《ᠨᠠᠢ᠍ᠮᠠ᠎ᠶᠢ ᠪᠠᠷᠢᠮᠲᠠᠯᠠᠬᠤ 》 ᠴᠢᠨᠠᠷ ᠰᠠᠢᠲᠠᠢ ᠬᠥᠭᠵᠢᠯᠲᠡ᠎ᠶᠢᠨ ᠴᠢᠭᠯᠡᠯ ᠎ᠢ ᠪᠠᠳᠤ ᠡᠵᠡᠮᠳᠡᠶ᠎ᠡ
2025-12-22 10:42:20
ᠵᠣᠬᠢᠶᠠᠭ᠍ᠴᠢ᠄
ᠵᠠᠩ ᠯᠢᠶᠠᠨ ᠴᠢ
ᠣᠩᠱᠢᠭ᠍ᠰᠠᠨ ᠣᠳᠠᠭ᠎ᠠ᠄
★★★☆☆

ᠵᠢᠯ ᠪᠦᠷᠢ ᠵᠢᠨ ᠵᠢᠯ ᠎ᠦᠨ ᠡᠴᠦᠰ᠎ᠦᠨ ᠲᠥᠪ ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠨᠢ ᠶᠡᠷᠦ᠎ᠡᠴᠡ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠵᠦᠭᠯᠡᠭᠦᠷ ᠪᠣᠯᠣᠭᠰᠠᠭᠠᠷ ᠢᠷᠡᠭᠰᠡᠨ ᠶᠤᠮ᠃ 2025 ᠣᠨ᠎ᠤ ᠠᠵᠤ ᠠᠬᠤᠢ ᠎ᠶᠢᠨ ᠬᠠᠷᠢᠭᠤᠯᠲᠠ᠎ᠶᠢᠨ ᠬᠠᠭᠤᠳᠠᠰᠤ ᠤᠳᠠᠯ ᠦᠭᠡᠢ ᠨᠡᠢᠲᠡᠯᠡᠭᠳᠡᠬᠦ ᠭᠡᠵᠦ ᠪᠠᠢᠭ᠎ᠠ ᠲᠠᠰᠢᠷᠠᠮ᠎ᠳᠦ᠂ ᠲᠣᠰ ᠤᠳᠠᠭᠠᠨ᠎ᠤ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠨᠢ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠠᠬᠢ ᠶᠡᠷᠦ ᠪᠤᠰᠤ᠎ᠶᠢᠨ ᠠᠮᠵᠢᠯᠲᠠ ᠪᠦᠲᠦᠮᠵᠢ᠎ᠶᠢ ᠳ᠋ᠦᠩᠨᠡᠵᠦ᠂ 《ᠲᠠᠪᠤᠨ ᠡᠷᠬᠡᠪᠰᠢ》 ᠵᠢᠨ  ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠪᠦᠷᠢᠯᠳᠦᠭᠦᠯᠵᠦ᠂ ᠨᠠᠩ ᠴᠤ᠌ 《ᠨᠠᠢ᠍ᠮᠠ ᠵᠢ ᠪᠠᠷᠢᠮᠳᠠᠯᠠᠬᠣ》 ᠵᠢᠨ ᠰᠢᠰᠲᠧᠮᠲᠦ ᠪᠠᠢᠷᠢᠯᠠᠭᠤᠯᠤᠯᠲᠠ᠎ᠪᠠᠷ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠦᠪᠵᠢᠭᠦᠯᠭᠡ᠎ᠶᠢ ᠰᠠᠢᠲᠤᠷ ᠡᠬᠢᠯᠡᠭᠦᠯᠬᠦ ᠲᠣᠳᠣᠷᠬᠠᠢ ᠠᠷᠭ᠎ᠠ ᠵᠠᠮ᠎ᠢ ᠵᠢᠷᠤᠭᠯᠠᠪᠠ᠃

ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠪᠠᠲᠤᠯᠠᠵᠤ᠂ ᠬᠤᠪᠢᠷᠠᠯᠲᠠ᠎ᠶᠢᠨ ᠳᠤᠮᠳᠠ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ ᠬᠡᠷᠡᠭᠳᠡᠢ᠃ 《ᠭᠠᠳᠠᠭᠠᠳᠤ ᠣᠷᠴᠢᠨ᠎ᠤ ᠬᠤᠪᠢᠷᠠᠯᠲᠠ᠎ᠶᠢᠨ ᠨᠥᠯᠥᠭᠡ ᠭᠦᠨᠵᠡᠭᠡᠢᠷᠡᠭᠰᠡᠨ》᠂ 《ᠤᠯᠤᠰ᠎ᠤᠨ ᠳᠣᠲᠣᠭᠠᠳᠤ᠎ᠶᠢᠨ ᠬᠠᠩᠭᠠᠯᠭ᠎ᠠ ᠰᠠᠢᠨ ᠪᠠᠢᠬᠤ ᠪᠠ ᠬᠡᠷᠡᠭᠴᠡᠭᠡ ᠪᠠᠭᠤᠷᠠᠢ ᠪᠠᠢᠬᠤ ᠵᠥᠷᠢᠴᠡᠯ ᠲᠣᠪᠣᠢᠮ᠎ᠠ ᠪᠠᠢᠬᠤ》 ᠳᠠᠪᠬᠤᠷ ᠰᠢᠯᠭᠠᠯᠲᠠ᠎ᠶᠢᠨ ᠡᠮᠦᠨ᠎ᠡ᠂ ᠮᠠᠨ ᠎ᠤ ᠤᠯᠤᠰ ᠎ᠤᠨ ᠠᠵᠤ ᠠᠬᠤᠢ ᠳᠠᠷᠤᠯᠲᠠ ᠎ᠶᠢ  ᠲᠠᠭᠠᠭᠠᠨ ᠤᠷᠤᠭᠰᠢᠯᠠᠵᠤ᠂ ᠰᠢᠨ᠎ᠡ  ᠰᠢᠯᠢᠳᠡᠭ ᠲᠡᠢᠰᠢ ᠬᠥᠭᠵᠢᠪᠡ᠃ ᠬᠤᠷᠠᠯ᠎ᠠᠴᠠ ᠳᠤᠷᠠᠳᠤᠭᠰᠠᠨ ᠢᠷᠡᠬᠦ ᠵᠢᠯ ᠎ᠦᠨ ᠠᠵᠤ ᠠᠬᠤᠢ᠎ᠶᠢᠨ ᠠᠵᠢᠯ᠎ᠤᠨ 《ᠨᠠᠢ᠍ᠮᠠ᠎ᠶᠢ ᠪᠠᠷᠢᠮᠲᠠᠯᠠᠬᠤ 》 ᠭᠣᠣᠯᠳᠠᠯᠭ᠎ᠠ᠎ᠲᠠᠢ ᠡᠭᠦᠷᠭᠡ ᠪᠣᠯ 《ᠲᠣᠭᠲᠠᠭᠤᠨ ᠎ᠤ ᠳᠤᠮᠳᠠ ᠤᠷᠤᠭᠰᠢᠯᠠᠨ ᠲᠠᠪᠰᠢᠬᠤ᠂ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋ ᠎ᠢ ᠨᠡᠮᠡᠭᠳᠡᠭᠦᠯᠬᠦ 》 ᠠᠵᠢᠯ ᠎ᠤᠨ ᠶᠡᠷᠦᠩᠬᠡᠢ ᠬᠦᠭ ᠠᠶᠠᠰ᠎ᠢ ᠨᠠᠢᠳᠠᠪᠤᠷᠢᠵᠢᠭᠤᠯᠬᠤ ᠪᠣᠳᠠᠲᠠᠢ ᠲᠠᠯ᠎ᠠ ᠪᠠ ᠬᠦᠴᠦᠯᠡᠬᠦ ᠴᠢᠭᠯᠡᠯ ᠪᠣᠯᠣᠨ᠎ᠠ᠃ 《ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ》᠂ 《ᠰᠢᠨ᠎ᠡ ᠎ᠶᠢ ᠡᠭᠦᠳᠬᠦ ᠎ᠪᠡᠷ ᠬᠥᠳᠡᠯᠭᠡᠭᠦᠷ ᠪᠣᠯᠭᠠᠬᠤ》᠂ 《ᠥᠭᠡᠷᠡᠴᠢᠯᠡᠯᠲᠡ᠎ᠶᠢᠨ ᠪᠣᠭᠣᠮᠲᠠ ᠰᠢᠪᠲᠤᠯᠬᠤ 》᠂ 《ᠭᠠᠳᠠᠭᠠᠳᠤ ᠨᠡᠭᠡᠭᠡᠯᠲᠡ 》᠂ 《ᠵᠣᠬᠢᠴᠠᠩᠭᠤᠢ ᠬᠥᠭᠵᠢᠯᠲᠡ 》᠂ 《ᠬᠤᠤᠰ ᠨᠡᠭᠦᠷᠡᠰᠦᠲᠥ᠋ᠷᠥᠭᠴᠢ  ᠪᠡᠷ ᠬᠥᠲᠥᠯᠥᠨ ᠳᠠᠭᠠᠭᠤᠯᠬᠤ》᠂ 《ᠠᠷᠠᠳ ᠎ᠤᠨ ᠠᠮᠢᠳᠤᠷᠠᠯ ᠎ᠢ ᠲᠡᠷᠢᠬᠦᠨ ᠎ᠳᠦ ᠲᠠᠯᠪᠢᠬᠤ》᠂ 《ᠬᠣᠷᠢᠭ᠎ᠠ ᠱᠤᠭᠤᠮ ᠎ᠢ ᠪᠠᠲᠤ ᠰᠠᠬᠢᠬᠤ 》 ᠵᠢ ᠪᠠᠷᠢᠮᠳᠠᠯᠠᠬᠣ ᠵᠡᠷᠭᠡ ᠨᠠᠢ᠍ᠮᠠᠨ ᠶᠡᠬᠡ ᠡᠭᠦᠷᠭᠡ ᠨᠢᠭ᠍ᠲᠠ ᠬᠣᠯᠪᠣᠯᠳᠤᠵᠤ ᠪᠠᠢᠳᠠᠭ᠃ ᠡᠢᠮᠦᠷᠬᠦᠦ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ ᠨᠢ 《ᠲᠣᠭᠲᠠᠭᠤᠨ ᠎ᠤ ᠳᠤᠮᠳᠠ ᠤᠷᠤᠭᠰᠢᠯᠠᠨ ᠲᠠᠪᠰᠢᠬᠤ》 ᠶᠡᠷᠦᠩᠬᠡᠢ ᠬᠦᠭ ᠠᠶᠠᠰ᠎ᠢ ᠦᠷᠭᠦᠯᠵᠢᠯᠡᠭᠦᠯᠬᠦ᠎ᠶᠢᠨ ᠬᠠᠮᠲᠤ ᠪᠠᠰᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ ᠵᠡᠷᠭᠡ 《ᠶᠠᠰᠤ ᠴᠢᠨᠠᠷ ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ》 ᠰᠢᠨ᠎ᠡ ᠣᠷᠣᠨ ᠵᠠᠢ᠎ᠳᠤ ᠴᠢᠭᠯᠡᠭᠦᠯᠦᠨ ᠣᠨᠣᠪᠴᠢᠲᠠᠢ ᠪᠠᠢᠷᠢᠯᠠᠭᠤᠯᠤᠯᠲᠠ ᠬᠢᠵᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠨᠠᠷᠢᠨ ᠪᠤᠳᠤᠯᠢᠶᠠᠨᠲᠠᠢ ᠪᠠᠢᠳᠠᠯ᠎ᠢ ᠡᠵᠡᠮᠳᠡᠬᠦ ᠬᠡᠲᠦᠢᠳᠦᠭᠰᠡᠨ ᠤᠶᠤᠨ ᠤᠬᠠᠭᠠᠨ ᠪᠠ ᠭᠠᠷᠮᠠᠭᠠᠢ ᠴᠢᠳᠠᠪᠤᠷᠢ᠎ᠶᠢ ᠢᠯᠡᠷᠡᠭᠦᠯᠪᠡ᠃

ᠲᠥᠷᠥ᠎ᠶᠢᠨ ᠪᠣᠳᠣᠯᠭ᠎ᠠ ᠎ᠶᠢᠨ ᠪᠠᠭᠠᠵᠢ ᠎ᠵᠢ ᠬᠡᠷᠡᠭᠯᠡᠬᠦ ᠲᠠᠯ᠎ᠠ ᠪᠠᠷ᠂ ᠲᠥᠷᠥ᠎ᠶᠢᠨ ᠪᠣᠳᠣᠯᠭ᠎ᠠ ᠎ᠶᠢᠨ ᠡᠷᠴᠢᠮ ᠎ᠢ ᠰᠤᠯᠠᠷᠠᠭᠤᠯᠬᠤ ᠦᠭᠡᠢ ᠪᠠᠢᠵᠤ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠳᠡᠢ᠃ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ᠎ᠶᠢ 《ᠨᠡᠩ ᠢᠳᠡᠪᠬᠢᠲᠡᠢ 》 ᠪᠠᠢᠯᠭᠠᠵᠤ᠂ ᠤᠯᠠᠭᠠᠨ ᠲᠣᠭ᠎ᠠ᠎ᠶᠢᠨ ᠨᠤᠷᠮ᠎ᠠ᠎ᠶᠢ ᠵᠣᠬᠢᠰᠲᠠᠢ ᠲᠣᠬᠢᠷᠠᠭᠤᠯᠬᠤ ᠪᠣᠯᠣᠨ᠎ᠠ; ᠵᠣᠭᠣᠰᠤᠨ ᠎ᠤ ᠲᠥᠷᠥ᠎ᠶᠢᠨ ᠪᠣᠳᠣᠯᠭ᠎ᠠ᠎ᠶᠢ 《ᠵᠣᠬᠢᠰᠲᠠᠢ ᠠᠭᠤᠵᠢᠭᠤ ᠪᠠᠢᠯᠭᠠᠬᠤ》᠂ ᠬᠠᠳᠠᠭᠠᠯᠠᠮᠵᠢ᠎ᠶᠢᠨ ᠪᠡᠯᠡᠳᠬᠡᠯ ᠮᠥᠩᠭᠥ᠎ᠶᠢ ᠪᠠᠭᠤᠷᠠᠭᠤᠯᠵᠤ ᠬᠦᠦ ᠮᠥᠩᠭᠥ᠎ᠶᠢ ᠪᠠᠭᠤᠷᠠᠭᠤᠯᠬᠤ ᠣᠷᠣᠨ ᠵᠠᠢ᠎ᠶᠢ ᠨᠡᠭᠡᠭᠡᠪᠡ; ᠠᠵᠤ ᠦᠢᠯᠡᠰ᠎ᠦᠨ ᠲᠦᠷᠦ᠎ᠶᠢᠨ ᠪᠣᠳᠣᠯᠭ᠎ᠠ ᠨᠢ 《 ᠵᠣᠬᠢᠶᠠᠮᠠᠯ ᠤᠶᠤᠨ ᠴᠢᠳᠠᠪᠤᠷᠢ + 》 ᠵᠡᠷᠭᠡ ᠬᠣᠰᠢᠭᠤᠷᠠᠯ ᠬᠦᠷᠢᠶᠡᠨ᠎ᠳᠦ ᠲᠥᠪᠯᠡᠷᠡᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ ᠪᠣᠯᠣᠨ᠎ᠠ᠃《ᠬᠠᠳᠠᠭᠠᠯᠠᠯᠲᠠ ᠎ᠶᠢᠨ ᠲᠥᠷᠥ᠎ᠶᠢᠨ ᠪᠣᠳᠣᠯᠭ᠎ᠠ ᠪᠠ ᠨᠡᠮᠡᠭᠳᠡᠯ᠎ᠦᠨ ᠲᠥᠷᠥ᠎ᠶᠢᠨ ᠪᠣᠳᠣᠯᠭ᠎ᠠ ᠎ᠶᠢᠨ ᠬᠤᠷᠠᠮᠠᠯ ᠦᠢᠯᠡᠳᠦᠯ ᠎ᠢ ᠪᠠᠳᠠᠷᠠᠭᠤᠯᠬᠤ 》 ᠵᠠᠰᠠᠯᠲᠠ᠎ᠶᠢᠨ ᠰᠡᠳᠬᠢᠮᠵᠢ ᠨᠢ ᠣᠬᠣᠷ ᠬᠤᠭᠤᠴᠠᠭᠠᠨ᠎ᠳᠤ ᠨᠡᠮᠡᠭᠳᠡᠯ᠎ᠢ ᠲᠣᠭᠲᠠᠭᠤᠨ ᠪᠠᠢᠯᠭᠠᠬᠤ᠎ᠶᠢ ᠪᠣᠳᠣᠯᠬᠢᠯᠠᠭᠰᠠᠨ ᠮᠥᠷᠲᠡᠭᠡᠨ ᠳᠤᠮᠳᠠ ᠣᠷᠳᠣ᠌ ᠬᠤᠭᠤᠴᠠᠭᠠᠨ᠎ᠤ ᠪᠦᠲᠦᠴᠡ ᠎ᠶᠢ ᠰᠢᠯᠢᠳᠡᠭᠵᠢᠭᠦᠯᠬᠦ ᠎ᠶᠢ ᠨᠠᠩ ᠴᠢᠬᠤᠯᠠᠴᠢᠯᠠᠵᠤ᠂ 《ᠦᠶᠡᠯᠡᠯ ᠠᠯᠤᠰᠯᠠᠨ ᠲᠣᠬᠢᠷᠠᠭᠤᠯᠬᠤ 》 ᠪᠠ 《ᠰᠥᠷᠭᠡᠦ  ᠦᠶᠡᠯᠡᠯᠲᠦ ᠲᠣᠬᠢᠷᠠᠭᠤᠯᠤᠯ ᠡᠵᠡᠮᠳᠡᠯ》 ᠎ᠢ ᠣᠷᠭᠠᠨᠢᠭ᠋᠎ᠢᠶᠠᠷ ᠤᠶᠠᠯᠳᠤᠭᠤᠯᠬᠤ᠎ᠶᠢ ᠢᠯᠡᠷᠡᠭᠦᠯᠵᠡᠢ᠃

ᠰᠢᠰᠲᠧᠮᠲᠦ ᠰᠡᠳᠬᠢᠬᠦᠢ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠨᠢᠷᠤᠭᠤ ᠲᠤᠯᠭᠠᠭᠤᠷᠢ᠎ᠶᠢ ᠴᠣᠭᠴᠠᠯᠠᠨ ᠪᠠᠢᠭᠤᠯᠬᠣ ᠬᠡᠷᠡᠭᠳᠡᠢ᠃ ᠠᠵᠤ ᠠᠬᠤᠢ᠎ᠶᠢᠨ ᠳᠠᠯᠳᠠ ᠬᠦᠴᠦᠨ᠎ᠢ ᠭᠦᠢᠴᠡᠳ ᠠᠭᠤᠳᠠᠯᠵᠤ ᠂ 《ᠠᠮᠢᠳᠤᠯᠢᠭ᠋ ᠪᠣᠯᠭᠠᠵᠤ 》 ᠴᠢᠳᠠᠬᠤ ᠮᠥᠷᠲᠡᠭᠡᠨ 《ᠰᠠᠢᠲᠤᠷ ᠬᠠᠮᠢᠶᠠᠷᠴᠤ ᠴᠢᠳᠠᠬᠤ》 ᠪᠣᠯᠭᠠᠬᠤ ᠬᠡᠷᠡᠭᠲᠡᠢ᠃ 

ᠨᠢᠭᠡ᠎ᠳᠦ᠂ ᠳᠣᠲᠣᠭᠠᠳᠤ ᠬᠡᠷᠡᠭᠴᠡᠭᠡ ᠎ᠶᠢᠨ ᠵᠠᠬ᠎ᠠ ᠳᠡᠯᠭᠡᠭᠦᠷ ᠎ᠢ ᠪᠣᠰᠣᠭ᠎ᠠ ᠴᠣᠭᠴᠠᠵᠢᠭᠤᠯᠤᠨ ᠪᠣᠢᠵᠢᠭᠤᠯᠤᠨ᠎ᠠ᠃ 《ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠬᠤ 》 ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠨᠢ ᠣᠳᠣᠬᠠᠨ᠎ᠤ ᠠᠵᠤ ᠠᠬᠤᠢ᠎ᠶᠢᠨ ᠣᠷᠴᠢᠯ᠎ᠤᠨ ᠲᠦᠭᠵᠢᠷᠡᠯ ᠎ᠢ ᠦᠬᠡᠢᠰᠬᠡᠬᠦ᠎ᠳᠦ ᠴᠢᠭᠯᠡᠬᠦᠯᠪᠡ᠃ 《ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ ᠎ᠶᠢ ᠨᠡᠮᠡᠭᠳᠡᠭᠦᠯᠬᠦ ᠲᠥᠯᠥᠪᠯᠡᠭᠡ 》 ᠎ᠪᠠᠷ ᠳᠠᠮᠵᠢᠨ ᠬᠡᠷᠡᠭᠯᠡᠭᠡ ᠵᠢᠨ ᠴᠢᠳᠠᠪᠤᠷᠢ ᠎ᠶᠢ ᠳᠡᠭᠡᠭᠰᠢᠯᠡᠭᠦᠯᠵᠦ᠂ 《ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ 》 ᠎ᠪᠠᠷ ᠠᠷᠠᠳ᠎ᠤᠨ ᠪᠡᠯᠡ ᠣᠷᠣᠭᠤᠯᠤᠯᠲᠠ᠎ᠶᠢ ᠬᠥᠭᠵᠢᠭᠡᠨ᠂ ᠢᠯᠠᠩᠭᠤᠶ᠎ᠠ 《ᠬᠣᠲᠠ᠎ᠶᠢᠨ ᠰᠢᠨᠡᠴᠢᠯᠡᠯᠲᠡ》 ᠬᠢᠭᠡᠳ 《ᠬᠣᠶᠠᠷ ᠴᠢᠬᠤᠯᠠ ᠲᠥᠷᠥᠯ ᠵᠦᠢᠯ 》 ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠡᠯᠡ ᠣᠷᠣᠭᠤᠯᠤᠯᠲᠠ ᠬᠡᠷᠡᠭᠯᠡᠭᠡ᠎ᠶᠢᠨ ᠣᠷᠣᠨ ᠵᠠᠢ᠎ᠶᠢᠨ ᠪᠠᠢᠷᠢᠰᠢᠯ ᠎ᠢ ᠳᠠᠬᠢᠨ ᠪᠣᠶ ᠪᠣᠯᠭᠠᠵᠤ ᠪᠠᠢᠨ᠎ᠠ᠃ ᠬᠤᠷᠠᠯ᠎ᠠᠴᠠ 《ᠭᠡᠷᠡᠭᠯᠡᠭᠡ ᠵᠢᠨ ᠬᠦᠷᠢᠶᠡᠨ᠎ᠦ ᠵᠦᠢ ᠵᠣᠬᠢᠰ ᠦᠭᠡᠢ ᠬᠢᠵᠠᠭᠠᠷᠯᠠᠯ᠎ᠤᠨ ᠠᠷᠭ᠎ᠠ ᠬᠡᠮᠵᠢᠶ᠎ᠡ᠎ᠶᠢ ᠴᠡᠪᠡᠷᠯᠡᠵᠦ᠂ ᠦᠢᠯᠡᠴᠢᠯᠡᠭᠡᠨ᠎ᠦ ᠬᠡᠷᠡᠭᠯᠡᠭᠡ ᠵᠢᠨ ᠳᠠᠯᠳᠠ ᠬᠦᠴᠦᠨ᠎ᠢ ᠪᠠᠳᠠᠷᠠᠭᠤᠯᠤᠨ᠎ᠠ 》 ᠭᠡᠵᠦ ᠣᠨᠴᠠᠭᠠᠢᠯᠠᠨ ᠴᠢᠬᠤᠯᠠᠴᠢᠯᠠᠪᠠ᠃ ᠡᠨᠡ ᠨᠢ ᠣᠲᠣ᠌᠎ᠶᠢᠨ ᠪᠠᠢᠭ᠎ᠠ ᠭᠡᠷ ᠭᠠᠵᠠᠷ ᠎ᠦᠨ ᠬᠥᠷᠥᠩᠭᠡ᠂ ᠮᠠᠰᠢᠨ ᠲᠡᠷᠭᠡ ᠵᠡᠷᠭᠡ ᠬᠦᠷᠢᠶᠡᠨ᠎ᠳᠡᠬᠢ ᠵᠠᠰᠠᠭ ᠵᠠᠬᠢᠷᠭᠠᠨ᠎ᠤ ᠴᠢᠨᠠᠷᠲᠠᠢ ᠬᠤᠳᠠᠯᠳᠤᠨ ᠠᠪᠬᠤ᠎ᠶᠢ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠥᠭᠡᠷᠡᠴᠢᠯᠡᠵᠦ᠂ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠎ᠢ ᠪᠠᠳᠠᠷᠠᠭᠤᠯᠬᠤ᠎ᠳᠤ ᠬᠠᠷᠰᠢ ᠰᠠᠭᠠᠳ ᠎ᠢ ᠠᠷᠢᠯᠭᠠᠵᠤ ᠥᠭᠬᠦ᠎ᠶᠢ ᠬᠠᠷᠠᠭᠤᠯᠵᠤ ᠪᠠᠢᠨ᠎ᠠ᠃

ᠬᠣᠶᠠᠷ᠎ᠲᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠣ ᠵᠢ ᠪᠠᠷᠢᠮᠳᠠᠯᠠᠨ᠎ᠠ᠃ 《ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢᠨ ᠲᠥᠰᠥᠯ 》  ᠎ᠤᠨ ᠳᠦᠷᠢᠮ᠎ᠦᠨ ᠵᠢᠷᠤᠭ ᠲᠥᠯᠥᠪᠯᠡᠭᠡ᠎ᠡᠴᠡ  《ᠤᠯᠠᠨ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ 》  ᠎ᠤᠨ ᠣᠷᠣᠨ ᠪᠦᠰᠡ᠎ᠶᠢᠨ ᠪᠠᠢᠷᠢᠰᠢᠭᠤᠯᠤᠯᠲᠠ ᠬᠦᠷᠲᠡᠯ᠎ᠡ᠂ ᠲᠠᠬᠢᠭᠠᠳ 《ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ 》 ᠵᠢᠨ ᠳᠦᠷᠢᠮ ᠎ᠢ ᠲᠡᠭᠦᠯᠳᠡᠷᠵᠢᠭᠦᠯᠬᠦ ᠬᠦᠷᠲᠡᠯ᠎ᠡ᠂ ᠰᠢᠨ᠎ᠡ᠎ᠶᠢ ᠡᠭᠦᠳᠬᠦ ᠠᠮᠢ ᠠᠬᠤᠢ᠎ᠶᠢᠨ ᠰᠢᠰᠲᠧᠮ᠎ᠢ ᠪᠠᠶ᠋ᠢᠭᠤᠯᠬᠤ᠎ᠳᠤ ᠪᠦᠬᠦ ᠬᠡᠯᠬᠢᠶᠡᠨ ᠎ᠦ ᠣᠨᠴᠠᠯᠢᠭ᠋ ᠢᠯᠡᠷᠡᠪᠡ᠃ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠷᠠᠭᠤᠯᠬᠤ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠬᠠᠮᠠᠭᠠᠯᠠᠬᠤ᠎ᠶᠢ ᠲᠠᠰ ᠳᠡᠪᠰᠢᠭᠦᠯᠬᠦ᠂ ᠰᠢᠨᠵᠢᠯᠡᠬᠦ ᠤᠬᠠᠭᠠᠨ ᠲᠸᠭᠨᠢᠭ  ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠳᠦ ᠰᠢᠨ᠎ᠡ᠎ᠶᠢ ᠡᠭᠦᠳᠴᠦ᠂ 《ᠰᠠᠭᠤᠷᠢ ᠰᠤᠳᠤᠯᠭᠠᠨ — ᠮᠡᠷᠭᠡᠵᠢᠯ᠎ᠦᠨ ᠪᠣᠭᠣᠮᠲᠠ ᠰᠢᠪᠲᠤᠯᠬᠤ — ᠦᠷ᠎ᠡ ᠪᠦᠲᠦᠭᠡᠯ᠎ᠢ ᠤᠯᠠᠷᠢᠭᠤᠯᠬᠤ 》 ᠪᠦᠷᠢᠨ ᠪᠦᠲᠦᠨ ᠬᠡᠯᠬᠢᠶ᠎ᠡ ᠎ᠶᠢ ᠬᠠᠮᠲᠤᠪᠠᠷ ᠪᠦᠷᠢᠯᠳᠦᠭᠦᠯᠦᠨ᠎ᠡ᠃ ᠡᠢᠮᠦᠷᠬᠦᠦ 《ᠵᠠᠰᠠᠭ ᠎ᠤᠨ ᠣᠷᠳᠣᠨ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ ᠬᠡᠷᠡᠭᠯᠡᠯᠲᠡ 》 ᠎ᠶᠢᠨ ᠬᠠᠮᠵᠢᠯᠴᠠᠨ ᠰᠢᠨ᠎ᠡ ᠎ᠶᠢ ᠡᠭᠦᠳᠬᠦ ᠵᠠᠭᠪᠤᠷ ᠨᠢ ᠤᠯᠠᠮᠵᠢᠯᠠᠯᠲᠤ ᠰᠢᠨᠵᠢᠯᠡᠬᠦ ᠤᠬᠠᠭᠠᠨ᠎ᠤ ᠰᠤᠳᠤᠯᠭᠠᠨ ᠎ᠤ ᠪᠠᠢᠭᠤᠯᠤᠯ᠎ᠤᠨ ᠬᠠᠷᠰᠢ ᠰᠠᠭᠠᠳ᠎ᠢ ᠡᠪᠳᠡᠵᠦ᠂ ᠰᠢᠨ᠎ᠡ᠎ᠶᠢ ᠡᠭᠦᠳᠬᠦ ᠡᠬᠢ ᠪᠤᠯᠠᠭ᠎ᠢ ᠭᠦᠢᠴᠡᠳ ᠤᠨᠳᠤᠷᠤᠭᠤᠯᠵᠤ ᠪᠠᠢᠨ᠎ᠠ᠃

ᠭᠤᠷᠪᠠ᠎ᠳᠤ᠂ ᠥᠭᠡᠷᠡᠴᠢᠯᠡᠯᠲᠡ᠎ᠶᠢᠨ ᠪᠤᠭᠤᠮᠳᠠ ᠰᠢᠪᠲᠤᠯᠬᠣ ᠵᠢ ᠪᠠᠷᠢᠮᠳᠠᠯᠠᠨ᠎ᠠ᠃ 《ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢᠨ ᠳᠦᠷᠢᠮ》  ᠎ᠢ ᠲᠣᠭᠲᠠᠭᠠᠭᠰᠠᠨ ᠨᠢ ᠴᠢᠬᠤᠯᠠ ᠡᠯᠧᠮᠧᠨ᠋ᠲ ᠎ᠦᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠳᠦᠷᠢᠮᠵᠢᠭᠰᠡᠨ ᠱᠠᠲᠤᠨ ᠎ᠳᠤ ᠣᠷᠣᠭᠰᠠᠨ ᠎ᠢ ᠬᠠᠷᠠᠭᠤᠯᠵᠤ ᠪᠠᠢᠨ᠎ᠠ᠃ 《ᠳᠣᠲᠣᠭᠠᠳᠤ ᠡᠪᠬᠡᠮᠡᠯ᠎ᠦᠨ ᠮᠠᠶᠢᠭ᠋ ᠎ᠤᠨ ᠥᠷᠢᠰᠦᠯᠳᠦᠭᠡᠨ 》 ᠎ᠢ ᠲᠤᠰᠬᠠᠢ ᠴᠡᠭᠴᠡᠯᠡᠨ ᠵᠠᠰᠠᠬᠤ᠂ ᠠᠵᠤ ᠠᠬᠤᠢᠯᠠᠯ᠎ᠦᠨ  ᠥᠷᠢᠲᠦᠵᠦ ᠪᠠᠢᠭ᠎ᠠ ᠲᠠᠩᠰᠠᠨ ᠵᠣᠭᠣᠰ᠎ᠢ ᠴᠡᠪᠡᠷᠯᠡᠨ ᠴᠡᠭᠴᠡᠯᠡᠬᠦ ᠠᠵᠢᠯᠯᠠᠭ᠎ᠠ᠂ ᠲᠠᠪᠴᠠᠩ᠎ᠤᠨ ᠠᠵᠤ ᠠᠬᠤᠢ ᠎ᠶᠢ ᠵᠢᠷᠤᠮᠵᠢᠭᠤᠯᠤᠨ ᠬᠥᠭᠵᠢᠭᠦᠯᠬᠦ᠎ᠳᠦ ᠬᠠᠨᠳᠣᠭᠣᠯᠣᠨ᠂ ᠥᠭᠡᠷᠡᠴᠢᠯᠡᠯᠲᠡ ᠪᠤᠯᠭᠠᠨ ᠨᠢ ᠴᠥᠮ ᠪᠠᠢᠭᠤᠯᠤᠯ ᠲᠣᠭᠲᠠᠴᠠ᠎ᠶᠢᠨ ᠳᠤᠲᠠᠭᠤᠳᠠᠯ ᠪᠠ ᠪᠠᠭᠤᠷᠠᠢ ᠲᠠᠯ᠎ᠠ᠎ᠶᠢ ᠰᠢᠭᠤᠳ ᠴᠢᠭᠯᠡᠵᠦ ᠪᠠᠢᠨ᠎ᠠ᠃ ᠢᠯᠠᠩᠭᠤᠶ᠎ᠠ 《ᠣᠷᠣᠨ ᠨᠤᠲᠤᠭ ᠎ᠤᠨ ᠭᠠᠢᠯᠢ᠎ᠶᠢᠨ ᠰᠢᠰᠲᠧᠮ 》 ᠎ᠢ ᠲᠡᠭᠦᠯᠳᠡᠷᠵᠢᠭᠦᠯᠬᠦ ᠪᠠ 《ᠳᠤᠮᠳᠠ ᠵᠢᠵᠢᠭ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠲᠣᠭ᠎ᠠ ᠬᠡᠮᠵᠢᠶ᠎ᠡ᠎ᠶᠢ ᠪᠠᠭᠠᠰᠬᠠᠨ ᠶᠠᠰᠤ ᠴᠢᠨᠠᠷ᠎ᠢ ᠳᠡᠭᠡᠭᠰᠢᠯᠡᠭᠦᠯᠬᠦ 》 ᠨᠢ ᠣᠷᠣᠨ ᠪᠦᠰᠡ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠬᠦ ᠮᠥᠷᠲᠡᠭᠡᠨ ᠪᠠᠰᠠ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠳᠦ ᠣᠷᠣᠨ ᠵᠠᠢ ᠭᠠᠷᠭᠠᠵᠤ ᠥᠭᠬᠦ ᠪᠣᠯᠣᠨ᠎ᠠ᠃

ᠳᠥᠷᠪᠡ᠎ᠳᠦ᠂ ᠨᠡᠭᠡᠭᠡᠯᠲᠡ ᠬᠢᠵᠦ ᠬᠠᠮᠲᠤᠷᠠᠯᠴᠠᠬᠤ ᠥᠨᠳᠥᠷ ᠲᠦᠪᠰᠢᠨ ᠪᠦᠬᠦᠢ ᠪᠠᠢᠷᠢᠰᠢᠭᠤᠯᠤᠯᠲᠠ 《ᠳᠦᠷᠢᠮ᠎ᠦᠨ ᠬᠡᠯᠪᠡᠷᠢ᠎ᠶᠢᠨ ᠨᠡᠭᠡᠭᠡᠯᠲᠡ》 ᠎ᠶᠢ ᠳᠤᠷᠠᠳᠤᠭᠰᠠᠨ ᠨᠢ ᠳᠤᠮᠳᠠᠳᠤ ᠤᠯᠤᠰ᠎ᠤᠨ ᠭᠠᠳᠠᠭᠠᠳᠤ ᠨᠡᠭᠡᠭᠡᠯᠲᠡ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃ 《ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ》 ᠡᠴᠡ 《ᠣᠷᠣᠨ ᠪᠦᠰᠡ᠎ᠶᠢᠨ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠬᠡᠯᠡᠯᠴᠡᠭᠡᠷ 》 ᠲᠣᠬᠢᠷᠠᠯᠴᠠᠬᠤ ᠬᠦᠷᠲᠡᠯ᠎ᠡ᠂ 《 ᠲᠣᠭᠠᠴᠢᠯᠠᠭᠰᠠᠨ ᠠᠷᠠᠯᠵᠢᠶ᠎ᠠ 》 ᠡᠴᠡ 《 ᠨᠢᠭᠡ ᠪᠦᠰᠡ ᠨᠢᠭᠡ ᠵᠠᠮ 》  ᠎ᠤᠨ ᠴᠢᠨᠠᠷ ᠰᠠᠢᠲᠠᠢ ᠬᠥᠭᠵᠢᠯᠲᠡ ᠬᠦᠷᠲᠡᠯ᠎ᠡ᠂ ᠳᠤᠮᠳᠠᠳᠤ ᠤᠯᠤᠰ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠷ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠵᠠᠰᠠᠯᠲᠠ᠎ᠳᠤ ᠣᠷᠣᠯᠴᠠᠵᠤ ᠪᠠᠢᠨ᠎ᠠ᠃ ᠣᠨᠴᠠᠭᠠᠢᠯᠠᠨ ᠠᠩᠬᠠᠷᠤᠭᠤᠰᠢᠲᠠᠢ ᠨᠢ 《ᠳᠣᠲᠣᠭᠠᠳᠤ ᠭᠠᠳᠠᠭᠠᠳᠤ ᠠᠷᠠᠯᠵᠢᠶ᠎ᠠ᠎ᠶᠢ ᠨᠢᠭᠡ ᠴᠣᠭᠴᠠᠵᠢᠭᠤᠯᠬᠤ 》 ᠎ᠶᠢ ᠠᠬᠢᠭᠤᠯᠬᠤ ᠶᠠᠪᠤᠳᠠᠯ ᠪᠣᠯᠣᠨ᠎ᠠ᠂ ᠡᠨᠡ ᠨᠢ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ ᠎ᠢ ᠥᠷᠭᠡᠳᠬᠡᠬᠦ᠎ᠳᠦ ᠠᠰᠢᠭ᠍ᠲᠠᠢ᠎ᠪᠠᠷ ᠪᠠᠷᠠᠬᠤ ᠦᠭᠡᠢ᠂ ᠤᠯᠤᠰ᠎ᠤᠨ ᠳᠣᠲᠣᠭᠠᠳᠤ᠎ᠶᠢᠨ ᠠᠵᠤ ᠦᠢᠯᠡᠰ᠎ᠦᠨ ᠲᠠᠰ ᠳᠡᠪᠰᠢᠬᠦ᠎ᠶᠢ ᠭᠡᠳᠡᠷᠭᠦ ᠰᠢᠬᠠᠮᠳᠠᠭᠤᠯᠵᠤ ᠂ 《ᠬᠣᠣᠰ ᠣᠷᠴᠢᠯ》 ᠎ᠤᠨ ᠰᠠᠢᠨ ᠨᠥᠬᠥᠴᠡᠯᠳᠦᠯ᠎ᠢ ᠪᠣᠶ ᠪᠣᠯᠭᠠᠬᠤ᠎ᠳᠤ ᠠᠰᠢᠭ᠍ᠲᠠᠢ ᠶᠤᠮ᠃

ᠥᠷᠲᠡᠭ ᠎ᠦᠨ ᠤᠳᠤᠷᠢᠳᠤᠮᠵᠢ᠎ᠶᠢ ᠴᠢᠩᠭᠠᠳᠬᠠᠵᠤ᠂ ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠭᠦᠨ ᠤᠬᠠᠭᠠᠨ᠎ᠢ ᠲᠤᠭᠤᠰᠢᠯᠠᠭᠣᠯᠬᠣ ᠬᠡᠷᠡᠭᠳᠡᠢ᠃ 《 ᠨᠠᠢ᠍ᠮᠠ᠎ᠶᠢ ᠪᠠᠷᠢᠮᠲᠠᠯᠠᠬᠤ》 ᠳᠤᠮᠳᠠ᠂ 《ᠠᠷᠠᠳ ᠎ᠤᠨ ᠠᠮᠢᠳᠤᠷᠠᠯ ᠎ᠢ ᠲᠡᠷᠢᠬᠦᠨ᠎ᠳᠦ ᠲᠠᠯᠪᠢᠬᠤ》 ᠣᠢᠯᠠᠭᠠᠭᠳᠠᠬᠤᠨ ᠢᠮᠠᠭᠲᠠ ᠲᠤᠭᠤᠰᠢᠯᠠᠬᠳᠠᠵᠦ ᠪᠣᠢ᠃ 《ᠠᠵᠢᠯ ᠎ᠤᠨ ᠪᠠᠢᠷᠢ᠎ᠶᠢ ᠲᠣᠭᠲᠠᠪᠤᠷᠢᠵᠢᠭᠤᠯᠵᠤ ᠬᠡᠪᠴᠢᠶ᠎ᠡ᠎ᠶᠢ ᠥᠷᠭᠡᠳᠬᠡᠨ ᠶᠠᠰᠤ ᠴᠢᠨᠠᠷ ᠎ᠢ ᠳᠡᠭᠡᠭᠰᠢᠯᠡᠭᠦᠯᠬᠦ ᠠᠵᠢᠯᠯᠠᠭ᠎ᠠ》 ᠎ᠡᠴᠡ 《ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ》 ᠬᠦᠷᠲᠡᠯ᠎ᠡ ᠂ 《ᠡᠩ ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠷᠳᠡᠮ᠎ᠦᠨ ᠴᠣᠯᠠ᠎ᠶᠢᠨ ᠬᠠᠩᠭᠠᠯᠭ᠎ᠠ 》ᠡᠴᠡ《ᠰᠢᠨ᠎ᠡ ᠎ᠪᠡᠷ ᠨᠡᠮᠡᠭᠳᠡᠭᠰᠡᠨ ᠬᠥᠮᠥᠨ ᠠᠮᠠ᠎ᠶᠢᠨ ᠬᠡᠪᠴᠢᠶ᠎ᠡ᠎ᠶᠢ ᠲᠣᠭᠲᠠᠪᠤᠷᠢᠵᠢᠭᠤᠯᠬᠤ 》 ᠬᠦᠷᠲᠡᠯ᠎ᠡ᠂ ᠠᠷᠠᠳ᠎ᠤᠨ ᠠᠮᠢᠳᠤᠷᠠᠯ᠎ᠤᠨ ᠠᠷᠭ᠎ᠠ ᠬᠡᠮᠵᠢᠶ᠎ᠡ  ᠨᠢ ᠴᠥᠮ ᠣᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠣᠨᠣᠪᠴᠢᠲᠠᠶ ᠬᠠᠷᠢᠭᠤ ᠲᠣᠰᠬᠠᠯ ᠦᠭᠬᠦᠭᠰᠡᠨ ᠪᠠᠢᠨ᠎ᠠ᠃  《ᠠᠷᠠᠳ ᠲᠦᠮᠡᠨ᠎ᠦ ᠲᠥᠯᠥᠭᠡ ᠬᠦᠭᠵᠢᠬᠦᠯᠵᠦ᠂ ᠬᠥᠭᠵᠢᠭᠦᠯᠬᠦ᠎ᠳᠦ ᠠᠷᠠᠳ ᠲᠦᠮᠡᠨ᠎ᠢ ᠲᠦᠰᠢᠭᠯᠡᠬᠦ 》 ᠦᠷᠲᠡᠭ᠎ᠦᠨ ᠬᠥᠭᠡᠭᠡᠴᠡᠯᠳᠦᠯ ᠨᠢ ᠠᠵᠤ ᠠᠬᠤᠢ᠎ᠶᠢᠨ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠦᠨᠡᠨ ᠬᠦ᠌ ᠬᠦᠷᠲᠡᠭᠡᠪᠡ᠃

ᠬᠥᠭᠵᠢᠯᠲᠡ᠎ᠶᠢᠨ ᠠᠮᠤᠷ ᠲᠦᠪᠰᠢᠨ᠎ᠦ ᠰᠠᠭᠤᠷᠢ᠎ᠶᠢ ᠪᠡᠬᠢᠵᠢᠭᠦᠯᠵᠦ᠂ 《ᠬᠣᠷᠢᠭ᠎ᠠ ᠱᠤᠭᠤᠮ᠎ᠢ ᠪᠠᠲᠤ ᠰᠠᠬᠢᠬᠤ 》 ᠨᠢ ᠳᠤᠮᠳᠠᠳᠤ ᠤᠯᠤᠰ᠎ᠤᠨ ᠠᠵᠤ ᠠᠬᠤᠢ᠎ᠶᠢᠨ ᠯᠠᠪᠳᠠᠭᠤᠨ᠎ᠢᠶᠠᠷ ᠬᠤᠯᠠ ᠠᠶᠠᠯᠠᠬᠤ ᠢᠲᠡᠭᠡᠯ ᠵᠣᠷᠢᠭ᠋᠎ᠢ ᠪᠦᠷᠢᠯᠳᠦᠭᠦᠯᠪᠡ᠃ ᠬᠥᠭᠵᠢᠭᠦᠯᠬᠦ  《ᠲᠡᠷᠢᠭᠦᠨ ᠴᠢᠬᠤᠯᠠ ᠶᠠᠪᠤᠳᠠᠯ 》 ᠎ᠢ ᠰᠠᠢᠲᠤᠷ ᠬᠢᠬᠦ ᠮᠥᠷᠲᠡᠭᠡᠨ ᠠᠮᠤᠷ ᠲᠦᠪᠰᠢᠨ  《ᠲᠡᠷᠢᠭᠦᠨ ᠴᠢᠬᠤᠯᠠ ᠶᠡᠬᠡ ᠶᠠᠪᠤᠳᠠᠯ 》 ᠎ᠢ ᠴᠤ᠌ ᠰᠠᠢᠲᠤᠷ ᠬᠢᠬᠦ ᠬᠡᠷᠡᠭᠲᠡᠢ᠃ ᠭᠡᠷ  ᠭᠠᠵᠠᠷ ᠎ᠦᠨ ᠬᠥᠷᠥᠩᠭᠡ᠎ᠶᠢᠨ ᠵᠠᠬ᠎ᠠ ᠳᠡᠯᠭᠡᠭᠦᠷ᠎ᠦᠨ 《 ᠨᠡᠮᠡᠭᠳᠡᠯ᠎ᠢ ᠬᠢᠵᠠᠭᠠᠷᠯᠠᠬᠤ ᠂ ᠬᠥᠮᠥᠷᠭᠡ᠎ᠶᠢᠨ ᠬᠠᠳᠠᠭᠠᠯᠠᠯᠲᠠ᠎ᠶᠢ ᠪᠠᠭᠠᠰᠬᠠᠬᠤ᠂ ᠴᠢᠨᠠᠷ ᠰᠠᠢᠲᠠᠢ ᠬᠠᠩᠭᠠᠬᠤ 》᠂ ᠨᠦᠬᠡᠴᠡ ᠲᠠᠸᠠᠷ᠎ᠤᠨ ᠭᠡᠷ ᠪᠠᠢᠰᠢᠩ᠎ᠢ ᠬᠤᠷᠢᠶᠠᠨ ᠪᠠᠲᠤᠯᠠᠭ᠎ᠠ᠎ᠶᠢᠨ ᠣᠷᠣᠨ ᠰᠠᠭᠤᠴᠠ᠎ᠳᠤ ᠭᠣᠣᠯᠳᠠᠯᠭ᠎ᠠ᠎ᠲᠠᠢ ᠬᠡᠷᠡᠭᠯᠡᠬᠦ᠎ᠶᠢ ᠵᠣᠷᠢᠭ᠍ᠵᠢᠭᠤᠯᠬᠤ ᠬᠡᠷᠡᠭᠲᠡᠢ᠃ ᠣᠷᠣᠨ ᠨᠤᠲᠤᠭ᠎ᠤᠨ ᠥᠷᠢ ᠥᠭᠴᠡᠭᠡ᠎ᠶᠢᠨ 《ᠰᠠᠨᠠᠭᠠᠴᠢᠯᠠᠭ᠎ᠠ᠎ᠠᠴᠠ᠎ᠪᠠᠨ ᠥᠷᠢ ᠥᠭᠴᠡᠭᠡ᠎ᠶᠢ ᠨᠠᠮᠳᠠᠭᠤᠯᠬᠤ᠂ ᠲᠣᠭᠲᠠᠭᠠᠯ᠎ᠠᠴᠠ ᠵᠥᠷᠢᠴᠡᠨ ᠰᠢᠨ᠎ᠡ ᠎ᠪᠡᠷ ᠨᠡᠮᠡᠭᠳᠡᠭᠦᠯᠬᠦ ᠦᠭᠡᠢ》᠂ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ 《ᠯᠠᠪᠳᠠᠭᠤᠨ᠎ᠢᠶᠠᠷ ᠰᠢᠢᠳᠪᠦᠷᠢᠯᠡᠵᠦ》᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠪᠥᠬᠥ ᠲᠠᠯ᠎ᠠ᠎ᠶᠢᠨ ᠰᠢᠰᠲ᠋ᠸᠮ ᠎ᠢ ᠪᠠᠢᠭᠤᠯᠤᠨ᠎ᠠ᠃ ᠭᠡᠷ ᠭᠠᠵᠠᠷ ᠎ᠦᠨ ᠬᠥᠷᠥᠩᠭᠡ᠎ᠶᠢᠨ ᠵᠠᠬ᠎ᠠ ᠳᠡᠯᠭᠡᠭᠦᠷ ᠪᠣᠯ ᠠᠶᠤᠯ ᠲᠦᠭᠰᠢᠭᠦᠷᠢ᠎ᠶᠢᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠪᠠᠰᠠ ᠴᠤ᠌ ᠠᠷᠠᠳ᠎ᠤᠨ ᠠᠮᠢᠳᠤᠷᠠᠯ᠎ᠤᠨ ᠠᠰᠠᠭᠤᠳᠠᠯ ᠮᠥᠨ᠃ ᠢᠯᠠᠩᠭᠤᠶ᠎ᠠ 《ᠰᠠᠢᠨ ᠭᠡᠷ ᠪᠠᠢᠰᠢᠩ 》 ᠎ᠤᠨ ᠪᠦᠲᠦᠭᠡᠨ ᠪᠠᠢᠭᠤᠯᠤᠯᠲᠠ᠎ᠶᠢ ᠳᠤᠷᠠᠳᠤᠨ ᠭᠠᠷᠭᠠᠭᠰᠠᠨ ᠨᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭᠠᠵᠤ ᠴᠢᠳᠠᠬᠤ ᠮᠥᠷᠲᠡᠭᠡᠨ ᠪᠠᠰᠠ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠬᠠᠷᠠᠭᠤᠯᠵᠤ ᠪᠠᠢᠨ᠎ᠠ᠂ ᠡᠭᠦᠨ ᠎ᠦ ᠬᠠᠮᠲᠤ ᠬᠥᠭᠵᠢᠯᠲᠡ ᠪᠣᠯᠣᠨ ᠠᠮᠤᠷ ᠲᠦᠪᠰᠢᠨ᠎ᠦ ᠬᠥᠳᠡᠯᠦᠩᠭᠦᠢ ᠲᠡᠩᠴᠡᠭᠦᠷᠢ᠎ᠶᠢ ᠲᠤᠰᠬᠠᠵᠤ ᠪᠠᠢᠨ᠎ᠠ᠃

ᠨᠢᠭᠡ ᠬᠤᠪᠢ ᠎ᠶᠢᠨ ᠪᠠᠢᠷᠢᠯᠠᠭᠤᠯᠤᠯᠲᠠ᠂ ᠶᠢᠰᠦᠨ ᠬᠤᠪᠢ᠎ᠶᠢᠨ ᠨᠠᠢᠳᠠᠪᠤᠷᠢᠵᠢᠭᠤᠯᠤᠯᠲᠠ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠬᠢᠵᠦ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ᠂ ᠡᠷᠡᠮᠡᠬᠡᠢᠯᠡᠨ ᠤᠷᠤᠭᠰᠢᠯᠠᠨ᠎ᠡ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂  ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ ᠎ᠤ  ᠪᠠᠢᠳᠠᠯ᠎ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠤᠯᠠᠨ ᠲᠠᠯ᠎ᠠ᠎ᠶᠢᠨ ᠬᠠᠷᠢᠴᠠᠭᠤᠯᠤᠭᠰᠠᠨ ᠳᠠᠪᠠᠭᠤᠯᠢᠭ᠋ ᠪᠣᠯᠣᠨ ᠠᠰᠢᠭ᠍ᠲᠠᠢ ᠨᠥᠬᠥᠴᠡᠯ᠎ᠢ ᠭᠦᠢᠴᠡᠳ ᠲᠠᠨᠢᠬᠤ᠎ᠶᠢᠨ ᠬᠠᠮᠲᠤ ᠦᠨᠡᠨ ᠬᠦ᠌ ᠰᠠᠢᠲᠤᠷ ᠠᠰᠢᠭ᠍ᠯᠠᠵᠤ᠂ 《ᠳᠤᠮᠳᠠᠳᠤ ᠤᠯᠤᠰ᠎ᠤᠨ ᠦᠢᠯᠡᠳᠬᠦ + ᠳᠤᠮᠳᠠᠳᠤ ᠤᠯᠤᠰ᠎ᠤᠨ ᠵᠠᠬ᠎ᠠ ᠳᠡᠯᠭᠡᠭᠦᠷ》᠎ᠤᠨ ᠰᠦᠷ ᠳᠠᠯᠠᠢᠴᠠᠲᠠᠢ ᠬᠥᠳᠡᠯᠭᠡᠬᠦ ᠬᠦᠴᠦᠨ ᠎ᠢ ᠲᠠᠰᠤᠷᠠᠯᠳᠠ ᠦᠭᠡᠢ ᠬᠥᠭᠵᠢᠭᠡᠪᠡᠯ᠂ ᠳᠤᠮᠳᠠᠳᠤ ᠤᠯᠤᠰ᠎ᠤᠨ ᠠᠵᠤ ᠠᠬᠤᠢ ᠯᠠᠪᠲᠠᠢ ᠯᠠᠪᠳᠠᠭᠣᠨ ᠣᠷᠣᠬᠰᠢᠳᠠᠢ ᠬᠦᠭᠵᠢᠵᠦ ᠴᠢᠳᠠᠬᠣ ᠪᠣᠯᠣᠨ᠎ᠠ᠃

︽ᠠᠷᠠᠳ ᠎ᠤᠨ  ᠣᠯᠣᠰ ᠲᠦᠷᠦ ᠵᠢᠨ ᠵᠦᠪᠯᠡᠯᠭᠡᠨ ᠎ᠤ  ᠰᠣᠨᠢᠨ︾ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号