ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ ᠶᠢᠨ ᠲᠠᠮᠢᠷ ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 2025 - 2026 ᠣᠨ ᠤ ᠤᠷᠤᠯᠳᠤᠭᠠᠨ ᠤ ᠤᠯᠠᠷᠢᠯ ᠤᠨ ᠪᠥᠬᠥ᠌ ᠤᠯᠤᠰ᠎ᠤᠨ ᠮᠥᠰᠥ᠍ ᠲᠠᠰᠢᠯᠲᠠ ᠶᠢᠨ U ᠱᠢᠷᠢᠰ ᠳᠤᠮᠳᠠᠳᠤ ᠰᠤᠷᠭᠠᠭᠤᠯᠢ᠎ᠶ᠋ᠢᠨ ᠬᠣᠯᠪᠣᠭᠠᠲᠤ ᠤᠷᠤᠯᠳᠤᠭᠠᠨ ( ᠲᠦᠷᠭᠡᠨ ᠲᠡᠱᠢᠯᠲᠡ) ᠤ᠋ ᠬᠣᠶᠠᠳᠤᠭᠠᠷ ᠥᠷᠲᠡᠭᠡ ᠨᠢ ᠤᠢᠷ᠎ᠠ᠎ᠳᠤ ᠬᠠᠷᠠᠮᠥ᠋ᠷᠡᠨ ᠮᠤᠵᠢ᠎ᠶ᠋ᠢᠨ ᠳ᠋ᠠᠴᠢᠩ ᠬᠣᠲᠠ᠎ᠳᠤ ᠶᠠᠪᠤᠭ᠍ᠳᠠᠪᠠ᠃
ᠪᠥᠬᠥ᠌ ᠤᠯᠤᠰ ᠤᠨ ᠵᠠᠯᠠᠭᠤᠴᠤᠳ ᠪᠠᠭᠠᠴᠤᠳ ᠤᠨ ᠲᠦᠷᠭᠡᠨ ᠲᠡᠱᠢᠯᠲᠡ᠎ᠶ᠋ᠢᠨ ᠬᠦᠷᠢᠶᠡᠨ᠎ᠳᠡᠬᠢ ᠥᠨᠳᠥᠷ ᠲᠦᠪᠱᠢᠨ ᠪᠥᠬᠥᠶ ᠰᠤᠷᠭᠠᠭᠤᠯᠢ᠎ᠶ᠋ᠢᠨ ᠬᠣᠭᠣᠷᠣᠨᠳᠣᠬᠢ ᠤᠷᠤᠯᠳᠤᠭᠠᠨ ᠪᠣᠯᠤᠭ᠍ᠰᠠᠨ ᠤ ᠬᠤᠪᠢ᠎ᠳᠤ᠂ ᠲᠣᠰ ᠤᠳᠠᠭᠠᠨ ᠤ ᠬᠣᠯᠪᠣᠭᠠᠲᠤ ᠤᠷᠤᠯᠳᠤᠭᠠᠨ᠎ᠳᠤ U17᠂ U15 ᠬᠣᠶᠠᠷ ᠳᠤᠭᠤᠢᠯᠠᠩ ᠲᠤᠬᠢᠷᠠᠭᠤᠯᠵᠦ᠂ ᠡᠷᠡᠭ᠌ᠲᠡᠶ ᠡᠮᠡᠭ᠌ᠲᠡᠶ᠎ᠶᠢᠨ 500 ᠮᠧᠲ᠋ᠷ᠂ 1000 ᠮᠧᠲ᠋ᠷ᠂ 1500 ᠮᠧᠲ᠋ᠷ ᠵᠢᠴᠢ ᠪᠦᠯᠬᠦᠮ ᠦᠨ ᠤᠷᠤᠯᠳᠤᠭᠠᠨ ᠢ ᠬᠠᠮᠤᠷᠴᠤ᠌᠂ ᠪᠥᠬᠥ᠌ ᠤᠯᠤᠰ ᠤᠨ 20 ᠭᠠᠷᠤᠶ ᠮᠤᠵᠢ ᠣᠷᠣᠨ ᠬᠣᠲᠠ᠎ᠶ᠋ᠢᠨ 53 ᠲᠥᠯᠥᠭᠡᠯᠡᠭ᠌ᠴᠢ ᠵᠢᠨ ᠠᠩᠬᠢ ᠤᠷᠤᠯᠳᠤᠭᠠᠨ᠎ᠳᠤ ᠣᠷᠣᠯᠴᠠᠭ᠍ᠰᠠᠨ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠡᠢᠲᠡ 50 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ᠂ ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ 4 ᠠᠯᠲᠠᠨ ᠮᠧᠳᠠᠯ ᠭᠠᠷᠳᠠᠵᠠᠢ᠃ ᠡᠭᠦᠨ᠎ᠳᠦ ᠯᠢᠩ ᠬᠤᠤ U15 ᠳᠤᠭᠤᠢᠯᠠᠩ ᠤᠨ ᠡᠷᠡᠭ᠌ᠲᠡᠶ᠎ᠶ᠋ᠢᠨ 1000 ᠮᠧᠲ᠋ᠷ᠎ᠤᠨ ᠠᠯᠲᠠᠨ ᠮᠧᠳᠠᠯ᠂ ᠰᠦᠨ ᠴᠠᠩ U17 ᠳᠤᠭᠤᠢᠯᠠᠩ᠎ᠤᠨ ᠡᠮᠡᠭ᠌ᠲᠡᠶ᠎ᠶ᠋ᠢᠨ 500 ᠮᠧᠲ᠋ᠷ᠎ᠤᠨ ᠠᠯᠲᠠᠨ ᠮᠧᠳᠠᠯ᠂ ᠺᠠᠩ ᠶᠦᠩ ᠴᠢᠶᠠᠩ U17 ᠳᠤᠭᠤᠢᠯᠠᠩ᠎ᠤᠨ ᠡᠷᠡᠭ᠌ᠲᠡᠶ᠎ᠶ᠋ᠢᠨ 500 ᠮᠧᠲ᠋ᠷ᠎ᠤᠨ ᠠᠯᠲᠠᠨ ᠮᠧᠳᠠᠯ ᠪᠠ ᠯᠢᠩ ᠬᠤᠤ᠂ ᠾᠧ ᠵᠦᠸᠸ ᠴᠧᠨ᠂ ᠴᠧᠨ ᠶᠠᠩ ᠬᠤᠤ ᠹᠠᠨ U15 ᠳᠤᠭᠤᠢᠯᠠᠩ ᠤᠨ ᠡᠷᠡᠭ᠌ᠲᠡᠢ ᠶᠢᠨ ᠪᠦᠯᠬᠦᠮ᠎ᠦᠨ ᠤᠷᠤᠯᠳᠤᠭᠠᠨ ᠤ ᠠᠯᠲᠠᠨ ᠮᠧᠳᠠᠯ ᠭᠠᠷᠳᠠᠵᠦ᠂ ᠮᠠᠨ ᠤ ᠣᠷᠣᠨ ᠤ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ ᠤ ᠬᠥᠳᠡᠯᠭᠡᠭᠡᠨ ᠦ ᠬᠦᠴᠦᠷᠬᠡᠭ ᠶᠡᠬᠡ ᠪᠣᠳᠠᠲᠤ ᠬᠦᠴᠦᠨ᠎ᠢ ᠢᠯᠡᠷᠡᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号