢᠲᠡᠶ ᠣᠷᠣᠯᠴᠠᠨ᠎ᠠ᠃ ᠪᠤᠳᠠᠳᠤ ᠴᠤᠬᠴᠠ ᠵᠢᠨ ᠳᠡᠯᠭᠡᠭᠦᠷ ᠤ᠋ᠨ ᠪᠤᠷᠤᠯᠠᠭᠤᠯᠭ᠎ᠠ ᠵᠢᠨ ᠲᠠᠯ᠎ᠠ ᠪᠡᠷ᠂ ᠲᠣᠰ ᠺᠣᠮᠫᠠᠨᠢ ᠾᠧ ᠮᠠ ᠱᠢᠶᠠᠨ ᠱᠧᠩ᠂ ᠰᠢ ᠪᠸᠢ᠂ ᠡᠷᠳᠡᠨᠢ ᠵᠡᠷᠭᠡ ᠨᠠᠷᠠᠲᠤ ᠠᠵᠤ ᠠᠬᠤᠢᠯᠠᠯ ᠤᠨ ᠳᠤᠤᠷᠠᠬᠢ ᠬᠡᠳᠦᠨ ᠵᠠᠭᠤᠨ ᠳᠡᠯᠭᠡᠭᠦᠷ ᠲᠦ ᠪᠦᠲᠦᠭᠡᠭᠳᠡᠭᠦᠨ ᠵᠢᠡᠨ ᠬᠦᠷᠭᠡᠵᠦ᠂ ᠡᠳᠦᠷ ᠤ᠋ᠨ ᠦᠶ᠋ᠯᠡᠴᠢᠯᠡᠭᠡ ᠨᠢ ᠲᠦᠮᠡ ᠱᠢᠬᠠᠮ ᠬᠥᠮᠦᠨ ᠳ᠋ᠦ ᠬᠦᠷᠴᠡᠶ᠃ 《ᠣᠳᠣᠬᠠᠨ ᠳ᠋ᠦ ᠪᠥᠬᠥ᠌ ᠠᠵᠢᠯᠲᠠᠨ ᠠᠵᠢᠯᠴᠢᠨ ᠶᠠᠭ ᠣᠨ ᠤ᠋ ᠬᠠᠷᠠᠯᠲᠠ ᠶ᠋ᠢᠨ ᠲᠣᠭᠣᠷᠢᠨ ᠳ᠋ᠦ ᠪᠥᠬᠥ᠌ ᠬᠦᠴᠦᠨ ᠢ᠋ᠶ᠋ᠡᠷ ᠢ᠋ᠶ᠋ᠡᠨ ᠱᠢᠪᠲᠤᠯᠤᠯᠲᠠ ᠬᠢᠵᠦ᠍᠂ ᠡᠯᠧᠺᠲ᠋ᠷᠣᠨ ᠬᠤᠳᠠᠯᠳᠤᠭᠠᠨ ᠤ᠋ ᠪᠦᠯᠬᠦᠮ ᠪᠣᠯᠤᠨ ᠦᠶ᠋ᠯᠡᠳᠪᠦᠷᠢᠯᠡᠯ᠂ ᠪᠠᠷᠠᠭᠠᠨ ᠤ᠋ ᠭᠦᠶ᠋ᠯᠭᠡᠭᠡ ᠵᠢᠨ ᠰᠠᠯᠠᠭ᠎ᠠ ᠮᠥᠴᠢᠷ ᠲᠠᠢ ᠨᠢᠭ᠍ᠲᠠ ᠬᠠᠮᠵᠢᠯᠴᠠᠵᠤ᠂ ᠵᠠᠬᠢᠶᠠᠯᠠᠭ᠎ᠠ ᠶ᠋ᠢᠨ ᠣᠷᠭᠢᠯ ᠦᠶ᠎ᠡ ᠵᠢ ᠠᠷᠭᠠᠴᠠᠭᠠᠵᠤ ᠪᠠᠢᠨ᠎ᠠ》 ᠭᠡᠵᠦ ᠥᠪᠥᠷ ᠮᠣᠩᠭᠣᠯ ᠤ᠋ᠨ ᠵᠠᠩ ᠱᠢᠶᠤᠤ ᠵᠢᠤᠢ ᠢᠳᠡᠭᠡᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠶ᠋ᠢᠨ ᠲᠤᠰᠠᠯᠠᠭ᠍ᠴᠢ ᠯᠢ ᠰᠢ ᠳ᠋ᠦᠩ ᠲᠠᠨᠢᠯᠴᠠᠭᠤᠯᠤᠨ᠎ᠠ᠃ ᠠᠵᠤ ᠠᠬᠤᠢᠯᠠᠯ ᠤ᠋ᠳ ᠤᠯᠠᠮᠵᠢᠯᠠᠯᠲᠤ ᠠᠮᠲᠠᠲᠤ ᠢᠳᠡᠭᠡᠨ ᠪᠠ ᠣᠲᠣ ᠦᠶ᠎ᠡ ᠶ᠋ᠢᠨ ᠢᠳᠡᠭᠡᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠯᠧᠺᠲ᠋ᠷᠣᠨ ᠬᠤᠳᠠᠯᠳᠤᠭᠠᠨ ᠤ᠋ ᠪᠣᠷᠣᠯᠠᠭᠤᠯᠭ᠎ᠠ ᠵᠢ ᠬᠠᠷᠢᠯᠴᠠᠨ ᠤᠶᠠᠯᠳᠤᠭᠤᠯᠬᠤᠪᠠᠷ ᠳᠠᠮᠵᠢᠭᠤᠯᠤᠨ᠂ ᠬᠥᠬᠡᠬᠣᠲᠠᠪᠠᠷ ᠲᠥᠪ ᠪᠣᠯᠭᠠᠭ᠍ᠰᠠᠨ᠂ ᠪᠥᠬᠥ᠌ ᠤᠯᠤᠰ ᠢ᠋ ᠬᠠᠮᠤᠷᠤᠭ᠍ᠰᠠᠨ ᠵᠠᠬ᠎ᠠ ᠳᠡᠯᠭᠡᠭᠦᠷ ᠤ᠋ᠨ ᠪᠠᠢᠷᠢᠱᠢᠯ ᠢ᠋ ᠠᠩᠬ᠎ᠠ ᠠᠯᠬᠤᠮ ᠪᠦᠷᠢᠯᠳᠦᠭᠦᠯᠵᠠᠢ᠃
《ᠪᠢᠳᠡ ᠤᠷᠤᠨ ᠨᠤᠲᠤᠭ ᠤ᠋ᠨ ᠰᠣᠶᠣᠯ ᠵᠢᠭᠤᠯᠴᠢᠯᠠᠯ ᠢ᠋ ᠠᠯᠳᠠᠷᠰᠢᠭᠤᠯᠬᠤ ᠠᠵᠠ ᠲᠣᠬᠢᠶᠠᠯ ᠢ᠋ ᠵᠠᠪᠳᠤᠬᠰᠠᠨ》 ᠭᠡᠵᠦ᠍ ᠯᠢ ᠰᠢ ᠳ᠋ᠦᠩ ᠤᠪᠤᠭ᠎ᠠ ᠲᠤᠪᠤᠭ᠎ᠠ ᠵᠠᠬᠢᠶᠠᠯᠠᠭ᠎ᠠ ᠶ᠋ᠢᠨ ᠬᠠᠭᠤᠳᠠᠰᠤ ᠵᠢ ᠵᠢᠭᠠᠵᠤ ᠢᠨᠢᠶᠡᠮᠰᠦᠭ᠌ᠯᠡᠨ ᠬᠡᠯᠡᠨ᠎ᠡ᠃ ᠲᠤᠰ ᠺᠣᠮᠫᠠᠨᠢ ᠬᠥᠬᠡᠬᠣᠲᠠ ᠶ᠋ᠢᠨ ᠰᠣᠶᠣᠯ ᠵᠢᠭᠤᠯᠴᠢᠯᠠᠯ ᠢ᠋ ᠭᠠᠳᠠᠭ᠍ᠰᠢ ᠤᠬᠠᠭᠤᠯᠬᠤ ᠬᠠᠨᠳᠤᠰᠢ ᠵᠢ ᠳᠠᠭᠠᠵᠤ᠂ ᠦᠶ᠋ᠯᠡᠳᠬᠦᠨ ᠢ᠋ᠶ᠋ᠡᠨ 《ᠠᠪᠴᠤ᠌ ᠶᠠᠪᠤᠵᠤ ᠪᠣᠯᠬᠤ ᠲᠠᠯ᠎ᠠ ᠨᠤᠲᠤᠭ ᠤ᠋ᠨ ᠦᠨᠦᠷ ᠠᠮᠲᠠ》 ᠬᠡᠵᠦ ᠤᠬᠠᠭᠤᠯᠤᠨ᠂ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠢ᠋ᠶ᠋ᠠᠷ ᠳᠡᠮᠵᠢᠨ ᠬᠥᠯᠳᠡᠭᠡᠭ᠌ᠰᠡᠨ ᠱᠣᠣᠮᠠᠶ᠂ ᠣᠨᠴᠠᠯᠢᠭ᠍ᠲᠤ ᠰᠦ ᠲᠡᠶ ᠴᠠᠶ ᠵᠡᠷᠭᠡ ᠦᠶ᠋ᠯᠡᠳᠬᠦᠨ ᠢ᠋ᠶ᠋ᠡᠨ ᠪᠥᠬᠥ᠌ ᠤᠯᠤᠰ ᠲᠦ᠍ ᠳᠡᠯᠭᠡᠷᠡᠭᠦᠯᠪᠡ᠃
ᠵᠠᠭᠤᠴᠢᠯᠠᠭᠤᠷ ᠢ᠋ᠶ᠋ᠡᠷ ᠳᠠᠮᠵᠢᠨ ᠬᠥᠬᠡᠬᠣᠲᠠ ᠶ᠋ᠢᠨ ᠲᠡᠦᠬᠡ ᠰᠣᠶᠣᠯ᠂ ᠬᠠᠭᠤᠴᠢ ᠪᠠᠭᠤᠷᠢᠨᠤᠭᠤᠳ ᠪᠥᠬᠥ᠌ ᠤᠯᠤᠰ ᠤ᠋ᠨ ᠬᠠᠷᠠᠭᠠᠨ ᠳ᠋ᠦ ᠤᠷᠤᠵᠦ᠂ 《ᠬᠥᠬᠡᠬᠣᠲᠠ ᠶ᠋ᠢᠨ ᠦᠨᠦᠷ ᠠᠮᠲᠠ》 ᠶ᠋ᠢᠨ ᠲᠤᠬᠠᠶ ᠬᠦᠮᠦᠰ ᠠᠩᠬᠠᠷᠬᠤ ᠪᠤᠯᠪᠠ᠃ ᠬᠠᠯᠠᠭᠤᠨ ᠠᠭᠤᠷ ᠰᠠᠪᠰᠠᠭᠰᠠᠨ ᠱᠣᠣᠮᠠᠢ ᠪᠣᠯᠤᠨ ᠲᠠᠯ᠎ᠠ ᠨᠤᠲᠤᠭ ᠤ᠋ᠨ ᠡᠪᠦᠯ ᠤ᠋ᠨ ᠦᠵᠡᠮᠵᠢ ᠮᠢᠩᠭᠠᠨ ᠭᠠᠵᠠᠷ ᠤ᠋ᠨ ᠲᠡᠷᠲᠡᠭᠡᠬᠢ ᠦᠵᠡᠭ᠌ᠴᠢᠳ ᠤ᠋ᠨ ᠭᠠᠷ ᠤᠲᠠᠰᠤᠨ ᠤ᠋ ᠳᠡᠯᠭᠡᠴᠡ ᠳᠡᠭᠡᠷ᠎ᠡ ᠢᠯᠡᠷᠡᠬᠦ᠌ ᠦᠶ᠎ᠡ ᠳ᠋ᠦ᠂ ᠡᠨᠡ ᠬᠦ᠌ 《ᠠᠪᠴᠤ᠌ ᠶᠠᠪᠤᠵᠤ ᠪᠣᠯᠬᠤ ᠬᠥᠬᠡᠬᠣᠲᠠ ᠶ᠋ᠢᠨ ᠦᠨᠦᠷ ᠠᠮᠲᠠ》 ᠨᠢ ᠡᠯᠧᠺᠲ᠋ᠷᠣᠨ ᠬᠤᠳᠠᠯᠳᠤᠭ᠎ᠠ ᠪᠡᠷ ᠳᠠᠮᠵᠢᠨ ᠤᠯᠠᠮᠠᠴᠠ ᠤᠯᠠᠨ ᠭᠠᠳᠠᠷ ᠤᠷᠤᠨ ᠤ᠋ ᠬᠦᠮᠦᠰ ᠤ᠋ᠨ ᠬᠣᠭᠣᠯᠠᠨ ᠱᠢᠷᠡᠭᠡᠨ ᠳ᠋ᠦ ᠭᠠᠷᠴᠤ᠌ ᠪᠠᠢᠨ᠎ᠠ᠃
ᠦᠳᠡᠰᠢᠶᠢᠨ ᠬᠦᠰᠢᠭᠡ ᠨᠡᠭᠡᠭᠡᠭᠳᠡᠭᠦᠶᠡ᠂ ᠬᠥᠬᠡᠬᠣᠲᠠ ᠬᠤᠪᠢᠶᠢᠨ ᠭᠠᠳᠠᠨ᠎ᠠ ᠠᠮᠤᠷ ᠠᠮᠤᠭᠤᠯᠠᠩ ᠡᠶ᠎ᠠ ᠨᠠᠢᠷᠳᠠᠢ ᠬᠠᠷᠠᠭᠳᠠᠨ᠎ᠠ᠂ ᠥᠪᠥᠷ ᠮᠣᠩᠭᠣᠯ ᠤ᠋ᠨ ᠵᠠᠩ ᠱᠢᠶᠤᠤ ᠵᠢᠤᠢ ᠢᠳᠡᠭᠡᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠺᠣᠮᠫᠠᠨᠢ ᠶ᠋ᠢᠨ ᠦᠢᠯᠡᠳᠪᠦᠷᠢ ᠶ᠋ᠢᠨ ᠳᠠᠰᠤᠭ ᠲᠦ᠍ ᠳ᠋ᠧᠩ ᠤ᠋ᠨ ᠭᠡᠷᠡᠯ ᠬᠢᠯᠠᠯᠵᠠᠵᠤ᠂ ᠠᠵᠢᠯᠳᠠᠳ ᠡᠭᠡ ᠤᠯᠤᠰ ᠤ᠋ᠨ ᠡᠯ᠎ᠠ ᠭᠠᠵᠠᠷ ᠳᠡᠢᠰᠢ ᠬᠥᠬᠡᠬᠣᠲᠠ ᠶ᠋ᠢᠨ ᠦᠨᠦᠷ ᠠᠮᠲᠠ ᠵᠢ ᠪᠡᠯᠡᠳᠦᠨ ᠴᠠᠭ ᠨᠡᠮᠡᠨ ᠠᠵᠢᠯᠯᠠᠨ᠎ᠠ᠃