ᠰᠠᠭᠤᠷᠢ ᠵᠢ ᠪᠡᠬᠢᠵᠢᠬᠦᠯᠤᠨ ᠴᠢᠨᠠᠷ᠎ᠢ ᠳᠡᠬᠡᠭᠰᠢᠯᠡᠬᠦᠯᠵᠦ ᠰᠤᠷᠭᠠᠨ ᠬᠦᠮᠦᠵᠢᠯ᠎ᠤᠨ ᠬᠦᠴᠦᠷᠬᠡᠭ ᠤᠷᠤᠨ᠎ᠤ ᠪᠠᠢᠭᠤᠯᠤᠯᠳᠠ ᠵᠢ ᠲᠦᠷᠬᠡᠳᠬᠡᠪᠡ
2025-12-22 12:09:35
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭ᠍ᠴᠢ᠎ᠶᠢᠨ ᠦᠭᠡ᠄ ᠰᠤᠷᠭᠠᠨ ᠬᠦᠮᠦᠵᠢᠯ᠎ᠤᠨ ᠦᠬᠡᠷᠡᠴᠢᠯᠡᠯᠳᠡ᠂ ᠳᠡᠬᠡᠳᠤ ᠵᠡᠷᠬᠡ ᠵᠢᠨ ᠰᠤᠷᠭᠠᠨ ᠬᠦᠮᠦᠵᠢᠯ᠎ᠤᠨ ᠳᠤᠳᠤᠭᠠᠳᠤ ᠠᠭᠤᠯᠬᠤᠨ ᠪᠦᠬᠦᠢ ᠬᠦᠭᠵᠢᠯᠳᠡ᠂ ᠠᠵᠢᠯ ᠮᠡᠷᠬᠡᠵᠢᠯ᠎ᠤᠨ ᠰᠤᠷᠭᠠᠨ ᠬᠦᠮᠦᠵᠢᠯ᠎ᠤᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠂ ᠤᠶᠤᠳᠠᠳ᠎ᠤᠨ ᠠᠵᠢᠯ ᠤᠯᠭᠤᠯᠳᠠ᠂ ᠰᠠᠭᠤᠷᠢ ᠰᠤᠷᠭᠠᠨ ᠬᠦᠮᠦᠵᠢᠯ᠎ᠤᠨ ᠴᠢᠨᠠᠷ ᠰᠠᠢᠳᠠᠢ ᠲᠡᠩᠴᠡᠬᠦᠷᠢᠳᠡᠢ ᠬᠦᠭᠵᠢᠯᠳᠡ ᠵᠡᠷᠭᠡ ᠪᠤᠯ 《ᠰᠤᠷᠭᠠᠨ ᠬᠦᠮᠦᠵᠢᠯ》 ᠲᠤᠰᠬᠠᠢ ᠨᠢᠭᠤᠷ᠎ᠤᠨ ᠰᠡᠳᠦᠪ ᠰᠤᠩᠭᠤᠯᠳᠠ ᠪᠤᠯᠤᠬᠰᠠᠭᠠᠷ ᠢᠷᠡᠯ᠎ᠡ᠃ 2025 ᠤᠨ ᠳ᠋ᠤ ᠰᠢᠨ᠎ᠡ ᠬᠤᠭᠤᠴᠠᠭ᠎ᠠ ᠡᠬᠢᠯᠡᠬᠦ᠂ ᠶᠡᠬᠡ ᠲᠡᠭᠡᠳᠦ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠳᠠ᠂ ᠪᠠᠭᠰᠢ᠎ᠶᠢᠨ ᠪᠠᠶᠠᠷ ᠵᠡᠷᠭᠡ ᠤᠨᠴᠠᠭᠠᠢ ᠴᠠᠭ ᠮᠦᠴᠡ ᠪᠡᠷ ᠪᠢᠳᠡ ᠭᠤᠤᠯᠳᠠᠯᠭᠠᠳᠤ ᠰᠡᠳᠦᠪ ᠤᠬᠠᠭᠠᠯᠠᠨ ᠮᠡᠳᠡᠭᠡᠯᠡᠭᠰᠡᠨ ᠪᠦᠭᠡᠳ 《ᠳᠠᠪᠤᠨ ᠬᠦᠮᠦᠵᠢᠯ·ᠪᠠᠶᠠᠰᠤᠯᠳᠤ ᠰᠤᠷᠤᠯᠴᠠᠯᠭ᠎ᠠ》 ᠂ 《ᠠᠵᠢᠯ ᠤᠯᠭᠤᠯᠳᠠ ᠵᠢ ᠠᠬᠢᠭᠤᠯᠵᠤ ᠤᠮᠠᠷᠠᠳᠤ ᠬᠢᠯᠢ ᠪᠠᠨ ᠪᠦᠳᠦᠬᠡᠨ ᠪᠠᠢᠭᠤᠯᠤᠶ᠎ᠠ》 ᠵᠡᠷᠭᠡ ᠰᠢᠷᠢᠰ ᠮᠡᠳᠡᠬᠡᠯᠡᠯ ᠬᠢᠪᠡ᠃ ᠨᠢᠭᠡ ᠵᠢᠯ᠎ᠤᠨ ᠲᠤᠷᠰᠢ ᠪᠢᠳᠡᠨ ᠲᠡᠢ ᠬᠠᠮᠳᠤ ᠪᠠᠢᠵᠤ᠂ ᠡᠬᠡ ᠪᠢᠴᠢᠭ᠎ᠢᠶᠡᠨ ᠢᠷᠡᠭᠦᠯᠵᠦ᠂ ᠵᠤᠷᠢᠭᠵᠢᠭᠤᠯᠵᠤ ᠢᠷᠡᠭᠰᠡᠨ ᠡᠷᠬᠢᠮ ᠤᠩᠰᠢᠭᠴᠢᠳ ᠲᠠᠭᠠᠨ ᠪᠠᠶᠠᠷᠯᠠᠯ᠎ᠠ !


QQ20251222-120828.png


ᠭᠠᠨᠵᠤᠭ᠎ᠠ ᠲᠦᠬᠦᠷᠡᠩ 2025 ᠤᠨ ᠦᠩᠬᠡᠷᠡᠨ ᠤᠳᠬᠤ ᠮᠦᠴᠡ ᠪᠡᠷ ᠡᠷᠬᠢᠴᠡᠬᠦᠯᠦᠨ ᠰᠢᠨᠵᠢᠬᠦᠶ᠎ᠡ ᠠᠮᠵᠢᠯᠳᠠ ᠪᠦᠳᠦᠮᠵᠢ ᠡᠯᠪᠡᠭ᠃ ᠡᠨᠡ ᠵᠢᠯ ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠰᠢᠰᠲᠧᠮ᠎ᠤᠨ ᠬᠢᠨ ᠨᠠᠮ᠎ᠤᠨ ᠪᠠᠢᠭᠤᠯᠤᠯᠳᠠ ᠪᠡᠷ ᠬᠦᠳᠦᠯᠦᠨ ᠳᠠᠭᠠᠭᠤᠯᠬᠤ ᠡᠴᠡ ᠰᠦᠭ ᠰᠦᠨᠡᠰᠤ ᠵᠢ ᠱᠤᠭᠤᠵᠤ ᠬᠦᠮᠦᠨ᠎ᠢ ᠬᠦᠮᠦᠵᠢᠬᠦᠯᠬᠦ ᠬᠦᠷᠳᠡᠯ᠎ᠡ᠂ ᠰᠠᠭᠤᠷᠢ ᠰᠤᠷᠭᠠᠨ ᠬᠦᠮᠦᠵᠢᠯ᠎ᠤᠨ ᠴᠢᠨᠠᠷ ᠰᠠᠢᠳᠠᠢ ᠳᠡᠩᠴᠡᠬᠦᠷᠢᠳᠡᠢ ᠬᠦᠭᠵᠢᠯᠳᠡ ᠵᠢᠴᠢ ᠲᠦᠬᠡᠮᠡᠯ ᠬᠠᠷᠠᠭᠠᠯᠵᠠᠯ ᠬᠦᠷᠳᠡᠬᠡᠬᠦ ᠡᠴᠡ ᠪᠠᠭᠰᠢ ᠵᠢᠨ ᠡᠩᠨᠡᠬᠡ ᠵᠢ ᠰᠢᠯᠢᠳᠡᠭᠵᠢᠬᠦᠯᠬᠦ ᠬᠦᠷᠳᠡᠯ᠎ᠡ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠨᠳᠥᠷᠯᠢᠭ ᠢ᠋ ᠱᠤᠭᠤᠬᠤ ᠡᠴᠡ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠭᠤᠰᠤᠯᠴᠠᠨ ᠬᠦᠭᠵᠢᠬᠦ ᠬᠦᠷᠲᠡᠯ᠎ᠡ ᠰᠢᠨ᠎ᠡ ᠵᠢ ᠡᠬᠦᠳᠬᠦ ᠪᠡᠷ ᠴᠢᠳᠠᠪᠤᠷᠢ ᠣᠯᠭᠣᠵᠤ᠂ ᠰᠤᠷᠭᠠᠨ ᠬᠦᠮᠦᠵᠢᠯ᠎ᠤᠨ ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠳ᠋ᠤ ᠦᠢᠯᠡᠴᠢᠯᠡᠬᠦ ᠡᠷᠴᠢᠮ ᠵᠢᠡᠨ ᠴᠢᠩᠭᠠᠷᠠᠭᠤᠯᠵᠤ᠂ ᠰᠤᠷᠭᠠᠨ ᠬᠦᠮᠦᠵᠢᠯ᠎ᠤᠨ ᠬᠦᠴᠦᠷᠭᠡᠭ ᠤᠷᠤᠨ᠎ᠤ ᠪᠠᠢᠭᠤᠯᠤᠯᠳᠠ ᠳ᠋ᠤ ᠬᠦᠴᠦᠨ ᠨᠡᠮᠡᠷᠢᠯᠡᠪᠡ᠃ 

ᠬᠦᠮᠦᠨ᠎ᠢ ᠬᠦᠮᠦᠵᠢᠬᠦᠯᠬᠦ ᠪᠤᠳᠠᠳᠤ ᠦᠢᠯᠡᠳᠦᠯᠬᠡ

ᠦᠪᠦᠷ ᠮᠤᠩᠭᠤᠯ ᠰᠤᠷᠭᠠᠨ ᠬᠥᠮᠦᠵᠢᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠬᠥᠲᠥᠯᠥᠨ ᠳᠠᠭᠠᠭᠤᠯᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ ᠦᠢᠯᠡᠳᠦᠯᠭᠡ᠎ᠶᠢ ᠭᠦᠨᠵᠡᠭᠡᠢᠷᠡᠭᠦᠯᠪᠡ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠪᠡᠷ ᠰᠦᠭ ᠰᠦᠨᠡᠰᠦ᠎ᠵᠢ ᠱᠤᠭᠤᠬᠤ ᠭᠣᠣᠯ ᠰᠢᠵᠢᠮ ᠪᠣᠯᠭᠠᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠥᠷᠥᠰᠥ ᠰᠢᠷᠣᠢ᠎ᠶᠢ ᠤᠯᠠᠮ ᠵᠢᠡᠷ ᠰᠢᠮᠡᠵᠢᠬᠦᠯᠪᠡ᠃《ᠠᠨᠠᠷ᠎ᠤᠨ ᠤᠯᠠᠭᠠᠨ》᠂ 《ᠤᠮᠠᠷᠠᠲᠤ ᠬᠢᠯᠢ᠎ᠶᠢᠨ ᠨᠣᠭᠣᠭᠠᠨ》᠂ 《ᠰᠠᠨᠰᠠᠷ᠎ᠤᠨ ᠠᠶᠠᠯᠠᠯ᠎ᠤᠨ ᠬᠦᠬᠡ》ᠵᠡᠷᠭᠡ ᠣᠨᠴᠠᠯᠢᠭ᠍ᠲᠤ ᠦᠵᠡᠯ ᠰᠠᠨᠠᠭ᠎ᠠ ᠤᠯᠤᠰ ᠲᠥᠷᠥ᠎ᠶᠢᠨ ᠲᠥᠷᠥᠯ ᠲᠡᠮᠳᠡᠭ᠎ᠤᠨ ᠬᠢᠴᠢᠶᠡᠯ᠎ᠢ ᠦᠷᠬᠦᠯᠵᠢᠯᠡᠨ ᠪᠠᠶᠠᠯᠢᠭᠵᠢᠭᠤᠯᠵᠤ᠂《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠤ᠋ᠨ ᠦᠢᠯᠡᠳᠦᠯᠬᠡ ᠵᠢᠨ ᠰᠢᠨ᠎ᠡ ᠵᠢ ᠡᠬᠦᠳᠴᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠎ᠢ ᠬᠢᠴᠢᠶᠡᠯ᠎ᠤᠨ ᠳᠠᠩᠬᠢᠮ ᠡᠴᠡ ᠡᠯ᠎ᠠ ᠲᠦᠷᠦᠯ᠎ᠤᠨ ᠳᠠᠯᠠᠪᠠᠢ ᠤᠷᠳᠤᠨ ᠬᠦᠷᠳᠡᠯ᠎ᠡ ᠦᠷᠬᠡᠳᠬᠡᠪᠡ᠃

《ᠲᠠᠪᠤᠨ ᠬᠥᠮᠦᠵᠢᠯ᠎ᠢ ᠵᠡᠷᠭᠡ ᠪᠡᠷ ᠠᠳᠬᠤᠬᠤ》 ᠵᠢ ᠭᠦᠨᠵᠡᠭᠡᠢ ᠦᠢᠯᠡᠳᠦᠯᠭᠡᠵᠢᠭᠦᠯᠵᠦ᠂ ᠭᠤᠸ᠎ᠠ ᠰᠠᠢᠬᠠᠨ᠎ᠤ ᠬᠥᠮᠦᠵᠢᠯ᠎ᠵᠢᠡᠷ ᠤᠮᠳᠠᠯᠠᠬᠤ ᠠᠵᠢᠯᠯᠠᠭ᠎ᠠ᠎ᠶᠢ ᠬᠡᠷᠡᠭᠵᠢᠭᠦᠯᠵᠦ᠂ ᠭᠤᠸ᠎ᠠ ᠰᠠᠢᠬᠠᠨ᠎ᠤ ᠬᠥᠮᠦᠵᠢᠯ᠎ᠦᠨ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ ᠵᠢ ᠪᠠᠶ᠋ᠢᠭᠤᠯᠪᠠ; ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠳᠦᠷ ᠪᠦᠷᠢ᠎ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠦᠳᠡᠯᠬᠡᠬᠡᠨ᠎ᠢ 2 ᠴᠠᠭ᠎ᠠᠴᠠ ᠳᠤᠲᠠᠭᠤ ᠦᠭᠡᠢ ᠪᠠᠢᠯᠭᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠪᠠ; ᠬᠥᠳᠡᠯᠮᠦᠷᠢ᠎ᠶᠢᠨ ᠲᠤᠷᠰᠢᠯᠲᠠ᠎ᠶᠢᠨ ᠰᠤᠷᠭᠠᠭᠤᠯᠢ᠎ᠶᠢ ᠤᠳᠤ ᠪᠤᠯᠳᠠᠯ᠎ᠠ ᠨᠡᠢᠳᠡ 189 ᠪᠠᠢᠭᠤᠯᠵᠤ᠂ ᠬᠥᠳᠡᠯᠮᠦᠷᠢ᠎ᠶᠢᠨ ᠬᠥᠮᠦᠵᠢᠯ᠎ᠦᠨ ᠬᠢᠨᠠᠨ ᠰᠢᠯᠭᠠᠵᠤ ᠦᠨᠡᠯᠡᠬᠦ ᠰᠢᠰᠲᠧᠮ᠎ᠢ ᠪᠠᠢᠭᠤᠯᠪᠠ; ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢ ᠴᠢᠬᠤᠯᠠᠴᠢᠯᠠᠵᠤ᠂ ᠤᠳᠤ ᠪᠤᠯᠳᠠᠯ᠎ᠠ 12 ᠰᠡᠳᠬᠢᠴᠡ᠎ᠶᠢᠨ ᠬᠠᠪᠰᠤᠷᠤᠨ ᠵᠢᠯᠤᠭᠣᠳᠬᠤ ᠥᠷᠲᠡᠭᠡ᠂ 91 ᠬᠠᠪᠰᠤᠷᠤᠨ ᠵᠢᠯᠤᠭᠣᠳᠬᠤ ᠲᠥᠪ᠂ 2651 ᠰᠤᠷᠭᠠᠭᠤᠯᠢ᠎ᠶᠢᠨ ᠰᠡᠳᠬᠢᠴᠡ᠎ᠶᠢᠨ ᠬᠠᠪᠰᠤᠷᠤᠨ ᠵᠢᠯᠤᠭᠣᠳᠬᠤ ᠦᠷᠦᠬᠡ ᠵᠢ ᠪᠠᠢᠭᠤᠯᠵᠠᠢ᠃

ᠴᠢᠨᠠᠷ ᠰᠠᠢᠳᠠᠢ ᠳᠡᠩᠴᠡᠬᠦᠷᠢᠳᠡᠢ ᠬᠦᠭᠵᠢᠯᠳᠡ

ᠦᠪᠦᠷ ᠮᠤᠩᠭᠤᠯ ᠰᠠᠭᠤᠷᠢ ᠰᠤᠷᠭᠠᠨ ᠬᠥᠮᠦᠵᠢᠯ᠎ᠦᠨ ᠡᠷᠬᠡ ᠲᠡᠭᠰᠢ ᠴᠢᠨᠠᠷ ᠰᠠᠢᠲᠠᠢ ᠳᠡᠩᠴᠡᠬᠦᠷᠢᠳᠡᠢ ᠬᠦᠭᠵᠢᠯᠳᠡ᠎ᠶᠢ ᠬᠦᠴᠦᠯᠡᠨ ᠠᠬᠢᠭᠤᠯᠵᠤ᠂ ᠲᠦᠭᠡᠮᠡᠯ ᠬᠠᠷᠠᠭᠠᠯᠵᠠᠯ᠎ᠤᠨ ᠨᠡᠷᠡᠨ ᠭᠡᠷᠡᠯ᠎ᠢᠶᠡᠷ ᠬᠡᠦᠬᠡᠳ ᠨᠢᠭᠡᠪᠦᠷᠢ ᠵᠢᠨ ᠰᠡᠳᠬᠢᠯ᠎ᠢ ᠬᠡᠷᠡᠯᠳᠦᠬᠦᠯᠪᠡ᠃

 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ ᠡᠴᠡ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠴᠡᠴᠡᠷᠯᠢᠭ᠎ᠤᠨ ᠶᠡᠬᠡ ᠠᠩᠬᠢ ᠵᠢᠨ ᠬᠡᠦᠬᠡᠳ ᠡᠴᠡ ᠰᠦᠢᠳᠬᠡᠯ ᠥᠯᠥ ᠬᠤᠷᠢᠶᠠᠬᠤ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ 3 ᠳ᠋ᠦᠩᠰᠢᠭᠤᠷ ᠲᠥᠭᠥᠷᠢᠭ᠎ᠦᠨ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠵᠢ ᠨᠠᠢᠳᠠᠪᠤᠷᠢᠵᠢᠭᠤᠯᠵᠤ᠂ ᠪᠠᠷᠤᠭ 16.4 ᠲᠦᠮᠡᠨ ᠶᠡᠬᠡ ᠠᠩᠭᠢ᠎ᠶᠢᠨ ᠬᠡᠦᠬᠡᠳ᠎ᠲᠦ ᠠᠰᠢᠭ᠋ ᠬᠦᠷᠳᠡᠬᠡᠪᠡ᠃

8 ᠬᠣᠰᠢᠭᠤ ᠰᠢᠶᠠᠨ ᠲᠣᠭᠣᠷᠢᠭ᠋ ᠤᠯᠤᠰ᠎ᠤᠨ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ ᠢ᠋ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ᠎ᠤ ᠬᠢᠨᠠᠨ ᠲᠣᠭᠲᠠᠭᠠᠯᠲᠠ ᠵᠢ ᠦᠩᠬᠡᠷᠡᠭᠡᠵᠦ᠂ 16 ᠬᠣᠰᠢᠭᠤ ᠰᠢᠶᠠᠨ ᠲᠣᠭᠣᠷᠢᠭ᠋ ᠤᠯᠤᠰ᠎ᠤᠨ ᠰᠢᠶᠠᠨ᠎ᠤ ᠬᠡᠪᠴᠢᠶᠡᠨ᠎ᠦ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ ᠢ᠋ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠬᠦᠯᠬᠦ ᠰᠢᠶᠠᠨ᠎ᠤ ᠬᠢᠨᠠᠨ ᠲᠣᠭᠲᠠᠭᠠᠯᠲᠠ ᠵᠢ ᠦᠩᠬᠡᠷᠡᠭᠡᠪᠡ᠃ ᠪᠦᠯᠦᠭᠯᠡᠯᠴᠢᠯᠡᠭᠰᠡᠨ ᠰᠤᠷᠭᠠᠭᠤᠯᠢ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ ᠨᠡᠶ᠋ᠢᠲᠡ 2087᠂ ᠰᠤᠷᠭᠠᠨ ᠬᠥᠮᠦᠵᠢᠯ᠎ᠦᠨ ᠪᠦᠯᠦᠭᠯᠡᠯ 753 ᠪᠤᠯᠵᠤ᠂ ᠬᠥᠳᠡᠭᠡ ᠲᠣᠰᠬᠣᠨ᠎ᠤ ᠪᠠᠭ᠎ᠠ ᠬᠡᠪᠴᠢᠶᠡᠨ᠎ᠤ ᠰᠤᠷᠭᠠᠭᠤᠯᠢ ᠵᠢ ᠪᠦᠬᠦᠨ᠎ᠢ ᠬᠠᠮᠤᠷᠴᠠᠢ᠃

ᠣᠳᠣᠬᠠᠨ᠎ᠳᠤ᠂ ᠪᠥᠬᠥ ᠣᠷᠣᠨ᠎ᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠬᠡᠦᠬᠡᠳ᠎ᠦᠨ ᠴᠡᠴᠡᠷᠯᠢᠭ᠎ᠲᠦ ᠣᠷᠣᠭᠰᠠᠨ ᠨᠣᠷᠮ᠎ᠠ 95.7%᠂ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ ᠢ᠋ ᠪᠡᠬᠢᠵᠢᠭᠦᠯᠦᠭᠰᠡᠨ ᠨᠣᠷᠮ᠎ᠠ 99.55%᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠤᠷᠭᠠᠭᠤᠯᠢ᠎ᠳᠤ ᠣᠷᠣᠭᠰᠠᠨ ᠨᠣᠷᠮ᠎ᠠ 94.29%᠎ᠳᠤ ᠬᠦᠷᠴᠦ᠂ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠳᠠᠪᠠᠪᠠ᠃ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠦᠷᠬᠦᠯᠵᠢᠯᠡᠨ ᠰᠢᠯᠢᠳᠡᠭᠵᠢᠭᠦᠯᠵᠦ᠂ ᠡᠴᠢᠬᠡ ᠡᠬᠡ ᠪᠠᠨ ᠳᠠᠭᠠᠵᠤ ᠨᠡᠭᠦᠭᠰᠡᠨ ᠦᠷ᠎ᠡ ᠬᠡᠦᠬᠡᠳ᠎ᠦᠨ 《ᠨᠥᠬᠥᠴᠡᠯ ᠦᠭᠡᠢ》 ᠪᠡᠷ ᠰᠤᠷᠭᠠᠭᠤᠯᠢ᠎ᠳᠤ ᠣᠷᠣᠬᠤ ᠨᠢ ᠠᠷᠠᠳ᠎ᠤᠨ ᠰᠡᠳᠬᠢᠯ᠎ᠢ ᠳᠤᠯᠠᠭᠠᠴᠠᠭᠤᠯᠵᠤ᠂ ᠰᠤᠷᠭᠠᠭᠤᠯᠢ ᠵᠢᠨ ᠨᠠᠰᠤᠨ᠎ᠤ ᠵᠡᠮᠳᠡᠭ ᠬᠡᠦᠬᠡᠳ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠳᠡᠬᠦ ᠨᠣᠷᠮ᠎ᠠ 97% ᠠ᠋ᠴᠠ ᠳᠡᠭᠡᠭᠰᠢ ᠪᠤᠯᠵᠤ᠂ ᠬᠡᠦᠬᠡᠳ ᠨᠢᠭᠡᠪᠦᠷᠢ᠎ᠳᠦ ᠡᠷᠬᠡ ᠲᠡᠭᠰᠢ ᠪᠥᠭᠡᠳ ᠴᠢᠨᠠᠷᠯᠢᠭ ᠰᠠᠢᠨ ᠰᠤᠷᠭᠠᠨ ᠬᠥᠮᠦᠵᠢᠯ ᠬᠦᠷᠲᠡᠭᠡᠵᠤ ᠪᠤᠢ᠃

 ᠪᠠᠭ᠍ᠰᠢ᠎ᠶᠢᠨ ᠡᠩᠨᠡᠭᠡ ᠵᠢᠨ ᠪᠠᠳᠤ ᠴᠤᠭᠴᠠᠯᠠᠯᠳᠠ

ᠦᠪᠦᠷ ᠮᠤᠩᠭᠤᠯ᠎ᠤᠨ ᠰᠤᠷᠭᠠᠨ ᠬᠥᠮᠦᠵᠢᠯ᠎ᠦᠨ ᠰᠢᠰᠲ᠋ᠧᠮ᠎ᠤᠨ ᠬᠢᠨ ᠰᠤᠷᠭᠠᠨ ᠬᠥᠮᠦᠵᠢᠯ᠎ᠦᠨ ᠵᠢᠳᠬᠦᠯᠲᠡᠨ᠎ᠦ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠮᠡᠷᠬᠡᠵᠢᠯ ᠴᠢᠳᠠᠪᠤᠷᠢ᠎ᠪᠠᠷ ᠴᠠᠭᠠᠷᠠᠭᠰᠠᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠪᠠᠭ᠍ᠰᠢ᠎ᠶᠢᠨ ᠡᠩᠨᠡᠭᠡ᠎ᠶᠢ ᠬᠦᠴᠦᠯᠡᠨ ᠪᠠᠢᠭᠤᠯᠵᠤ᠂ ᠪᠠᠭ᠍ᠰᠢ ᠨᠠᠷ ᠠᠵᠢᠯ ᠦᠢᠯᠡᠰ᠎ᠢᠶᠡᠨ ᠳᠡᠭᠡᠳᠦᠯᠡᠨ ᠰᠤᠷᠤᠯᠴᠠᠯᠭ᠎ᠠ᠎ᠵᠢ ᠬᠦᠨᠳᠦᠳᠬᠡᠨ᠂ ᠪᠠᠭ᠍ᠰᠢ᠎ᠶᠢᠨ ᠮᠤᠷᠠᠯ ᠰᠤᠷᠳᠠᠯ ᠳ᠋ᠤ ᠰᠢᠨ᠎ᠡ ᠳᠦᠷᠰᠦ ᠪᠠᠢᠳᠠᠯ ᠢᠯᠡᠷᠡᠪᠡ᠃ ᠨᠢᠭᠡ ᠪᠦᠯᠦᠭ ᠪᠠᠭ᠍ᠰᠢ᠎ᠶᠢᠨ ᠶᠣᠰᠣ᠌ ᠮᠣᠷᠠᠯ ᠡᠷᠬᠢᠮ ᠳᠡᠭᠡᠳᠦ᠂ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ ᠰᠢᠯᠢᠳᠡᠭ ᠪᠠᠭ᠍ᠰᠢ᠎ᠶᠢᠨ ᠨᠡᠢᠲᠡᠯᠢᠭ ᠵᠢᠱ᠌ᠢᠶ᠎ᠡ ᠴᠣᠯᠭᠣᠷᠠᠨ ᠭᠠᠷᠴᠤ᠂ 《ᠪᠦᠬᠦ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠬᠤᠸᠠᠩ ᠳᠠ ᠨᠢᠶᠠᠨ ᠮᠠᠶᠢᠭ᠋᠎ᠤᠨ ᠪᠠᠭ᠍ᠰᠢ᠎ᠶᠢᠨ ᠪᠦᠯᠬᠦᠮ》 4 ᠨᠡᠮᠡᠭᠳᠡᠪᠡ ᠃

ᠪᠠᠭ᠍ᠰᠢ᠎ᠶᠢᠨ ᠳᠡᠭᠡᠳᠦ ᠰᠤᠷᠭᠠᠭᠤᠯᠢ᠎ᠶᠢᠨ ᠪᠠᠢᠭᠤᠯᠤᠯᠲᠠ᠎ᠶᠢ ᠴᠢᠩᠭᠠᠳᠬᠠᠵᠤ ᠂ ᠥᠨᠳᠥᠷ ᠬᠡᠪ ᠪᠣᠯᠪᠠᠰᠤᠷᠠᠯ᠎ᠲᠠᠢ ᠪᠠᠭ᠍ᠰᠢ᠎ᠶᠢᠨ ᠡᠩᠨᠡᠭᠡ᠎ᠶᠢ ᠬᠥᠮᠥᠵᠢᠭᠦᠯᠬᠦ᠎ᠶᠢ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠡᠭᠦᠷᠭᠡ᠎ᠳᠦ ᠣᠷᠣᠭᠤᠯᠤᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶᠢᠨ ᠠᠰᠫᠢᠷᠠᠨᠲ᠎ᠤᠨ ᠪᠠᠭ᠍ᠰᠢ᠎ᠶᠢᠨ ᠰᠤᠷᠭᠠᠨ ᠬᠥᠮᠦᠵᠢᠯ ᠡᠷᠭᠢᠯᠡᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠵᠠᠷᠤᠳᠠᠯ᠎ᠤᠨ ᠪᠠᠭ᠍ᠰᠢ᠎ᠶᠢᠨ ᠰᠤᠷᠭᠠᠭᠤᠯᠢ᠎ᠶᠢᠨ ᠰᠣᠷᠣᠭ᠍ᠴᠢ ᠵᠢᠩᠬᠢᠨᠢ ᠠᠩᠭᠢ ᠪᠠ ᠠᠰᠫᠢᠷᠠᠨᠲ ᠎ᠤᠨ ᠬᠦᠮᠦᠵᠢᠯ᠎ᠢ ᠵᠣᠯᠭᠠᠭᠤᠯᠤᠨ ᠬᠥᠮᠥᠵᠢᠭᠦᠯᠬᠦ ᠥᠭᠡᠷᠡᠴᠢᠯᠡᠯᠲᠡ᠎ᠶᠢ ᠠᠬᠢᠭᠤᠯᠵᠤ᠂ ᠪᠠᠭ᠍ᠰᠢ᠎ᠶᠢᠨ ᠶᠡᠬᠡ ᠳᠡᠭᠡᠳᠦ ᠰᠤᠷᠭᠠᠭᠤᠯᠢ᠎ᠪᠠᠷ ᠭᠣᠣᠯ ᠴᠣᠭᠴᠠ ᠪᠣᠯᠭᠠᠭᠰᠠᠨ᠂ ᠥᠨᠳᠥᠷ ᠬᠢᠷᠢ ᠲᠦᠪᠰᠢᠨ᠎ᠪᠦᠬᠦᠢ ᠪᠠᠭ᠍ᠰᠢ᠎ᠶᠢᠨ ᠮᠡᠷᠬᠡᠵᠢᠯ᠎ᠤᠨ ᠪᠤᠰᠤ ᠶᠡᠬᠡ ᠳᠡᠭᠡᠳᠦ ᠰᠤᠷᠭᠠᠭᠤᠯᠢ ᠣᠷᠣᠯᠴᠠᠭᠰᠠᠨ᠂ ᠨᠡᠭᠡᠭᠡᠯᠲᠡᠲᠡᠢ ᠪᠥᠭᠡᠳ ᠠᠮᠢᠳᠤᠯᠢᠭ᠋ ᠪᠠᠭ᠍ᠰᠢ᠎ᠶᠢᠨ ᠰᠤᠷᠭᠠᠨ ᠬᠥᠮᠦᠵᠢᠯ᠎ᠦᠨ ᠰᠢᠰᠲᠧᠮ᠎ᠢ᠋ ᠪᠠᠢᠭᠤᠯᠪᠠ᠃

ᠪᠠᠭᠰᠢ ᠨᠠᠷ ᠢ᠋ ᠬᠦᠨᠳᠦᠳᠬᠡᠨ ᠪᠠᠭᠰᠢ ᠨᠠᠷ ᠲᠤ᠌ ᠠᠰᠢᠭ ᠬᠦᠷᠳᠡᠬᠡᠬᠦ 15 ᠵᠦᠢᠯ᠎ᠤᠨ ᠠᠷᠭ᠎ᠠ ᠬᠡᠮᠵᠢᠶ᠎ᠠ ᠵᠢ ᠨᠡᠢᠳᠡᠯᠡᠪᠡ᠃ ᠦᠪᠡᠷᠳᠡᠬᠡᠨ ᠵᠠᠰᠠᠬᠤ ᠤᠷᠤᠨ ᠡᠴᠡ ᠪᠠᠭᠰᠢ ᠵᠢᠨ ᠡᠩᠨᠡᠬᠡ ᠵᠢᠨ ᠪᠠᠢᠭᠤᠯᠤᠯᠳᠠ ᠵᠢᠨ ᠳᠤᠰᠬᠠᠢ ᠪᠡᠯᠡ ᠮᠦᠩᠬᠦ ᠵᠢ 2.4 ᠳ᠋ᠦᠩᠰᠢᠭᠤᠷ ᠲᠦᠬᠦᠷᠢᠭ ᠪᠠᠭᠤᠯᠭᠠᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠤᠨ ᠴᠡᠴᠡᠷᠯᠢᠭ᠎ᠤᠨ ᠪᠠᠭᠰᠢ ᠨᠠᠷ ᠲᠤ᠌ ᠤᠯᠤᠰ᠎ᠤᠨ ᠳᠡᠰ᠎ᠤᠨ ᠪᠤᠯᠪᠠᠰᠤᠷᠠᠯ᠎ᠬᠦᠷᠳᠡᠬᠡᠬᠦ᠂ ᠰᠢᠯᠢᠳᠡᠭ ᠵᠠᠯᠠᠭᠤ ᠪᠠᠭᠰᠢ ᠵᠢᠨ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠲᠡᠮᠵᠢᠬᠦ ᠵᠡᠷᠬᠡ ᠪᠡᠷ ᠳᠡᠮᠵᠢᠨ᠂ ᠪᠠᠭᠰᠢ ᠵᠢᠨ ᠡᠩᠨᠡᠬᠡ ᠵᠢᠨ ᠬᠡᠪ ᠪᠤᠯᠪᠠᠰᠤᠷᠠᠯ᠎ᠢ ᠳᠡᠬᠡᠭᠰᠢᠯᠡᠬᠥᠯᠬᠥ ᠳ᠋ᠤ ᠪᠠᠳᠤᠯᠠᠭ᠎ᠠ ᠬᠠᠩᠭᠠᠪᠠ᠃

 ᠳᠡᠬᠡᠳᠤ ᠵᠡᠷᠬᠡ ᠵᠢᠨ ᠰᠤᠷᠭᠠᠨ ᠬᠦᠮᠦᠵᠢᠯ᠎ᠤᠨ ᠰᠢᠨ᠎ᠡ ᠰᠢᠪᠳᠤᠯᠤᠯᠳᠠ

ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠪᠡᠷ᠎ᠢ᠎ᠪᠡᠨ ᠬᠦᠴᠦᠷᠬᠡᠭᠵᠢᠭᠦᠯᠦᠨ ᠭᠠᠷᠮᠠᠭᠠᠢ ᠪᠣᠯᠬᠤ᠎ᠶᠢ ᠬᠦᠴᠦᠯᠡᠨ ᠠᠬᠢᠭᠤᠯᠵᠤ᠂ ᠦᠪᠡᠷᠳᠡᠬᠡᠨ ᠵᠠᠰᠠᠬᠤ ᠤᠷᠤᠨ᠎ᠤ ᠬᠥᠭᠵᠢᠯᠲᠡ᠎ᠳᠦ ᠦᠢᠯᠡᠴᠢᠯᠡᠬᠦ ᠴᠢᠳᠠᠪᠤᠷᠢ᠎ᠶᠢ ᠤᠯᠠᠮ ᠵᠢᠡᠷ ᠳᠡᠬᠡᠭᠰᠢᠯᠡᠬᠦᠯᠪᠡ᠃ 《ᠬᠣᠣᠰ ᠲᠡᠷᠢᠭᠦᠨ ᠵᠡᠷᠬᠡ》 ᠵᠢᠨ ᠪᠠᠢᠭᠤᠯᠤᠯᠲᠠ᠎ᠶᠢᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠨᠳᠥᠷᠯᠢᠭ᠎ᠢ᠋ ᠴᠤᠭᠴᠠᠯᠠᠬᠤ ᠢᠨᠵᠧᠨᠧᠷᠢᠩ᠎ᠢ ᠬᠡᠷᠡᠭᠵᠢᠭᠦᠯᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ ᠵᠠᠯᠭᠠᠭ᠎ᠠ᠎ᠪᠠᠷ ᠬᠣᠶᠠᠷᠳᠠ ᠤᠯᠤᠰ᠎ᠤᠨ ᠲᠡᠷᠢᠭᠦᠨ ᠵᠡᠷᠬᠡ ᠵᠢᠨ ᠰᠢᠨᠵᠢᠯᠡᠭᠡᠨ᠎ᠦ ᠰᠠᠯᠠᠭ᠎ᠠ᠎ᠳᠤ ᠤᠷᠤᠵᠤ᠂ ᠪᠥᠬᠥ ᠤᠯᠤᠰ᠎ᠤᠨ ᠠᠳᠠᠯᠢ ᠲᠥᠷᠥᠯ᠎ᠦᠨ ᠰᠢᠨᠵᠢᠯᠡᠭᠡᠨ᠎ᠦ ᠰᠠᠯᠠᠭ᠎ᠠ᠎ᠶᠢᠨ ᠡᠮᠦᠨ᠎ᠡ 20%᠎ᠳᠤ ᠵᠢᠭᠰᠠᠪᠠ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠪᠡᠰᠦᠨ᠎ᠦ ᠰᠤᠳᠤᠯᠤᠯ ᠪᠥᠬᠥ ᠤᠯᠤᠰ᠎ᠤᠨ ᠡᠮᠦᠨ᠎ᠡ 10%᠎ᠳᠤ ᠣᠷᠣᠵᠤ᠂ ᠤᠮᠠᠷᠠᠲᠤ ᠬᠢᠯᠢ᠎ᠶᠢᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠢᠴᠢᠭᠯᠡᠪᠡ᠃ ᠣᠷᠣᠨ ᠪᠦᠰᠡ᠎ᠶᠢᠨ ᠭᠣᠣᠯᠳᠠᠯᠭ᠎ᠠ᠎ᠲᠠᠢ ᠠᠵᠤ ᠦᠢᠯᠡᠰ᠎ᠦᠨ ᠬᠥᠭᠵᠢᠯᠲᠡ᠎ᠶᠢᠨ ᠰᠤᠳᠠᠰᠤ᠎ᠯᠤᠭ᠎ᠠ ᠰᠠᠨᠠᠭᠠᠴᠢᠯᠠᠭ᠎ᠠ ᠠ᠋ᠴᠠ᠎ᠪᠠᠨ ᠵᠤᠯᠭᠠᠯᠴᠠᠵᠤ᠂ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠦᠲᠦᠴᠡ᠎ᠶᠢ ᠬᠥᠳᠡᠯᠦᠩᠭᠦᠢ᠎ᠪᠡᠷ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠲᠦ ᠦᠢᠯᠡᠴᠢᠯᠡᠬᠦ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ᠎ᠢ 63.5% ᠪᠣᠯᠭᠠᠨ ᠳᠡᠭᠡᠭᠰᠢᠯᠡᠭᠦᠯᠵᠦ ᠂ ᠵᠣᠬᠢᠶᠠᠮᠠᠯ ᠤᠶᠤᠨ ᠴᠢᠳᠠᠪᠤᠷᠢ ᠵᠢᠨ ᠬᠡᠷᠡᠭᠯᠡᠬᠡᠨ᠂ ᠤᠢᠷ᠎ᠠ ᠤᠭᠳᠠᠷᠭᠤᠢ ᠵᠢᠨ ᠮᠡᠷᠬᠡᠵᠢᠯ ᠪᠠ ᠬᠡᠷᠡᠭᠯᠡᠬᠡᠨ ᠵᠡᠷᠭᠡ 《ᠪᠢᠴᠢᠯ ᠲᠤᠰᠬᠠᠢ ᠮᠡᠷᠭᠡᠵᠢᠯ》 ᠢ᠋ ᠨᠢᠬᠡᠨᠳᠡ 300 ᠭᠠᠷᠤᠢ ᠨᠡᠭᠡᠭᠡᠵᠦ᠂ ᠪᠠᠴᠢᠮ ᠱᠠᠭᠠᠷᠳᠠᠭᠳᠠᠵᠤ ᠪᠠᠢᠭ᠎ᠠ ᠳᠤᠰᠬᠠᠢ ᠮᠡᠷᠬᠡᠵᠢᠯ᠎ᠤᠨ ᠬᠤᠭᠤᠰᠤᠨ᠎ᠢ ᠲᠦᠷᠬᠡᠨ ᠨᠦᠬᠦᠪᠦᠷᠢᠯᠡᠪᠡ᠃

《ᠰᠤᠷᠤᠭᠴᠢ ᠡᠯᠰᠡᠬᠦ — ᠬᠦᠮᠦᠵᠢᠬᠦᠯᠬᠦ — ᠠᠵᠢᠯ ᠤᠯᠭᠤᠯᠳᠠ》 ᠵᠢᠨ ᠵᠤᠬᠢᠴᠠᠩᠭᠤᠢ ᠬᠦᠳᠡᠯᠦᠯᠴᠡᠬᠦ ᠳᠤᠭᠳᠠᠴᠠ ᠵᠢ ᠳᠡᠬᠦᠯᠳᠡᠷᠵᠢᠬᠦᠯᠵᠦ᠂ ᠠᠨᠠᠭᠠᠬᠤ ᠤᠬᠠᠭᠠᠨ᠂ ᠰᠤᠷᠭᠠᠨ ᠬᠦᠮᠦᠵᠢᠯ ᠵᠡᠷᠬᠡ ᠬᠦᠷᠢᠶᠡᠨ ᠳ᠋ᠤ ᠤᠳᠤ ᠪᠤᠯᠳᠠᠯ᠎ᠠ 7 ᠳ᠋ᠤᠺᠲ᠋ᠤᠷ ᠴᠤᠯᠠ ᠤᠯᠭᠤᠬᠤ ᠡᠷᠬᠡ ᠵᠢ ᠵᠦᠪᠰᠢᠶᠡᠷᠡᠬᠦᠯᠪᠡ᠃ 

ᠰᠢᠨᠵᠢᠯᠡᠬᠦ ᠤᠬᠠᠭᠠᠨ᠎ᠤ ᠰᠤᠳᠤᠯᠭᠠᠨ ᠬᠢᠭᠡᠳ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠭᠦᠨᠵᠡᠭᠡᠢᠷᠡᠭᠦᠯᠵᠦ᠂ 《ᠠᠵᠤ ᠠᠬᠤᠢᠯᠠᠯ ᠰᠡᠳᠦᠪ ᠭᠠᠷᠭᠠᠬᠤ᠂ ᠰᠤᠷᠭᠠᠨ ᠬᠥᠮᠦᠵᠢᠯ᠎ᠦᠨ ᠲᠢᠩᠬᠢᠮ ᠰᠡᠳᠦᠪ ᠲᠣᠭᠲᠠᠭᠠᠬᠤ᠂ ᠳᠡᠭᠡᠳᠦ ᠰᠤᠷᠭᠠᠭᠤᠯᠢ ᠰᠡᠳᠦᠪ ᠬᠠᠷᠢᠭᠤᠯᠬᠤ᠂ ᠵᠠᠬ᠎ᠠ ᠳᠡᠯᠭᠡᠭᠦᠷ ᠰᠡᠳᠦᠪ ᠬᠢᠨᠠᠬᠤ》ᠬᠠᠮᠵᠢᠯᠴᠠᠬᠤ ᠲᠣᠭᠲᠠᠴᠠ᠎ᠵᠢ ᠳᠡᠬᠦᠯᠳᠡᠷᠵᠢᠬᠦᠯᠵᠦ᠂ ᠤᠯᠤᠰ᠎ᠤᠨ ᠲᠠᠰ᠎ᠤᠨ ᠰᠢᠨᠵᠢᠯᠡᠬᠦ ᠤᠬᠠᠭᠠᠨ ᠤ᠋ ᠵᠢᠵᠢᠭ ᠬᠦᠷᠢᠶᠡᠯᠡᠩ 17 ᠪᠤᠯᠵᠤ᠂ ᠥᠪᠡᠷᠲᠡᠭᠡᠨ ᠵᠠᠰᠠᠬᠤ ᠣᠷᠣᠨ᠎ᠤ ᠠᠰᠫᠢᠷᠠᠨᠲ ᠬᠠᠮᠲᠤᠷᠠᠨ ᠬᠥᠮᠥᠵᠢᠭᠦᠯᠬᠦ ᠰᠠᠭᠤᠷᠢᠨ 122 ᠪᠤᠯᠪᠠ᠃

  ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ

 ᠡᠨᠡ ᠵᠢᠯ ᠦᠪᠦᠷ ᠮᠤᠩᠭᠤᠯ᠎ᠤᠨ ᠠᠵᠢᠯ ᠮᠡᠷᠬᠡᠵᠢᠯ᠎ᠤᠨ ᠵᠢᠩᠬᠢᠨᠢ ᠠᠩᠬᠢ ᠵᠢᠨ ᠶᠡᠬᠡ ᠰᠤᠷᠭᠠᠭᠤᠯᠢ ᠪᠠᠢᠬᠤ ᠦᠬᠡᠢ ᠳᠡᠦᠬᠡ ᠵᠢ ᠡᠴᠦᠰᠯᠡᠬᠦᠯᠵᠦ᠂ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ ᠎ᠢ ᠬᠦᠨᠵᠡᠬᠡᠢᠷᠡᠬᠦᠯᠦᠨ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠪᠦᠬᠦᠢ ᠴᠢᠳᠠᠪᠤᠷᠢᠳᠠᠨ᠎ᠢ ᠬᠦᠮᠦᠵᠢᠬᠦᠯᠬᠦ ᠬᠤᠷᠳᠤᠴᠠ ᠵᠢ ᠲᠦᠷᠬᠡᠳᠬᠡᠪᠡ᠃ ᠤᠳᠤᠬᠠᠨ ᠳ᠋ᠤ 33 ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠂ 171 ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠲᠠᠢ ᠪᠤᠯᠵᠤ᠂ ᠰᠤᠷᠭᠠᠭᠤᠯᠢ᠎ᠳᠤ ᠪᠠᠢᠭ᠎ᠠ ᠰᠣᠷᠣᠭ᠍ᠴᠢ 43.08 ᠲᠦᠮᠡ ᠬᠦᠷᠴᠦ ᠪᠤᠢ᠃

《ᠳᠤᠮᠳᠠ ᠵᠡᠷᠭᠡ᠎ᠶᠢᠨ ᠠᠵᠢᠯ ᠮᠡᠷᠭᠡᠵᠢᠯ ︱ ᠳᠡᠭᠡᠳᠦ ᠵᠡᠷᠭᠡ᠎ᠶᠢᠨ ᠠᠵᠢᠯ ᠮᠡᠷᠭᠡᠵᠢᠯ ︱ ᠵᠢᠩᠬᠢᠨᠢ ᠠᠩᠭᠢ》 ᠵᠢ ᠪᠦᠲᠦᠮᠵᠢᠲᠡᠶ ᠵᠣᠯᠭᠠᠭᠤᠯᠤᠭᠰᠠᠨ ᠬᠥᠮᠥᠵᠢᠭᠦᠯᠬᠦ ᠰᠢᠰᠲᠧᠮ ᠢ᠋ ᠪᠦᠷᠢᠯᠳᠦᠬᠦᠯᠪᠡ᠃ ᠡᠭᠦᠨ᠎ᠦ ᠬᠠᠮᠲᠤ᠂ ᠠᠵᠢᠯ ᠮᠡᠷᠭᠡᠵᠢᠯ᠎ᠦᠨ ᠪᠠ ᠡᠩ᠎ᠦᠨ ᠰᠤᠷᠭᠠᠨ ᠬᠥᠮᠦᠵᠢᠯ᠎ᠦᠨ ᠠᠭᠤᠰᠤᠯᠴᠠᠨ ᠨᠡᠪᠲᠡᠷᠡᠯᠴᠡᠬᠦ ᠲᠤᠷᠰᠢᠯᠲᠠ᠎ᠶᠢ ᠠᠬᠢᠭᠤᠯᠵᠤ᠂ 《ᠮᠡᠷᠭᠡᠵᠢᠯ ᠴᠢᠳᠠᠪᠤᠷᠢ + ᠡᠷᠳᠡᠮ ᠮᠡᠳᠡᠯᠭᠡ》 ᠵᠢᠨ ᠬᠣᠣᠰ ᠴᠢᠭᠯᠡᠯ᠎ᠢᠶᠡᠷ ᠦᠰᠦᠨ ᠪᠣᠢᠵᠢᠬᠤ᠎ᠶᠢ ᠪᠡᠶᠡᠯᠡᠬᠦᠯᠪᠡ᠃

ᠦᠪᠦᠷ ᠮᠤᠩᠭᠤᠯ ᠠᠵᠤ ᠦᠢᠯᠡᠰ᠎ᠤᠨ ᠬᠦᠭᠵᠢᠯᠳᠡ ᠵᠢ ᠳᠠᠭᠠᠵᠤ ᠲᠤᠰᠬᠠᠢ ᠮᠡᠷᠭᠡᠵᠢᠯ᠎ᠳ᠋ᠡᠬᠡᠨ ᠬᠦᠳᠡᠯᠦᠩᠬᠦᠢ ᠳᠤᠬᠢᠷᠠᠭᠤᠯᠤᠯᠳᠠ ᠬᠢᠵᠦ᠂ ᠣᠳᠣᠬᠠᠨ᠎ᠳᠤ ᠪᠥᠬᠥ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ 508 ᠲᠤᠰᠬᠠᠢ ᠮᠡᠷᠭᠡᠵᠢᠯ ᠨᠡᠭᠡᠭᠡᠵᠦ᠂ 3071 ᠲᠤᠰᠬᠠᠢ ᠮᠡᠷᠭᠡᠵᠢᠯ᠎ᠦᠨ ᠴᠡᠭ ᠪᠠᠢᠷᠢᠯᠠᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠲᠤ ᠦᠢᠯᠡᠴᠢᠯᠡᠬᠦ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ 80.4% ᠬᠦᠷᠴᠡᠢ᠃ ᠠᠵᠤ ᠠᠬᠤᠢᠯᠠᠯ᠎ᠤᠨ ᠬᠡᠷᠡᠭᠴᠡᠭᠡ᠎ᠱᠠᠭᠠᠷᠳᠠᠯᠭ᠎ᠠ ᠲᠠᠢ ᠵᠣᠯᠭᠠᠭᠤᠯᠤᠨ 103 ᠪᠢᠴᠢᠯ ᠲᠤᠰᠬᠠᠢ ᠮᠡᠷᠭᠡᠵᠢᠯ ᠪᠠ 157 ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠤᠨ ᠬᠢᠴᠢᠶᠡᠯ ᠨᠡᠭᠡᠭᠡᠵᠦ᠂ ᠵᠢᠯ ᠪᠦᠷᠢ ᠵᠢᠨ ᠵᠠᠬᠢᠶᠠᠯᠠᠭ᠎ᠠ᠎ᠪᠡᠷ ᠲᠡᠭᠦᠰᠬᠦ ᠰᠣᠷᠣᠭ᠍ᠴᠢ 1 ᠲᠦᠮᠡ᠎ᠵᠢ ᠳᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号