ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ ᠦᠨᠳᠦᠰᠦ ᠰᠠᠭᠤᠷᠢ᠎ᠵᠢ ᠪᠡᠬᠢᠵᠢᠭᠦᠯᠵᠦ ᠨᠠᠮ᠎ᠤᠨ ᠪᠠᠢᠭᠤᠯᠤᠯᠲᠠ ᠪᠡᠷ ᠬᠦᠳᠦᠯᠦᠨ ᠳᠠᠭᠠᠭᠤᠯᠵᠦ ᠰᠢᠨ᠎ᠡ ᠬᠠᠭᠤᠳᠠᠰᠤ᠎ᠶᠢ ᠪᠢᠴᠢᠭᠯᠡᠨ᠎ᠡ
2025-12-22 10:54:24
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠬᠴᠢ᠎ᠶᠢᠨ ᠦᠭᠡ᠄ 《ᠨᠠᠮ᠎ᠤᠨ ᠪᠠᠢᠭᠤᠯᠤᠯᠲᠠ》 ᠲᠤᠰᠬᠠᠢ ᠬᠡᠪᠯᠡᠯ᠎ᠤᠨ 2025 ᠤᠨ᠎ᠤ ᠬᠠᠮᠤᠭ᠎ᠤᠨ ᠰᠡᠭᠦᠯᠴᠢ ᠢ᠋ᠢᠨ ᠬᠡᠪᠯᠡᠯ ᠤᠩᠰᠢᠬᠴᠢ ᠤᠯᠠᠨ᠎ᠤ ᠡᠮᠦᠨ᠎ᠡ ᠲᠡᠯᠭᠡᠭᠲᠡᠵᠦ ᠪᠠᠢᠨ᠎ᠠ᠃ 《ᠨᠠᠮ᠎ᠤᠨ ᠪᠠᠢᠭᠤᠯᠤᠯᠲᠠ》 ᠲᠤᠰᠬᠠᠢ ᠬᠡᠪᠯᠡᠯ ᠮᠠᠨᠢ 2025 ᠤᠨ᠎ᠳᠤ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ ᠢ᠋ ᠤᠯᠠᠨ ᠲᠦᠮᠡᠨ᠎ᠤ ᠲᠡᠷᠬᠡᠲᠡ ᠬᠦᠷᠬᠡᠭᠰᠡᠨ 《ᠤᠬᠠᠭᠤᠯᠤᠨ ᠲᠠᠢᠯᠪᠤᠷᠢᠯᠠᠯᠲᠠ ᠢ᠋ᠢᠨ ᠬᠦᠴᠦᠨ》 ᠰᠢᠷᠢᠰ ᠮᠡᠲᠡᠭᠡᠯᠡᠯ᠂ ᠨᠠᠮ᠎ᠤᠨ ᠪᠠᠢᠭᠤᠯᠤᠯᠲᠠ ᠪᠠ ᠰᠠᠢᠨ ᠲᠤᠷ᠎ᠠ ᠢ᠋ᠢᠨ ᠦᠢᠯᠡᠴᠢᠯᠡᠭᠡ ᠵᠢ ᠠᠭᠤᠰᠤᠯᠴᠠᠭᠤᠯᠤᠬᠰᠠᠨ 《ᠰᠠᠢᠨ ᠲᠤᠷ᠎ᠠ ᠢ᠋ᠢᠨ ᠦᠢᠯᠡᠴᠢᠯᠡᠭᠡ ᠪᠡᠷ ᠤᠮᠠᠷᠠᠲᠦ ᠬᠢᠯᠢ ᠵᠢ ᠬᠡᠷᠡᠯᠲᠦᠭᠦᠯᠬᠦ》 ᠰᠢᠷᠢᠰ ᠮᠡᠲᠡᠭᠡᠯᠡᠯ ᠵᠡᠷᠭᠡ ᠭᠤᠤᠯᠳᠠᠯᠭᠠᠳᠦ ᠮᠡᠳᠡᠭᠡᠯᠡᠯ᠎ᠢ ᠤᠬᠠᠭᠠᠯᠠᠨ ᠮᠡᠳᠡᠭᠡᠯᠡᠬᠦ ᠵᠢᠨ ᠬᠠᠮᠳᠦ᠂ ᠪᠦᠬᠦ ᠤᠷᠤᠨ᠎ᠤ ᠡᠯ᠎ᠡ ᠭᠠᠵᠠᠷ ᠤᠷᠤᠨ᠎ᠤ ᠨᠠᠮ᠎ᠤᠨ ᠪᠠᠢᠭᠤᠯᠤᠲᠠ ᠢ᠋ᠢᠨ ᠠᠵᠢᠯ᠎ᠤᠨ ᠤᠨᠴᠠᠯᠢᠬᠲᠦ ᠠᠷᠭ᠎ᠠ ᠬᠢᠲᠡᠯ᠂ ᠦᠢᠯᠡᠲᠦᠯᠭᠡ ᠲᠤᠷᠰᠢᠯᠭ᠎ᠠ ᠵᠢ ᠬᠦᠨᠵᠡᠭᠡᠢ ᠮᠦᠷᠲᠡᠭᠡᠨ ᠪᠦᠬᠦ ᠲᠠᠯ᠎ᠠ ᠪᠡᠷ ᠮᠡᠲᠡᠭᠡᠯᠡᠭᠰᠡᠨ ᠪᠠᠢᠨ᠎ᠠ᠃  

2026 ᠤᠨ᠎ᠳᠤ᠂ 《ᠨᠠᠮ᠎ᠤᠨ ᠪᠠᠢᠭᠤᠯᠤᠯᠲᠠ》 ᠲᠤᠰᠬᠠᠢ ᠬᠡᠪᠯᠡᠯ ᠮᠠᠨᠢ ᠡᠯ᠎ᠡ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ᠎ᠤᠨ ᠠᠷᠠᠳ᠎ᠲᠤ ᠠᠰᠢᠭ᠋ ᠬᠦᠷᠲᠡᠭᠡᠬᠦ ᠨᠠᠮ᠎ᠤᠨ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠰᠠᠨ᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦᠭᠰᠡᠨ᠂ ᠵᠢᠱ᠌ᠢᠶ᠎ᠡ ᠦᠵᠡᠭᠦᠯᠵᠦ ᠬᠦᠲᠦᠯᠦᠨ ᠲᠠᠭᠠᠭᠤᠯᠤᠬᠰᠠᠨ ᠦᠨᠳᠦᠰᠦᠨ ᠱᠠᠲᠤᠨ᠎ᠤ ᠮᠡᠲᠡᠭᠡᠯᠡᠯ᠎ᠤᠳ ᠢ᠋ ᠤᠩᠰᠢᠬᠴᠢ ᠤᠯᠠᠨ᠎ᠳᠠᠭᠠᠨ ᠬᠦᠷᠬᠡᠬᠦ ᠪᠡᠷ ᠪᠤᠢ᠃


2025 ᠤᠨ᠎ᠳᠤ᠂ ᠦᠪᠦᠷ ᠮᠤᠩᠭᠤᠯ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ ᠎ᠪᠠᠷ ᠨᠠᠢᠳᠠᠪᠤᠷᠢᠵᠢᠭᠤᠯᠤᠨ᠂ ᠶᠡᠬᠡ ᠲᠠᠯ᠎ᠠ᠎ᠳᠤ ᠦᠢᠯᠡᠴᠢᠯᠡᠬᠦ᠎ᠶᠢ ᠳᠣᠪᠣᠶ᠋ᠢᠯᠭᠠᠵᠤ᠂ ᠠᠰᠠᠭᠤᠳᠠᠯ᠎ᠤᠨ ᠤᠳᠤᠷᠢᠳᠤᠮᠵᠢ᠎ᠶᠢ ᠳᠣᠪᠣᠶ᠋ᠢᠯᠭᠠᠨ᠂ ᠴᠢᠩᠭ᠎ᠠ ᠪᠣᠳᠠᠲᠠᠢ ᠰᠤᠷᠲᠠᠯ᠎ᠢ ᠳᠣᠪᠣᠶ᠋ᠢᠯᠭᠠᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ ᠎ᠢ ᠰᠠᠢᠲᠤᠷ ᠬᠢᠬᠦ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠡᠬᠢᠯᠡᠯᠳᠡ》 ᠵᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》 ᠵᠢ ᠥᠷᠨᠢᠭᠦᠯᠬᠦ᠎ᠶᠢᠨ ᠲᠣᠭᠣᠷᠢᠨ᠎ᠳᠤ᠂ ᠨᠠᠮ᠎ᠤᠨ ᠪᠠᠢᠭᠤᠯᠤᠯᠲᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠣᠨᠣᠯ᠎ᠢᠶᠠᠷ ᠵᠡᠪᠰᠡᠭᠯᠡᠬᠦ᠂ ᠮᠡᠷᠭᠡᠳ᠎ᠢ ᠰᠣᠩᠭᠣᠨ ᠴᠢᠳᠠᠪᠤᠷᠢᠲᠠᠨ᠎ᠢ ᠬᠡᠷᠡᠭᠯᠡᠬᠦ᠂ ᠰᠠᠭᠤᠷᠢ᠎ᠶᠢ ᠪᠠᠲᠤᠳᠬᠠᠨ ᠦᠨᠳᠦᠰᠦ ᠎ᠶᠢ ᠪᠡᠬᠢᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠵᠦ ᠴᠢᠳᠠᠪᠤᠷᠢᠲᠠᠨ᠎ᠢ ᠴᠤᠭᠯᠠᠭᠤᠯᠬᠤ ᠡᠯ᠎ᠡ ᠵᠦᠢᠯ᠎ᠦᠨ ᠠᠵᠢᠯ ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠋ ᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠪᠠ᠃


QQ截图20251217111712.png


ᠭᠤᠤᠯ ᠰᠡᠲᠦᠪᠲᠦ ᠬᠦᠮᠦᠵᠢᠯ ᠎ᠳᠤ ᠠᠩᠬᠠᠷᠤᠯ ᠢ᠋ᠢᠡᠨ ᠲᠦᠪᠯᠡᠷᠡᠭᠦᠯᠦᠨ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ ᠢ᠋ ᠰᠡᠳᠬᠢᠯ᠎ᠳᠤ ᠬᠠᠲᠠᠩᠰᠢᠭᠤᠯᠪᠠ

2025 ᠤᠨ᠎ᠤ ᠪᠦᠬᠦ ᠤᠯᠤᠰ᠎ᠤᠨ ᠬᠤᠶᠠᠷ ᠬᠤᠷᠠᠯ᠎ᠤᠨ ᠲᠠᠷᠠᠭ᠎ᠠ ᠪᠥᠬᠥ ᠨᠠᠮ᠎ᠤᠨ ᠬᠡᠪᠴᠢᠶᠡᠨ᠎ᠳᠦ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠎ᠢ ᠥᠷᠨᠢᠭᠦᠯᠦᠭᠰᠡᠨ ᠨᠢ ᠡᠨᠡ ᠵᠢᠯ᠎ᠤᠨ ᠨᠠᠮ᠎ᠤᠨ ᠪᠠᠢᠭᠤᠯᠤᠯᠲᠠ ᠢ᠋ᠢᠨ ᠠᠵᠢᠯ᠎ᠤᠨ ᠭᠤᠤᠯᠲᠠᠯᠭ᠎ᠠ ᠲᠠᠢ ᠡᠭᠦᠷᠭᠡ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠬᠤᠷᠠᠯ ᠵᠢᠴᠢ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠰᠤᠷᠤᠯᠴᠠᠯᠭ᠎ᠠ ᠬᠥᠮᠦᠵᠢᠯ᠎ᠦᠨ ᠬᠡᠷᠡᠭᠵᠢᠭᠦᠯᠬᠦ ᠲᠥᠰᠥᠯ᠎ᠢ ᠬᠢᠨᠠᠨ ᠲᠣᠭᠲᠠᠭᠠᠵᠤ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃

ᠪᠦᠬᠦ ᠤᠷᠤᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ ᠬᠢᠨ ᠤᠬᠠᠮᠰᠠᠷ ᠡᠴᠡ᠎ᠪᠠᠨ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠶᠢ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ 《ᠳᠠᠷᠤᠭᠠᠰᠤ᠎ᠶᠢ ᠬᠥᠩᠭᠡᠷᠡᠭᠦᠯᠬᠦ᠂ ᠬᠦᠴᠦᠨ ᠣᠯᠭᠣᠬᠤ᠂ ᠬᠦᠴᠢᠷᠳᠡᠯ ᠡᠴᠡ ᠠᠩᠭᠢᠵᠢᠷᠠᠭᠤᠯᠬᠤ᠂ ᠴᠡᠭᠴᠡᠯᠡᠨ ᠰᠠᠢᠵᠢᠷᠠᠭᠤᠯᠬᠤ᠂ ᠱᠠᠯᠠᠪᠳᠠᠭᠤᠯᠬᠤ》 ᠵᠡᠷᠭᠡ ᠠᠵᠢᠯ᠎ᠢ ᠰᠠᠢᠲᠤᠷ ᠬᠢᠬᠦ᠎ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠡᠬᠢᠯᠡᠯᠳᠡ》 ᠵᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》 ᠵᠢ ᠥᠷᠨᠢᠭᠦᠯᠬᠦ᠎ᠲᠠᠢ ᠤᠶᠠᠯᠳᠤᠭᠤᠯᠤᠨ᠂ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠪᠠ᠃

ᠠᠯᠠᠱᠠ ᠠᠢᠮᠠᠭ᠎ᠤᠨ ᠬᠢᠨ ᠠᠰᠠᠭᠤᠳᠠᠯ᠎ᠢ ᠰᠢᠢᠳᠪᠦᠷᠢᠯᠡᠭᠦ ᠦᠷ᠎ᠡ ᠪᠦᠲᠦᠮᠵᠢ᠎ᠶᠢ ᠰᠤᠷᠤᠯᠴᠠᠯᠭ᠎ᠠ ᠬᠥᠮᠦᠵᠢᠯ᠎ᠦᠨ ᠴᠢᠨᠠᠷ ᠴᠢᠨᠰᠠᠭ᠎ᠠ᠎ᠶᠢ ᠰᠢᠯᠭᠠᠬᠤ 《ᠰᠢᠯᠭᠠᠭᠤᠷ》 ᠪᠣᠯᠭᠠᠵᠤ᠂ ᠤᠯᠠᠨ ᠲᠦᠮᠡᠨ᠎ᠦ ᠪᠠᠴᠢᠮᠳᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ 《ᠵᠠᠪᠠᠯ ᠴᠡᠭᠴᠡᠯᠡᠨ ᠵᠠᠰᠠᠬᠤ ᠵᠦᠢᠯ》 ᠪᠣᠯᠭᠠᠵᠤ᠂ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠵᠠᠰᠠᠬᠤ᠎ᠶᠢ ᠠᠬᠢᠭᠤᠯᠤᠨ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠪᠣᠯᠣᠨ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠡᠢ᠃ ᠠᠯᠠᠱᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋᠎ᠤᠨ ᠬᠢᠨ 12 ᠵᠢᠯ ᠦᠯᠡᠳᠡᠭᠳᠡᠵᠦ ᠢᠷᠡᠭᠰᠡᠨ ᠪᠠᠶᠠᠨᠮᠥ᠋ᠷᠡᠨ ᠰᠤᠮᠤ᠎ᠶᠢᠨ ᠤᠯᠠᠭᠠᠨᠪᠦ᠋ᠬᠡ ᠭᠠᠴᠠᠭ᠎ᠠ᠎ᠶᠢᠨ ᠭᠠᠵᠠᠷ ᠰᠢᠷᠣᠢ᠎ᠶᠢᠨ ᠲᠥᠯᠥᠪᠦᠷᠢ᠎ᠶᠢᠨ ᠵᠣᠭᠣᠰ᠎ᠢ ᠬᠤᠪᠢᠶᠠᠷᠢᠯᠠᠬᠤ ᠠᠰᠠᠭᠤᠳᠠᠯ᠎ᠢ ᠨᠠᠮ᠎ᠤᠨ ᠠᠵᠢᠯ᠎ᠤᠨ ᠬᠣᠷᠢᠶ᠎ᠠ᠎ᠶᠢᠨ ᠤᠳᠤᠷᠢᠳᠬᠤ ᠪᠠᠭ᠎ᠤᠨ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠳᠠᠩᠰᠠᠨ᠎ᠳᠤ ᠣᠷᠣᠭᠤᠯᠵᠤ᠂ 4121.58 ᠲᠦᠮᠡᠨ ᠲᠥᠭᠥᠷᠢᠭ᠎ᠦᠨ ᠲᠥᠯᠥᠪᠦᠷᠢ᠎ᠶᠢᠨ ᠵᠣᠭᠣᠰ᠎ᠢ ᠪᠦᠬᠦᠨ᠎ᠢ ᠮᠠᠯᠴᠢᠨ ᠲᠠᠷᠢᠶᠠᠴᠢᠨ᠎ᠳᠤ ᠥᠭᠴᠦ᠂ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠢ ᠤᠯᠠᠨ ᠵᠢᠯ ᠵᠣᠪᠠᠭᠠᠵᠤ ᠪᠠᠢᠭᠰᠠᠨ ᠲᠦᠪᠡᠭᠲᠡᠢ ᠶᠠᠪᠤᠳᠠᠯ᠎ᠢ ᠰᠢᠢᠳᠪᠦᠷᠢᠯᠡᠪᠡ᠃

ᠡᠨᠡ ᠵᠢᠯ ᠦᠪᠦᠷ ᠮᠤᠩᠭᠤᠯ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠤᠨᠤᠰᠴᠤ᠂ ᠨᠠᠮ ᠢ᠋ᠢᠡᠨ ᠲᠠᠭᠠᠨ ᠤᠷᠤᠬᠰᠢᠯᠠᠬᠤ》 ᠤᠯᠠᠨ ᠲᠦᠮᠡᠨᠴᠢ ᠬᠦᠮᠦᠵᠢᠯ ᠢ᠋ ᠪᠠᠢᠩᠭᠤᠵᠢᠭᠤᠯᠤᠨ ᠦᠷᠨᠢᠭᠦᠯᠵᠦ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠨᠠᠮ᠎ᠤᠨ ᠠᠷᠠᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠨᠡᠪᠳᠡᠷᠡᠳᠡᠯ᠎ᠠ ᠶᠠᠷᠢᠵᠦ᠂ ᠬᠠᠢᠷ᠎ᠠ ᠰᠡᠳᠬᠢᠯᠭᠡ᠎ᠪᠡᠷ᠎ᠢᠶᠡᠨ ᠠᠷᠠᠳ᠎ᠲᠤ ᠪᠣᠳᠠᠲᠤ ᠶᠠᠪᠤᠳᠠᠯ ᠬᠢᠵᠦ ᠥᠭᠴᠤ᠂ ᠨᠠᠮ ᠪᠣᠯᠣᠨ ᠤᠯᠠᠨ ᠲᠦᠮᠡᠨ᠎ᠦ ᠬᠠᠷᠢᠴᠠᠭ᠎ᠠ᠎ᠶᠢ ᠨᠢᠭ᠍ᠲᠠᠷᠠᠭᠤᠯᠤᠨ᠂ ᠨᠠᠮ᠎ᠤᠨ ᠠᠴᠢ᠎ᠳᠤ ᠲᠠᠯᠠᠷᠬᠠᠨ ᠡᠷᠡᠮᠡᠬᠡᠢᠯᠡᠨ ᠤᠷᠤᠭᠰᠢᠯᠠᠬᠤ ᠠᠭᠤᠷ ᠠᠮᠢᠰᠬᠤᠯ᠎ᠢ ᠪᠤᠢ ᠪᠣᠯᠭᠠᠪᠠ᠃

ᠲᠦᠩᠯᠢᠶᠤᠤ ᠬᠤᠲᠠ ᠢ᠋ᠢᠨ ᠵᠠᠷᠤᠳ ᠬᠣᠰᠢᠭᠤᠨ᠎ᠤ ᠬᠢᠨ 《ᠨᠠᠮ᠎ᠤᠨ ᠠᠴᠢ ᠎ᠳᠤ ᠲᠠᠯᠠᠷᠬᠠᠨ᠂ ᠨᠠᠮ᠎ᠤᠨ ᠦᠭᠡ ᠵᠢ ᠰᠤᠨᠤᠰᠴᠤ᠂ ᠨᠠᠮ ᠢ᠋ᠢᠡᠨ ᠲᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ᠎ᠦᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠣᠷᠭᠠᠨᠢᠭ᠋᠎ᠢᠶᠠᠷ ᠤᠶᠠᠯᠳᠤᠭᠤᠯᠵᠤ᠂ 《ᠨᠤᠲᠤᠭ᠎ᠤᠨ ᠠᠶᠠᠯᠭᠤ᠎ᠪᠠᠷ ᠤᠨᠤᠯ ᠶᠠᠷᠢᠬᠤ》 ᠠᠷᠠᠳ᠎ᠤᠨ ᠨᠡᠷᠡᠳᠦ ᠬᠦᠮᠦᠰ᠎ᠤᠨ ᠤᠨᠤᠯ᠎ᠤᠨ ᠤᠬᠠᠭᠤᠯᠤᠨ ᠲᠠᠢᠯᠪᠤᠷᠢᠯᠠᠯᠲᠠ ᠢ᠋ᠢᠨ ᠲᠦᠷᠦᠯ ᠲᠡᠮᠲᠡᠭ ᠢ᠋ ᠡᠭᠦᠳᠴᠦ᠂ ᠲᠤᠰᠬᠠᠢ ᠮᠡᠷᠭᠡᠵᠢᠯᠲᠡᠨ᠂ ᠣᠷᠣᠨ ᠨᠤᠲᠤᠭ᠎ᠤᠨ ᠴᠢᠳᠠᠪᠤᠷᠢᠲᠠᠨ ᠎ᠢ ᠢᠳᠡᠪᠬᠢᠲᠡᠢ᠎ᠪᠡᠷ ᠵᠣᠬᠢᠶᠠᠨ ᠪᠠᠢᠭᠤᠯᠤᠨ᠂ ᠮᠠᠯᠴᠢᠨ ᠲᠠᠷᠢᠶᠠᠴᠢᠳ᠎ᠲᠤ ᠮᠡᠷᠭᠡᠵᠢᠯ᠎ᠦᠨ ᠵᠢᠯᠣᠭᠣᠳᠤᠯᠭ᠎ᠠ ᠬᠠᠩᠭᠠᠵᠤ᠂ ᠣᠯᠠᠨ ᠲᠦᠮᠡᠨ᠎ᠢ ᠬᠠᠪᠰᠤᠷᠤᠨ ᠣᠨᠴᠠᠯᠢᠭ᠍ᠲᠤ ᠲᠠᠷᠢᠮᠠᠯ᠂ ᠲᠡᠵᠢᠭᠡᠨ ᠦᠷᠡᠵᠢᠭᠦᠯᠬᠦ ᠠᠵᠤ ᠦᠢᠯᠡᠰ᠎ᠢ ᠬᠥᠭᠵᠢᠭᠦᠯᠵᠦ᠂ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ ᠎ᠢ ᠥᠷᠭᠡᠳᠬᠡᠨ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠠᠵᠤ ᠦᠢᠯᠡᠰ᠎ᠦᠨ ᠬᠥᠭᠵᠢᠯᠲᠡ᠎ᠳᠦ ᠣᠷᠣᠯᠴᠠᠭᠤᠯᠵᠤ᠂ 《ᠨᠠᠮ᠎ᠤᠨ ᠡᠭᠦᠷ ᠳᠠᠭᠠᠭᠤᠯᠬᠤ᠂ ᠨᠠᠮ᠎ᠤᠨ ᠭᠡᠰᠢᠭᠦᠨ ᠲᠦᠷᠦᠭᠦᠯᠡᠬᠦ᠂ ᠣᠯᠠᠨ ᠲᠦᠮᠡᠨ ᠣᠷᠣᠯᠴᠠᠬᠤ》 ᠰᠠᠢᠨ ᠣᠷᠴᠢᠯ᠎ᠢ ᠪᠣᠶ ᠪᠣᠯᠭᠠᠪᠠ᠃


QQ截图20251001104448.png


ᠨᠠᠮ᠎ᠤᠨ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠤᠷᠤᠨ᠎ᠳᠡᠬᠢ ᠲᠦᠷᠦ ᠪᠠᠷᠢᠬᠤ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠪᠠ

ᠡᠨᠡ ᠵᠢᠯ᠂ ᠦᠪᠦᠷ ᠮᠤᠩᠭᠤᠯ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠢ᠋ᠢᠨ ᠤᠯᠤᠰ ᠲᠦᠷᠦ ᠢ᠋ᠢᠨ ᠴᠢᠲᠠᠮᠵᠢ ᠪᠠ ᠵᠤᠬᠢᠶᠠᠨ ᠪᠠᠢᠭᠤᠯᠤᠯᠲᠠ ᠢ᠋ᠢᠨ ᠴᠢᠲᠠᠮᠵᠢ ᠵᠢ ᠴᠢᠩᠭᠠᠷᠠᠭᠤᠯᠬᠤ ᠪᠡᠷ ᠭᠤᠤᠯᠲᠠᠯᠭ᠎ᠠ ᠪᠤᠯᠭᠠᠵᠦ᠂ ᠪᠠᠲᠦ ᠴᠢᠩᠭ᠎ᠠ ᠪᠡᠬᠢᠯᠡᠯᠲᠡ ᠢ᠋ᠢᠨ 《ᠵᠢᠱ᠌ᠢᠶᠡᠴᠢ》 ᠨᠠᠮ᠎ᠤᠨ ᠡᠭᠦᠷ ᠢ᠋ ᠡᠭᠦᠲᠦᠨ ᠪᠠᠢᠭᠤᠯᠬᠤ ᠵᠢ ᠬᠦᠨᠵᠡᠭᠡᠢᠷᠡᠭᠦᠯᠵᠦ᠂ ᠨᠠᠮ᠎ᠤᠨ ᠪᠠᠢᠭᠤᠯᠤᠯᠲᠠ ᠵᠢ ᠠᠳᠬᠤᠨ ᠬᠦᠲᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠨᠠᠮ᠎ᠤᠨ ᠪᠠᠢᠭᠤᠯᠤᠯᠲᠠ ᠪᠡᠷ ᠬᠦᠲᠦᠯᠦᠨ ᠲᠠᠭᠠᠭᠤᠯᠵᠦ ᠦᠨᠳᠦᠰᠦᠨ ᠱᠠᠲᠤᠨ᠎ᠤ ᠵᠠᠰᠠᠯᠲᠠ ᠵᠢ ᠬᠦᠨᠵᠡᠭᠡᠢᠷᠡᠭᠦᠯᠵᠦ᠂ ᠭᠤᠤᠯᠲᠠᠯᠭ᠎ᠠ ᠲᠠᠢ ᠬᠦᠷᠢᠶᠡᠨ᠎ᠳᠡᠬᠢ ᠨᠠᠮ᠎ᠤᠨ ᠪᠠᠢᠭᠤᠯᠤᠯᠲᠠ ᠵᠢ ᠰᠠᠢᠲᠦᠷ ᠠᠳᠬᠤᠨ᠂ 《ᠳᠠᠭᠠᠭᠠᠴᠠ ᠡᠴᠡ ᠬᠡᠳᠦᠷᠡᠳᠡᠯ᠎ᠠ ᠠᠴᠢᠶᠠᠯᠠᠬᠤ》 ᠠᠰᠠᠭᠤᠲᠠᠯ ᠢ᠋ ᠴᠡᠭᠴᠡᠯᠡᠨ ᠵᠠᠰᠠᠬᠰᠠᠨ ᠦᠷ᠎ᠡ ᠪᠦᠲᠦᠮᠵᠢ ᠵᠢ ᠪᠡᠬᠢᠵᠢᠭᠦᠯᠵᠦ᠂ ᠨᠠᠮ᠎ᠤᠨ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠤᠷᠤᠨ᠎ᠳᠡᠬᠢ ᠲᠦᠷᠦ ᠪᠠᠷᠢᠬᠤ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠪᠠ᠃

ᠤᠯᠠᠭᠠᠨᠬᠠᠳᠠ ᠬᠤᠲᠠ᠎ᠶᠢᠨ ᠠᠤᠬᠠᠨ ᠬᠣᠰᠢᠭᠤ ᠢᠮᠠᠭᠲᠠ ᠨᠠᠮ᠎ᠤᠨ ᠪᠠᠢᠭᠤᠯᠤᠯᠲᠠ᠎ᠶᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠪᠠᠷ ᠠᠵᠢᠯ᠎ᠢᠶᠠᠨ ᠠᠬᠢᠭᠤᠯᠬᠤ᠂ ᠤᠯᠠᠨ ᠲᠦᠮᠡᠨ᠎ᠦ ᠵᠢᠷᠭᠠᠯᠲᠤ ᠲᠥᠷᠥᠭᠳᠡᠯ᠎ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠤᠯᠤᠰ ᠲᠦᠷᠦ᠎ᠪᠡᠷ ᠬᠥᠲᠥᠯᠥᠨ ᠳᠠᠭᠠᠭᠤᠯᠬᠤ᠂ ᠪᠡᠬᠢᠯᠡᠯᠲᠡ ᠎ᠪᠡᠷ ᠰᠠᠭᠤᠷᠢ ᠎ᠶᠢ ᠪᠡᠬᠢᠵᠢᠭᠦᠯᠬᠦ᠂ ᠴᠢᠳᠠᠪᠤᠷᠢᠲᠠᠨ᠎ᠢ ᠨᠢᠭ᠍ᠲᠠᠷᠠᠭᠤᠯᠬᠤ᠂ ᠦᠢᠯᠡᠴᠢᠯᠡᠭᠡ᠎ᠪᠡᠷ ᠬᠦᠴᠦᠨ ᠣᠯᠭᠣᠬᠤ ᠲᠠᠯ᠎ᠠ᠎ᠪᠠᠷ ᠬᠦᠴᠦᠯᠡᠵᠤ᠂ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠦᠷᠭᠦᠯᠵᠢᠯᠡᠨ ᠬᠥᠭᠵᠢᠭᠦᠯᠬᠦ᠎ᠳᠦ ᠬᠦᠴᠦᠨ ᠨᠡᠮᠡᠷᠢᠯᠡᠪᠡ᠃ ᠪᠦᠬᠦ ᠬᠣᠰᠢᠭᠤᠨ᠎ᠳᠤ 16 ᠲᠣᠰᠬᠣᠨ᠎ᠤ ᠳᠡᠰ᠎ᠤᠨ ᠬᠠᠮᠲᠤ᠎ᠶᠢᠨ ᠠᠵᠤ ᠠᠬᠤᠢ᠎ᠶᠢᠨ ᠨᠡᠢᠲᠡᠯᠢᠭ ᠭᠠᠴᠠᠭ᠎ᠠ ᠲᠣᠰᠬᠣᠨ᠎ᠢ ᠬᠥᠭᠵᠢᠭᠦᠯᠦᠨ ᠪᠤᠵᠠᠭᠠᠢᠷᠠᠭᠤᠯᠵᠤ᠂ 80 ᠭᠠᠷᠤᠢ ᠨᠠᠮ᠎ᠤᠨ ᠵᠣᠬᠢᠶᠠᠨ ᠪᠠᠢᠭᠤᠯᠤᠯᠲᠠ ᠭᠣᠣᠯᠯᠠᠬᠤ ᠠᠵᠤ ᠦᠢᠯᠡᠰ ᠪᠠ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠬᠣᠷᠰᠢᠶ᠎ᠠ᠎ᠶᠢ ᠳᠠᠭᠠᠭᠤᠯᠤᠨ ᠡᠷᠭᠢᠯᠡᠵᠦ᠂ 《ᠨᠠᠮ᠎ᠤᠨ ᠵᠣᠬᠢᠶᠠᠨ ᠪᠠᠢᠭᠤᠯᠤᠯᠲᠠ + ᠲᠤᠯᠤᠭᠠᠢᠯᠠᠬᠴᠢ ᠠᠵᠤ ᠠᠬᠤᠢᠯᠠᠯ + ᠬᠣᠷᠰᠢᠶ᠎ᠠ + ᠲᠠᠷᠢᠶᠠᠴᠢᠨ ᠡᠷᠦᠬᠡ》 ᠢ᠋ᠢᠨ ᠵᠠᠭᠪᠤᠷ ᠎ᠢ ᠬᠡᠷᠡᠭᠵᠢᠭᠦᠯᠦᠨ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠠᠰᠢᠭ᠋ ᠣᠷᠣᠯᠭ᠎ᠠ᠎ᠶᠢ ᠬᠠᠮᠲᠤ᠎ᠪᠠᠷ ᠡᠳ᠋ᠯᠡᠬᠦ ᠲᠣᠭᠲᠠᠴᠠ᠎ᠶᠢ ᠪᠠᠢᠭᠤᠯᠤᠨ᠂ ᠠᠵᠤ ᠦᠢᠯᠡᠰ᠎ᠢ ᠬᠠᠮᠲᠤ ᠳ᠋ᠤᠨᠢ ᠬᠢᠬᠦ᠂ ᠠᠰᠢᠭ᠋ ᠣᠷᠣᠯᠭ᠎ᠠ᠎ᠶᠢ ᠬᠠᠮᠲᠤ᠎ᠪᠠᠷ ᠬᠤᠪᠢᠶᠠᠷᠢᠯᠠᠬᠤ ᠬᠠᠷᠠᠯᠲᠠ᠎ᠶᠢ ᠪᠡᠶᠡᠯᠡᠭᠦᠯᠵᠦ᠂ ᠪᠥᠬᠥ ᠬᠣᠰᠢᠭᠤᠨ᠎ᠤ ᠬᠠᠮᠲᠤ᠎ᠶᠢᠨ ᠠᠵᠤ ᠠᠬᠤᠢ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠵᠡᠷᠭᠡ ᠪᠡᠷ ᠳᠡᠭᠡᠭᠰᠢᠯᠡᠭᠦᠯᠬᠦ᠎ᠶᠢ ᠠᠬᠢᠭᠤᠯᠪᠠ᠃

ᠰᠢᠯᠢ᠎ᠶᠢᠨ ᠭᠣᠣᠯ ᠠᠢᠮᠠᠭ 《ᠴᠡᠭ ᠱᠤᠭᠤᠮ ᠲᠠᠯ᠎ᠠ》 ᠵᠢ ᠤᠶᠠᠯᠳᠤᠭᠤᠯᠤᠭᠰᠠᠨ ᠵᠠᠰᠠᠯᠲᠠ᠎ᠶᠢᠨ ᠰᠡᠳᠬᠢᠴᠡ᠎ᠪᠡᠷ 1103 ᠺᠢᠯᠤᠮᠸᠲᠷ᠎ᠤᠨ ᠬᠢᠯᠢ᠎ᠶᠢᠨ ᠱᠤᠭᠤᠮ ᠳᠡᠭᠡᠷᠡᠬᠢ ᠬᠢᠯᠢ᠎ᠶᠢ ᠬᠠᠮᠢᠶᠠᠷᠴᠤ ᠬᠢᠯᠢ ᠬᠢᠵᠠᠭᠠᠷ᠎ᠢ ᠬᠠᠮᠠᠭᠠᠯᠠᠬᠤ ᠬᠦᠴᠦᠨ᠎ᠢ ᠬᠠᠮᠳᠤᠳᠬᠠᠵᠦ᠂ 1842 ᠨᠠᠮ᠎ᠤᠨ ᠭᠡᠰᠢᠭᠦᠨ᠎ᠦ ᠭᠣᠣᠯᠯᠠᠬᠤ ᠡᠷᠦᠬᠡ᠂ 1123 ᠬᠢᠯᠢ᠎ᠶᠢᠨ ᠬᠠᠮᠠᠭᠠᠯᠠᠭ᠍ᠴᠢ᠂ 619 ᠬᠢᠯᠢ᠎ᠶᠢᠨ ᠬᠠᠮᠠᠭᠠᠯᠠᠯᠲᠠ᠎ᠶᠢᠨ ᠦᠷᠲᠡᠭᠡ ᠨᠢ 《ᠴᠡᠭ》 ᠳᠡᠭᠡᠷᠡᠬᠢ ᠪᠠᠲᠤ ᠰᠠᠬᠢᠭ᠍ᠴᠢ ᠪᠤᠯᠵᠦ᠂ 15 ᠨᠠᠮ ᠵᠠᠰᠠᠭ ᠴᠡᠷᠢᠭ ᠴᠠᠭᠳᠠᠭ᠎ᠠ ᠠᠷᠠᠳ᠎ᠤᠨ ᠬᠠᠮᠲᠤᠷᠠᠭᠰᠠᠨ ᠨᠠᠮ᠎ᠤᠨ ᠬᠣᠷᠢᠶ᠎ᠠ᠂ 33 ᠬᠢᠯᠢ ᠴᠠᠭᠳᠠᠬᠤ ᠬᠠᠮᠲᠤᠷᠠᠭᠰᠠᠨ ᠠᠩᠭᠢ᠂ 2 ᠣᠨᠴᠠᠯᠢᠭ᠍ᠲᠤ ᠮᠣᠷᠢᠨ ᠨᠢᠷᠤᠭᠤᠨ ᠳᠡᠭᠡᠷᠡᠬᠢ ᠴᠠᠭᠳᠠᠭᠠᠨ᠎ᠤ ᠠᠩᠭᠢ᠂ 27 ᠰᠠᠢᠨ ᠳᠤᠷ᠎ᠠ ᠶ᠋ᠢᠨ ᠦᠢᠯᠡᠴᠢᠯᠡᠭᠡᠨ᠎ᠦ ᠠᠩᠭᠢ ᠨᠢ 《ᠱᠤᠭᠤᠮ》᠎ᠢ᠋ ᠲᠠᠭᠠᠨ ᠬᠦᠨᠵᠡᠭᠡᠢᠷᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠵᠠᠰᠠᠯᠲᠠ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠡᠷᠭᠡ ᠠᠵᠢᠯ ᠨᠢ 《ᠲᠠᠯ᠎ᠠ》 ᠵᠢ ᠲᠠᠭᠠᠨ ᠦᠷᠨᠢᠵᠦ᠂ ᠨᠡᠭᠦᠳᠡᠯ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠣᠨᠴᠠ ᠲᠣᠮᠢᠯᠠᠭᠰᠠᠨ ᠪᠦᠯᠬᠦᠮ᠂ 《ᠤᠯᠠᠭᠠᠨ ᠪᠣᠭᠴᠣ᠌》 ᠰᠠᠢᠨ ᠳᠤᠷ᠎ᠠ᠎ᠶᠢᠨ ᠦᠢᠯᠡᠴᠢᠯᠡᠭᠡ᠂ 《ᠠᠨᠠᠷ᠎ᠤᠨ ᠬᠢᠴᠢᠶᠡᠯ᠎ᠦᠨ ᠲᠠᠩᠬᠢᠮ》᠂ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠪᠡᠬᠢᠵᠢᠭᠦᠯᠵᠦ ᠬᠢᠯᠢ ᠬᠢᠵᠠᠭᠠᠷ᠎ᠢ ᠬᠥᠭᠵᠢᠭᠦᠯᠬᠦ ᠭᠣᠣᠯ ᠰᠡᠳᠦᠪᠲᠦ ᠠᠵᠢᠯᠯᠠᠭ᠎ᠠ ᠵᠡᠷᠭᠡ ᠠᠵᠢᠯ᠎ᠤᠨ ᠭᠠᠷᠳᠠᠴᠠ 267 ᠲᠣᠣᠷᠵᠢᠯ᠎ᠤᠨ ᠨᠢᠭᠡᠴᠢ᠎ᠶᠢ ᠪᠦᠷᠬᠦᠪᠡ᠃ ᠤᠳᠤᠬᠠᠨ᠎ᠳᠤ᠂ ᠥᠪᠥᠷ ᠮᠣᠩᠭᠣᠯ᠎ᠤᠨ ᠬᠢᠯᠢ ᠬᠢᠵᠠᠭᠠᠷ ᠣᠷᠣᠨ᠎ᠳᠤ ᠨᠢᠭᠡᠨᠲᠡ ᠬᠣᠰᠢᠭᠤ ᠬᠣᠲᠠ᠂ ᠰᠤᠮᠤ ᠰᠢᠶᠠᠩ ᠪᠠᠯᠭᠠᠰᠤ᠎ᠳᠤ ᠨᠠᠮ ᠵᠠᠰᠠᠭ ᠴᠡᠷᠢᠭ ᠴᠠᠭᠳᠠᠭ᠎ᠠ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠬᠠᠮᠲᠤᠷᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠶᠢ 38 ᠪᠠᠢᠭᠤᠯᠵᠤ᠂ ᠪᠥᠬᠥ ᠣᠷᠣᠨ᠎ᠤ ᠬᠢᠯᠢ ᠬᠢᠵᠠᠭᠠᠷ ᠣᠷᠣᠨ᠎ᠳᠤ ᠬᠦᠷᠬᠦ 59 ᠰᠤᠮᠤ ᠰᠢᠶᠠᠩ ᠪᠠᠯᠭᠠᠰᠤ᠎ᠶᠢ 1519 ᠲᠣᠣᠷᠵᠢᠯ ᠪᠣᠯᠭᠠᠨ ᠬᠤᠪᠢᠶᠠᠵᠤ᠂ ᠲᠣᠣᠷᠵᠢᠯ᠎ᠳᠤ 《ᠲᠠᠯ᠎ᠠ ᠨᠤᠲᠤᠭ᠎ᠤᠨ 110》᠂ ᠮᠣᠩᠭᠣᠯ ᠭᠡᠷ᠎ᠬᠠᠷᠠᠭᠤᠯ᠎ᠤᠨ ᠭᠠᠵᠠᠷ᠂ ᠬᠢᠯᠢ ᠬᠢᠵᠠᠭᠠᠷ᠎ᠢ ᠬᠠᠮᠠᠭᠠᠯᠠᠬᠤ ᠴᠠᠭᠳᠠᠭᠠᠨ᠎ᠤ ᠶᠠᠪᠤᠳᠠᠯ᠎ᠤᠨ ᠲᠠᠰᠤᠭ ᠵᠡᠷᠭᠡ ᠠᠴᠢᠶᠠᠯᠠᠭ᠍ᠴᠢ᠎ᠳᠤ ᠠᠭᠤᠰᠬᠠᠵᠤ᠂ ᠬᠢᠯᠢ᠎ᠶᠢᠨ ᠠᠷᠠᠳ ᠪᠠᠶᠠᠵᠢᠭ᠍ᠰᠠᠨ᠂ ᠬᠢᠯᠢ᠎ᠶᠢᠨ ᠦᠵᠡᠮᠵᠢ ᠰᠠᠢᠬᠠᠨ᠂ ᠬᠢᠯᠢ᠎ᠶᠢᠨ ᠪᠤᠭᠤᠮᠲᠠ ᠡᠶ᠎ᠡ ᠨᠠᠢᠷᠰᠠᠭ᠂ ᠬᠢᠯᠢ᠎ᠶᠢᠨ ᠬᠠᠮᠠᠭᠠᠯᠠᠯᠲᠠ ᠪᠡᠬᠢᠵᠢᠭᠰᠡᠨ᠂ ᠬᠢᠯᠢ ᠬᠢᠵᠠᠭᠠᠷ ᠠᠮᠤᠷ ᠠᠮᠤᠭᠤᠯᠠᠩ ᠪᠠᠢᠬᠤ ᠰᠢᠨ᠎ᠡ ᠬᠠᠭᠤᠲᠠᠰᠤ ᠵᠢᠷᠤᠬᠯᠠᠬᠲᠠᠵᠦ ᠪᠠᠢᠨ᠎ᠠ᠃


QQ截图20251222112534.png

QQ截图20251222112616.png

QQ截图20251222112649.png


ᠨᠠᠮ᠎ᠤᠨ ᠬᠡᠰᠢᠭᠦᠨ᠎ᠤ ᠬᠤᠰᠢᠭᠤᠴᠢ ᠵᠢᠱ᠌ᠢᠶᠡᠴᠢ ᠦᠢᠯᠡᠲᠦᠯ ᠢ᠋ ᠬᠦᠢᠴᠡᠳ ᠪᠠᠲᠠᠷᠠᠭᠤᠯᠵᠦ ᠴᠢᠲᠠᠪᠤᠷᠢᠲᠡᠨ᠎ᠤ ᠠᠵᠢᠯ᠎ᠤᠨ ᠶᠡᠬᠡ ᠰᠢᠰᠲᠸᠮ  ᠶᠡᠬᠡ ᠪᠠᠢᠷᠢᠰᠢᠯ ᠶᠡᠬᠡ ᠬᠠᠮᠳᠤᠷᠠᠯ᠎ᠤᠨ ᠬᠦᠴᠦᠨ ᠢ᠋ ᠪᠦᠷᠢᠯᠲᠦᠭᠦᠯᠪᠡ

ᠦᠪᠦᠷ ᠮᠤᠩᠭᠤᠯ 《ᠤᠮᠠᠷᠠᠲᠤ ᠬᠢᠯᠢ᠎ᠶᠢᠨ ᠬᠣᠰᠢᠭᠤᠴᠢ》 ᠢ᠋ᠢᠨ ᠠᠵᠢᠯᠯᠠᠭ᠎ᠠ᠎ᠶᠢ ᠬᠡᠷᠡᠭᠵᠢᠭᠦᠯᠬᠦ᠎ᠪᠡᠷ ᠭᠠᠷᠳᠠᠴᠠ ᠪᠣᠯᠭᠠᠵᠤ᠂ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠢᠶᠠᠷ ᠵᠡᠪᠰᠡᠭᠯᠡᠬᠦ᠂ ᠨᠠᠮ᠎ᠤᠨ ᠭᠡᠰᠢᠭᠦᠨ ᠡᠯᠰᠡᠬᠦ᠂ ᠨᠠᠮ᠎ᠤᠨ ᠭᠡᠰᠢᠭᠦᠨ᠎ᠢ ᠬᠠᠮᠢᠶᠠᠷᠤᠨ ᠬᠢᠨᠠᠯᠲᠠ ᠲᠠᠯᠪᠢᠬᠤ᠂ ᠨᠠᠮ᠎ᠤᠨ ᠭᠡᠰᠢᠭᠦᠨ᠎ᠦ ᠦᠢᠯᠡᠳᠦᠯ᠎ᠢ ᠪᠠᠳᠠᠷᠠᠭᠤᠯᠬᠤ᠂ ᠨᠠᠮ᠎ᠤᠨ ᠭᠡᠰᠢᠭᠦᠨ᠎ᠢ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ ᠠᠵᠢᠯ᠎ᠤᠨ ᠲᠣᠭᠲᠠᠴᠠ᠎ᠶᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠨᠠᠮ᠎ᠤᠨ ᠭᠡᠰᠢᠭᠦᠨ᠎ᠦ ᠡᠩᠨᠡᠭᠡ᠎ᠶᠢ ᠪᠥᠬᠥ ᠬᠡᠯᠬᠢᠶ᠎ᠡ᠎ᠪᠡᠷ ᠰᠠᠢᠲᠤᠷ ᠬᠠᠮᠢᠶᠠᠷᠤᠨ ᠰᠠᠢᠲᠤᠷ ᠬᠡᠷᠡᠭᠯᠡᠵᠦ᠂ ᠥᠪᠥᠷ ᠮᠣᠩᠭᠣᠯ᠎ᠤᠨ ᠣᠳᠣᠬᠢᠴᠢᠯᠠᠯᠲᠠ ᠢ᠋ᠢᠨ ᠪᠦᠲᠦᠭᠡᠨ ᠪᠠᠢᠭᠤᠯᠤᠯᠲᠠ᠎ᠳᠠᠬᠢ ᠥᠷᠭᠡᠨ ᠣᠯᠠᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠪᠠ᠃

ᠡᠨᠡ ᠵᠢᠯ᠎ᠤᠨ 2 ᠰᠠᠷ᠎ᠠ᠎ᠶᠢᠨ 27᠎ᠤ᠋ ᠡᠳᠦᠷ᠂ ᠤᠷᠳᠤᠰ ᠬᠤᠳᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠨᠠᠷ᠎ᠤᠨ ᠬᠤᠷᠠᠯ ᠳᠡᠭᠡᠷ᠎ᠡ᠂ ᠬᠠᠳᠤᠨ ᠭᠣᠣᠯ᠎ᠤᠨ 《ᠲᠤᠬᠤᠢ ᠬᠡᠰᠡᠭ》 ᠤ᠋ᠨ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ ᠲᠣᠪᠣᠢᠮ᠎ᠠ ᠢᠯᠡᠷᠡᠯ᠎ᠲᠠᠢ 38 ᠠᠯᠪᠠᠲᠠᠨ ᠪᠣᠯᠣᠨ 9 ᠠᠯᠪᠠᠳᠠᠨ᠎ᠤ ᠬᠠᠮᠲᠦ ᠵᠢ ᠬᠥᠬᠢᠭᠦᠯᠦᠨ ᠱᠠᠩᠨᠠᠪᠠ᠃ ᠡᠨᠡ ᠪᠣᠯ ᠣᠷᠳᠣᠰ ᠬᠣᠲᠠ᠎ᠶᠢᠨ ᠬᠢᠨ ᠠᠩᠬ᠎ᠠ ᠤᠳᠠᠭ᠎ᠠ ᠠᠯᠪᠠᠲᠠᠨ᠎ᠢ ᠴᠠᠭ ᠲᠤᠬᠠᠢ ᠳ᠋ᠤᠨᠢ ᠱᠠᠩᠨᠠᠨ ᠬᠥᠬᠢᠭᠦᠯᠬᠦ ᠠᠵᠢᠯᠯᠠᠭ᠎ᠠ ᠥᠷᠨᠢᠭᠦᠯᠵᠦ ᠪᠠᠢᠭ᠎ᠠ ᠶᠠᠪᠤᠳᠠᠯ ᠪᠣᠯᠣᠨ᠎ᠠ᠂ ᠲᠤᠰ ᠬᠤᠲᠠ ᠨᠠᠮ᠎ᠤᠨ ᠭᠡᠰᠢᠭᠦᠨ᠎ᠢ ᠤᠷᠮᠠᠰᠢᠭᠤᠯᠤᠨ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠮᠠᠭᠲᠠᠨ ᠰᠠᠢᠰᠢᠶᠠᠵᠤ᠂ ᠲᠡᠲᠡᠨ᠎ᠤ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠦᠬᠦ ᠬᠤᠳᠠ᠎ᠶᠢᠨ ᠠᠯᠪᠠᠳᠠᠨ᠎ᠤ ᠣᠷᠳᠣᠰ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠬᠦ᠎ᠶᠢ ᠵᠣᠷᠢᠭ᠍ᠵᠢᠭᠤᠯᠵᠠᠢ᠃

ᠦᠪᠦᠷ ᠮᠤᠩᠭᠤᠯ 《ᠰᠤᠳᠤᠨ ᠴᠢᠲᠠᠪᠤᠷᠢᠲᠠᠨ ᠢ᠋ᠢᠡᠷ ᠦᠪᠦᠷ ᠮᠤᠩᠭᠤᠯ᠎ᠢ ᠮᠠᠨᠳᠤᠭᠤᠯᠬᠤ》 ᠳ᠋ᠤ ᠠᠩᠬᠠᠷᠤᠯ᠎ᠢᠶᠠᠨ ᠲᠥᠪᠯᠡᠷᠡᠭᠦᠯᠵᠦ ᠥᠭᠡᠷᠡᠴᠢᠯᠡᠯᠲᠡ᠎ᠶᠢ ᠠᠳᠬᠤᠨ ᠨᠠᠢᠳᠠᠪᠤᠷᠢᠵᠢᠭᠤᠯᠤᠯᠲᠠ᠎ᠶᠢ ᠠᠬᠢᠭᠤᠯᠵᠦ᠂ ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠵᠢᠯ᠎ᠤᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠦᠨ ᠪᠣᠢᠵᠢᠭᠤᠯᠬᠤ᠎ᠶᠢ ᠰᠠᠨᠠᠭᠠᠴᠢᠯᠠᠭ᠎ᠠ ᠡᠴᠡ᠎ᠪᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠳᠤ ᠠᠭᠤᠰᠤᠯᠴᠠᠭᠤᠯᠵᠤ᠂ ᠰᠠᠭᠤᠷᠢ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠦᠨ ᠪᠣᠢᠵᠢᠭᠤᠯᠬᠤ ᠬᠡᠪᠴᠢᠶ᠎ᠡ᠎ᠶᠢ ᠥᠷᠭᠡᠳᠬᠡᠵᠦ᠂ ᠴᠢᠳᠠᠪᠤᠷᠢᠲᠠᠨ᠎ᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠠᠬᠢᠭᠤᠯᠤᠭᠰᠠᠨ ᠴᠢᠳᠠᠪᠤᠷᠢᠲᠠᠨ᠎ᠤ ᠠᠵᠢᠯ᠎ᠤᠨ ᠶᠡᠬᠡ ᠰᠢᠰᠲ᠋ᠸᠮ ᠶᠡᠬᠡ ᠪᠠᠢᠷᠢᠰᠢᠯ ᠶᠡᠬᠡ ᠬᠠᠮᠲᠤᠷᠠᠯ᠎ᠤᠨ ᠬᠦᠴᠦᠨ᠎ᠢ ᠪᠦᠷᠢᠯᠲᠦᠭᠦᠯᠪᠡ᠃

《ᠰᠤᠳᠤᠨ ᠴᠢᠲᠠᠪᠤᠷᠢᠲᠠᠨ ᠢ᠋ᠢᠡᠷ ᠦᠪᠦᠷ ᠮᠤᠩᠭᠤᠯ᠎ᠢ᠋ ᠮᠠᠨᠳᠤᠭᠤᠯᠬᠤ》 ᠢᠨᠵᠸᠨ᠋ᠸᠷᠢᠩ ᠨᠢ ᠴᠢᠲᠠᠪᠤᠷᠢᠲᠠᠨ᠎ᠢ᠋ ᠮᠠᠭᠠᠳᠯᠠᠨ ᠲᠤᠬᠲᠠᠭᠠᠬᠤ ᠠᠵᠢᠯ ᠢ᠋ ᠪᠠᠢᠩᠭᠤᠵᠢᠭᠤᠯᠤᠨ ᠦᠷᠨᠢᠭᠦᠯᠵᠦ᠂ ᠡᠨᠡ ᠵᠢᠯ᠎ᠤᠨ 10 ᠰᠠᠷ᠎ᠠ᠎ᠶᠢᠨ ᠡᠴᠦᠰ ᠪᠣᠯᠲᠠᠯ᠎ᠠ᠂ ᠨᠢᠭᠡ᠎ᠡᠴᠡ ᠵᠢᠷᠭᠤᠳᠤᠭᠠᠷ ᠲᠥᠷᠥᠯ᠎ᠦᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠪᠠ ᠲᠣᠰ ᠭᠠᠵᠠᠷ ᠣᠷᠣᠨ᠎ᠳᠤ ᠨᠡᠶ᠋ᠢᠲᠡ 7564 ᠬᠥᠮᠥᠵᠢᠭᠦᠯᠬᠦ᠎ᠪᠡᠷ ᠮᠠᠭᠠᠳᠯᠠᠨ ᠲᠣᠭᠲᠠᠭᠠᠪᠠ᠃ ᠡᠭᠦᠨ᠎ᠳᠦ᠂ ᠨᠢᠭᠡ ᠬᠣᠶᠠᠳᠤᠭᠠᠷ ᠲᠥᠷᠥᠯ᠎ᠦᠨ ᠴᠢᠳᠠᠪᠤᠷᠢᠲᠠᠨ 32᠂ ᠭᠤᠷᠪᠠ ᠳᠥᠷᠪᠡᠲᠦᠭᠡᠷ ᠲᠥᠷᠥᠯ᠎ᠦᠨ ᠴᠢᠳᠠᠪᠤᠷᠢᠲᠠᠨ 277᠂ ᠲᠠᠪᠤ ᠵᠢᠷᠭᠤᠳᠤᠭᠠᠷ ᠲᠥᠷᠥᠯ᠎ᠦᠨ ᠴᠢᠳᠠᠪᠤᠷᠢᠲᠠᠨ 7255 ᠪᠣᠶ᠃ ᠲᠤᠰ ᠢᠨᠵᠸᠨ᠋ᠸᠷᠢᠩ ᠨᠢ ᠨᠢᠭᠡ ᠡᠴᠡ ᠲᠦᠷᠪᠡᠲᠦᠭᠡᠷ ᠲᠥᠷᠥᠯ᠎ᠦᠨ ᠴᠢᠳᠠᠪᠤᠷᠢᠲᠠᠨ᠎ᠤ ᠴᠠᠯᠢᠩ ᠬᠥᠯᠥᠰᠦ᠎ᠶᠢᠨ ᠨᠥᠬᠥᠪᠦᠷᠢ᠎ᠶᠢ ᠦᠭᠡᠢ᠎ᠡᠴᠡ ᠪᠠᠢᠬᠤ ᠪᠣᠯᠲᠠᠯ᠎ᠠ ᠪᠥᠬᠥ ᠬᠦᠴᠦᠨ᠎ᠢᠶᠡᠷ᠎ᠢᠶᠡᠨ ᠳᠡᠮᠵᠢᠨ ᠪᠠᠲᠤᠯᠠᠵᠤ᠂ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠠᠵᠢᠯ᠎ᠤᠨ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠠᠰᠢᠭ᠍ᠯᠠᠵᠤ ᠦᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠨᠥᠬᠥᠪᠦᠷᠢ ᠵᠢ 4074 ᠲᠦᠮᠡᠨ ᠲᠥᠭᠥᠷᠢᠭ ᠳᠡᠮᠵᠢᠪᠡ᠃

2025 ᠤᠨ ᠪᠤᠯ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠰᠡᠭᠦᠯ ᠬᠤᠷᠢᠶᠠᠬᠤ ᠵᠢᠯ ᠮᠦᠨ᠂ ᠪᠠᠰᠠ᠎ᠴᠸ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠵᠢ ᠲᠦᠯᠦᠪᠵᠢᠭᠦᠯᠦᠨ ᠪᠠᠢᠷᠢᠯᠠᠭᠤᠯᠬᠤ ᠵᠢᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ 《ᠰᠠᠨᠠᠭᠤᠯᠭ᠎ᠠ》 ᠨᠢ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠲᠤᠬᠠᠢ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠵᠡᠢ᠃ ᠦᠪᠦᠷ ᠮᠤᠩᠭᠤᠯ᠎ᠤᠨ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠪᠤᠲᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠯ ᠢ᠋ᠢᠡᠨ ᠪᠡᠶᠡᠯᠡᠭᠦᠯᠵᠦ᠂ ᠨᠠᠢᠲᠠᠪᠤᠷᠢᠵᠢᠭᠤᠯᠬᠤ ᠪᠡᠷ ᠰᠢᠨ᠎ᠡ ᠡᠬᠢᠯᠡᠯ ᠢ᠋ᠢᠡᠨ ᠪᠤᠯᠭᠠᠵᠦ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠬᠠᠭᠤᠳᠠᠰᠤ ᠵᠢ ᠨᠡᠩ ᠭᠤᠢᠲᠠ ᠰᠠᠢᠬᠠᠨ ᠪᠢᠴᠢᠭᠯᠡᠨ᠎ᠡ᠃

(ᠬᠡᠷᠡᠯ ᠵᠢᠷᠤᠭ ᠢ᠋ ᠰᠢᠨᠬᠤᠸᠠ ᠰᠦᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号