ᠥᠪᠥᠷ ᠮᠣᠩᠭᠣᠯ᠎ᠤᠨ 2 ᠲᠥᠷᠥᠯ ᠵᠦᠶ᠋ᠯ᠎ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 2025 ᠣᠨ᠎ᠤ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠷᠱᠢᠯᠲᠠ᠎ᠶ᠋ᠢᠨ ᠴᠡᠭ᠎ᠤᠨ ᠲᠥᠷᠥᠯ ᠵᠦᠶ᠋ᠯ ᠵᠢᠡᠷ ᠲᠣᠭ᠍ᠲᠠᠭᠠᠭ᠍ᠳᠠᠪᠠ
2025-12-23 11:28:36
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

 ᠣᠢᠷ᠎ᠠ᠎ᠳᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ 2025 ᠣᠨ᠎ᠳᠤ ᠬᠡᠷᠡᠭᠵᠢᠬᠦᠯᠬᠦ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ᠎ᠦᠨ ᠨᠡᠷᠡᠰ᠎ᠢ ᠨᠡᠢᠲᠡᠯᠡᠵᠤ᠂ ᠡᠭᠦᠨ᠎ᠳᠦ ᠦᠪᠤᠷ ᠮᠤᠩᠭᠤᠯ᠎ᠤᠨ ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠱᠢᠨ ᠬᠣᠶ ᠪᠠᠯᠭᠠᠰᠤ᠎ᠶ᠋ᠢᠨ ᠪᠸᠢ ᠴᠧᠩ ᠱᠢᠨ᠎ᠡ ᠲᠣᠭᠣᠷᠢᠭ ᠨᠡᠢᠭᠡᠮ ᠲᠣᠭᠣᠷᠢᠭ᠎ᠤᠨ 《ᠰᠡᠳᠭᠢᠯ᠎ᠨᠢᠭᠡᠲᠤᠨ ᠠᠭᠤᠰᠤᠯᠴᠠᠵᠤ·ᠣᠯᠠᠨ ᠡᠱᠢᠲᠤ ᠬᠠᠮᠲᠤ᠎ᠪᠠᠷ ᠣᠷᠣᠱᠢᠬᠤ》ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠬᠠᠷᠢᠯᠴᠠᠨ ᠱᠢᠭᠢᠳᠭᠡᠬᠦ᠌ ᠬᠥᠭ᠌ᠵᠢᠯᠲᠡ ᠪᠠ ᠦᠬᠠᠶ ᠬᠣᠲᠠ᠎ᠶ᠋ᠢᠨ ᠤᠳᠠ᠎ᠶ᠋ᠢᠨ ᠲᠤᠬᠤᠢ ᠲᠣᠭᠣᠷᠢᠭ᠎ᠤᠨ ᠯᠢᠶᠠᠩ ᠵᠢᠶᠠ ᠭᠧᠤ ᠵᠡᠭᠡᠯᠢ ᠭᠤᠳᠤᠮᠵᠢ᠎ᠶ᠋ᠢᠨ ᠶᠦᠩ ᠴᠠᠩ ᠵᠢᠶᠠ ᠶᠤᠸᠠᠨ ᠨᠡᠢᠭᠡᠮ ᠲᠣᠭᠣᠷᠢᠭ᠎ᠤᠨ 《ᠠᠨᠠᠷ ᠤ᠋ᠨ ᠦᠷ᠎ᠠ ᠰᠢᠭ ᠨᠢᠭᠲᠠᠷᠠᠨ ᠪᠦᠯᠬᠦᠮᠲᠠᠵᠤ ᠨᠢᠬᠡ ᠬᠡᠷ᠎ᠦᠨ ᠬᠥᠮᠦᠰ᠎ᠮᠠᠲᠤ ᠲᠤᠲᠤᠨᠤ ᠪᠠᠢᠬᠤ》ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ ᠭᠡᠬᠦ᠌ ᠬᠣᠶᠠᠷ ᠲᠥᠷᠥᠯ ᠵᠦᠶ᠋ᠯ ᠨᠡᠷᠡᠰ᠎ᠦᠨ ᠵᠢᠭ᠍ᠰᠠᠭᠠᠯᠲᠠ᠎ᠳᠤ ᠲᠣᠳᠣᠷᠠᠪᠠ᠃

ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠱᠢᠨ ᠬᠣᠶ ᠪᠠᠯᠭᠠᠰᠤᠨ᠎ᠤ ᠪᠧᠶ ᠴᠧᠩ ᠱᠢᠨ᠎ᠡ ᠲᠣᠭᠣᠷᠢᠭ ᠨᠡᠢᠭᠡᠮ ᠲᠣᠭᠣᠷᠢᠭ ᠪᠣᠯ ᠤᠨᠳᠤᠤ ᠭᠠᠵᠠᠷ ᠡᠴᠠ ᠨᠡᠭᠦᠯᠭᠡᠨ ᠢᠷᠡᠭᠰᠠᠨ ᠶᠠᠳᠠᠭᠤ᠎ᠶ᠋ᠢ ᠲᠡᠳᠬᠦᠬᠦ ᠲᠥᠪᠯᠡᠷᠡᠭᠦᠯᠦᠨ ᠲᠥᠪᠬᠢᠨᠡᠭᠦᠯᠬᠦ᠌ ᠲᠦᠷᠦᠯ ᠵᠦᠢᠯ ᠤ᠋ᠨ ᠨᠠᠢᠬᠡᠮ ᠲᠣᠭᠣᠷᠢᠭ ᠪᠠᠢᠵᠤ᠂ ᠪᠥᠬᠥ᠌ ᠬᠣᠱᠢᠭᠤᠨ᠎ᠤ 740 ᠡᠷᠦᠬᠡ᠎ᠶ᠋ᠢᠨ 2045 ᠬᠥᠮᠦᠨ᠎ᠢ ᠤᠨᠳᠤᠤ ᠭᠠᠵᠠᠷ ᠡᠴᠠ ᠨᠡᠭᠦᠯᠭᠡᠨ ᠶᠠᠳᠠᠭᠤ᠎ᠶ᠋ᠢ ᠲᠡᠳᠬᠦᠵᠦ᠍ ᠲᠥᠪᠬᠢᠨᠡᠭᠦᠯᠪᠡ᠃ ᠨᠡᠢᠭᠡᠮ ᠲᠣᠭᠣᠷᠢᠭ᠎ᠲᠤ ᠡᠯ᠎ᠡ ᠦᠨᠳᠦᠰᠦᠲᠡᠨ᠎ᠦ ᠰᠠᠭᠤᠭᠠᠯᠢ ᠠᠷᠠᠳ 8300 ᠭᠠᠷᠤᠢ ᠬᠥᠮᠦᠨ ᠪᠠᠢᠵᠤ᠂ ᠨᠡᠢᠲᠡᠯᠢᠭ ᠴᠢᠨᠠᠷᠲᠠᠢ ᠦᠨᠳᠦᠰᠦᠲᠡᠨ᠎ᠦ ᠪᠦᠯᠬᠦᠮᠳᠡᠯ ᠤ᠋ᠨ ᠠᠭᠤᠰᠤᠯᠴᠠᠯ ᠤ᠋ᠨ ᠱᠢᠨ᠎ᠡ᠎ᠪᠡᠷ ᠮᠠᠨᠳᠤᠭ᠍ᠰᠠᠨ ᠨᠡᠢᠭᠡᠮ ᠲᠣᠭᠣᠷᠢᠭ ᠪᠣᠯᠤᠨ᠎ᠠ᠃《ᠰᠡᠳᠭᠢᠯ ᠨᠢᠭᠡᠳᠦᠨ ᠠᠭᠤᠰᠤᠯᠴᠠᠵᠤ·ᠣᠯᠠᠨ ᠡᠰᠢᠲᠤ ᠬᠠᠮᠲᠤ᠎ᠪᠠᠷ ᠣᠷᠣᠱᠢᠬᠤ》ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠬᠠᠷᠢᠯᠴᠠᠨ ᠱᠢᠭᠢᠳᠭᠡᠬᠦ ᠬᠥᠭ᠌ᠵᠢᠯᠳᠡ᠎ᠨᠢ ᠨᠡᠢᠭᠡᠮ ᠲᠣᠭᠣᠷᠢᠭ᠎ᠤᠨ ᠣᠯᠠᠨ ᠨᠡᠢᠲᠡ᠎ᠶ᠋ᠢᠨ ᠰᠣᠶᠣᠯ᠎ᠤᠨ ᠣᠷᠣᠨ ᠵᠠᠶ᠎ᠶ᠋ᠢ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠢᠷ᠎ᠠ ᠬᠠᠪᠢ᠎ᠳᠠᠭᠠᠨ ᠠᠵᠢᠯ ᠣᠯᠤᠭ᠍ᠰᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠲᠤᠰᠭᠠᠶ ᠮᠡᠷᠭᠡᠵᠢᠯ᠎ᠦᠨ ᠤᠷ᠎ᠠ ᠮᠡᠷᠬᠡᠵᠢᠯ ᠤ᠋ᠨ ᠪᠣᠯᠪᠠᠰᠤᠷᠠᠯ ᠥᠷᠨᠢᠭᠦᠯᠦᠨ᠂《ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠬᠠᠮᠲᠤ᠎ᠪᠠᠷ ᠰᠤᠷᠤᠯᠴᠠᠬᠤ ᠬᠢᠴᠢᠶᠡᠯ᠎ᠦᠨ ᠲᠠᠩᠬᠢᠮ》 ᠤ᠋ᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ ᠨᠤᠭᠦᠳ᠎ᠦᠨ ᠰᠠᠭᠤᠭᠠᠯᠢ ᠠᠷᠠᠳ᠎ᠤᠨ ᠬᠠᠷᠢᠯᠴᠠᠨ ᠠᠭᠤᠰᠤᠯᠴᠠᠬᠤ᠎ᠶ᠋ᠢ ᠠᠬᠢᠭᠤᠯᠪᠠ᠃

ᠦᠬᠠᠶ ᠬᠣᠲᠠ᠎ᠶ᠋ᠢᠨ ᠤᠳᠠ ᠵᠢᠨ ᠲᠤᠬᠤᠢ ᠵᠢᠨ ᠲᠣᠭᠣᠷᠢᠭ᠎ᠤᠨ ᠯᠢᠶᠠᠩ ᠵᠢᠶᠠ ᠭᠸᠦ ᠵᠡᠭᠡᠯᠢ ᠭᠤᠳᠤᠮᠵᠢ᠎ᠶ᠋ᠢᠨ ᠶᠦᠩ ᠴᠠᠩ ᠵᠢᠶᠠ ᠶᠤᠸᠠᠨ ᠨᠡᠢᠭᠡᠮ ᠲᠣᠭᠣᠷᠢᠭ᠎ᠤᠨ 《ᠠᠨᠠᠷ ᠤ᠋ᠨ ᠦᠷ᠎ᠠ ᠰᠢᠭ ᠨᠢᠭᠲᠠᠷᠠᠨ ᠪᠦᠯᠬᠦᠮᠲᠠᠵᠤ ᠨᠢᠬᠡ ᠬᠡᠷ᠎ᠦᠨ ᠬᠥᠮᠦᠰ᠎ᠮᠠᠲᠤ ᠲᠤᠲᠤᠨᠤ ᠪᠠᠢᠬᠤ》 ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠨᠢ ᠤᠨᠳᠤᠤ ᠭᠠᠵᠠᠷ᠎ᠤᠨ ᠳᠥᠭᠥᠮ ᠪᠦᠳᠦᠴᠡᠳᠦ ᠣᠷᠣᠨ ᠰᠠᠭᠤᠴᠠ᠎ᠶ᠋ᠢ ᠥᠭᠡᠷᠡᠴᠢᠯᠡᠨ ᠱᠢᠨᠡᠳᠭᠡᠬᠦ᠌᠂ ᠨᠡᠢᠭᠡᠮ ᠲᠣᠭᠣᠷᠢᠭ᠎ᠢ ᠨᠡᠭᠦᠯᠭᠡᠬᠦ᠂ ᠨᠠᠰᠤᠵᠢᠯ᠎ᠤᠨ ᠨᠣᠷᠮ᠎ᠠ ᠥᠨᠳᠥᠷ᠂ ᠨᠡᠬᠦᠲᠠᠯ ᠬᠥᠮᠦᠨ ᠠᠮᠠ ᠣᠯᠠᠨ᠂ ᠣᠯᠠᠨ ᠦᠨᠳᠦᠰᠦᠲᠡᠨ ᠠᠭᠤᠰᠤᠯᠴᠠᠨ ᠰᠠᠭᠤᠬᠤ ᠵᠡᠷᠭᠡ ᠪᠣᠳᠠᠲᠤ ᠣᠨᠴᠠᠯᠢᠭ ᠲᠸ᠋ ᠰᠠᠭᠤᠷᠢᠯᠠᠨ 《ᠡᠬᠢ ᠪᠠᠶᠠᠯᠢᠭ᠎ᠢ ᠨᠡᠢᠳᠬᠡᠬᠦ ᠶ᠋ᠢ ᠴᠢᠩᠭᠠᠳᠭᠠᠨ᠂ ᠤᠬᠠᠭᠤᠯᠭ᠎ᠠ᠎ᠶ᠋ᠢᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠦᠢᠯᠡᠴᠢᠯᠡᠭᠡᠨ᠎ᠦ ᠬᠡᠪ ᠵᠠᠭ᠍ᠪᠤᠷ᠎ᠤᠨ ᠱᠢᠨ᠎ᠡ᠎ᠪᠡᠷ ᠡᠭᠦᠳᠴᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠬᠥᠭ᠌ᠵᠢᠭᠡᠨ᠂ ᠣᠯᠠᠨ ᠲᠦᠮᠡᠨ᠎ᠦ ᠣᠷᠣᠯᠴᠠᠬᠤ᠎ᠶ᠋ᠢ ᠥᠷᠭᠡᠳᠭᠡᠬᠦ᠌》᠎ᠪᠡᠷ ᠰᠡᠳᠭᠢᠴᠡ ᠪᠣᠯᠭᠠᠨ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠎ᠶ᠋ᠢ ᠢᠳᠡᠪᠬᠢᠲᠡᠢ ᠠᠬᠢᠭᠤᠯᠤᠨ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ ᠠᠵᠢᠯᠯᠠᠵᠤ ᠬᠠᠮᠲᠤ ᠵᠢᠷᠭᠠᠬᠤ ᠱᠢᠭᠢᠳᠭᠡᠬᠦ ᠮᠠᠶᠢᠭ᠎ᠤᠨ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ ᠵᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号