《ᠨᠢᠭᠡ ᠮᠥᠴᠡ᠎ᠶ᠋ᠢᠨ ᠪᠥᠬᠥ᠌ ᠠᠷᠠᠳ᠎ᠤᠨ ᠤᠩᠱᠢᠯᠭ᠎ᠠ᠎ᠶ᠋ᠢᠨ ᠲᠣᠭᠣᠷᠢᠭ》 ᠲᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ᠋ ᠰᠠᠢᠲᠤᠷ ᠰᠤᠷᠴᠤ ᠬᠡᠷᠡᠭ᠌ᠯᠡᠨ᠎ᠡ
2025-12-23 09:57:08
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ ᠡᠬᠢ ᠪᠡᠷ᠂ ᠦᠬᠠᠶ ᠬᠣᠲᠠ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠡᠮᠦᠨ᠎ᠡ ᠲᠠᠯ᠎ᠠ᠎ᠳᠤ ᠪᠠᠢᠭ᠎ᠠ ᠨᠣᠮ᠎ᠤᠨ ᠳᠡᠯᠭᠡᠭᠦᠷ ᠲᠤ᠌ ᠰᠠᠶᠢᠬᠠᠨ ᠰᠤᠷᠭᠠᠭᠤᠯᠢ ᠲᠠᠷᠬᠠᠬᠰᠠᠨ ᠰᠤᠷᠤᠭ᠍ᠴᠢᠳ ᠴᠤᠭᠯᠠᠷᠠᠨ᠂ ᠦᠪᠡᠷ ᠦᠪᠡᠷ᠎ᠤᠨ ᠪᠠᠬᠠᠷᠬᠠᠭ᠍ᠰᠠᠨ ᠨᠣᠮ ᠵᠢᠡᠨ ᠤᠩᠰᠢᠵᠠᠭᠠᠨ᠎ᠠ᠃

ᠨᠣᠮ᠎ᠤᠨ ᠳᠡᠯᠭᠡᠭᠦᠷ᠎ᠦᠨ ᠬᠠᠷᠢᠭᠤᠴᠠᠯᠭᠠᠲᠠᠨ ᠵᠣᠣ ᠱᠤᠸᠠᠩ᠂ 2024 ᠣᠨ᠎ᠤ 9 ᠰᠠᠷ᠎ᠠ ᠡᠴᠡ ᠡᠬᠢᠯᠨᠨ ᠡᠵᠡᠩᠨᠡᠭᠰᠡᠨ ᠳᠤᠰ ᠨᠤᠮ᠎ᠤᠨ ᠳᠡᠯᠬᠡᠬᠦᠷ᠎ᠲᠦ᠂ ᠣᠳᠣᠬᠠᠨ᠎ᠳᠤ 8000 ᠭᠠᠷᠤᠶ ᠨᠣᠮ ᠲᠠᠢ᠂ ᠬᠡᠦᠬᠡᠳ᠎ᠦᠨ ᠤᠩᠱᠢᠬᠤ ᠨᠣᠮ᠂ ᠬᠡᠷ ᠪᠦᠯᠢ᠂ ᠰᠤᠶᠤᠯ ᠢᠷᠭᠡᠨᠱᠢᠯ᠂ ᠨᠡᠢᠭᠡᠮ᠂ ᠱᠢᠨᠵᠢᠯᠡᠬᠦ᠌ ᠤᠬᠠᠭᠠᠨ ᠵᠡᠷᠭᠡ ᠣᠯᠠᠨ ᠬᠦᠷᠢᠶ᠎ᠠ ᠴᠠᠷᠠᠭ᠎ᠠ ᠵᠢ ᠬᠠᠮᠤᠷᠴᠠᠢ᠃ ᠡᠩ᠎ᠦᠨ ᠦᠶ᠎ᠡ᠎ᠳᠦ᠂ ᠨᠣᠮ᠎ᠤᠨ ᠳᠡᠯᠭᠡᠭᠦᠷ ᠨᠢ ᠬᠡᠦᠬᠡᠳ ᠪᠠ ᠬᠡᠷ ᠪᠦᠯᠢ᠎ᠳᠦ ᠬᠠᠨᠳᠤᠭᠤᠯᠤᠭ᠍ᠰᠠᠨ ᠲᠤᠰᠭᠠᠶ ᠤᠩᠱᠢᠯᠭ᠎ᠠ᠎ᠶ᠋ᠢᠨ ᠵᠢᠯᠣᠭᠣᠳᠣᠯᠭ᠎ᠠ ᠵᠢᠴᠢ ᠨᠣᠮ ᠰᠣᠩᠭᠣᠬᠤ ᠦᠶ᠋ᠯᠡᠴᠢᠯᠡᠭᠡ ᠬᠠᠩᠭᠠᠬᠤ᠎ᠪᠠᠷ ᠪᠠᠷᠠᠬᠤ ᠥᠬᠡᠶ᠂ ᠪᠠᠰᠠ ᠭᠡᠷ ᠪᠦᠯᠢ ᠵᠢᠨ ᠬᠠᠮᠲᠤ᠎ᠶ᠋ᠢᠨ ᠤᠩᠱᠢᠯᠭ᠎ᠠ᠂ ᠨᠣᠮ ᠤᠩᠱᠢᠬᠤ᠎ᠶ᠋ᠢ ᠬᠠᠮᠲᠤ᠎ᠪᠠᠷ ᠡᠳ᠋ᠯᠡᠬᠦ᠌᠂ ᠨᠡᠢᠲᠡ᠎ᠶ᠋ᠢᠨ ᠠᠰᠠᠷᠠᠮᠵᠢ᠎ᠶ᠋ᠢᠨ ᠲᠠᠢᠯᠤᠮᠵᠢ ᠵᠡᠷᠭᠡ ᠣᠯᠠᠨ ᠵᠦᠶ᠋ᠯ᠎ᠦᠨ ᠰᠣᠶᠣᠯ᠎ᠤᠨ ᠠᠵᠢᠯᠯᠠᠭ᠎ᠠ ᠡᠷᠭᠢᠯᠡᠵᠦ᠍ ᠪᠠᠢᠨ᠎ᠠ ᠬᠡᠵᠦ ᠳᠠᠨᠢᠯᠴᠠᠭᠤᠯᠤᠯ᠎ᠠ᠃

ᠡᠨᠳᠡ ᠨᠤᠮ ᠤᠩᠰᠢᠵᠤ ᠪᠠᠢᠭᠰᠠᠨ ᠨᠢᠭᠡᠨ ᠰᠤᠷᠤᠭ᠍ᠴᠢ᠂ ᠨᠣᠮ ᠤᠩᠱᠢᠭᠠᠳ ᠬᠤᠷᠠᠮᠳᠤᠭᠤᠯᠤᠭ᠍ᠰᠠᠨ ᠦᠭᠡᠰ ᠨᠢ ᠲᠡᠭᠦᠨ᠎ᠦ ᠵᠣᠬᠢᠶᠠᠨ ᠪᠢᠴᠢᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠶ᠂ ᠪᠠᠰᠠ ᠢᠯᠡᠳᠭᠡᠬᠦ᠌ ᠴᠢᠳᠠᠪᠤᠷᠢ᠎ᠶ᠋ᠢ  ᠳᠡᠬᠡᠭᠰᠢᠯᠡᠬᠦᠯᠬᠦ᠎ᠳᠦ ᠮᠠᠰᠢ ᠳᠤᠰᠠ ᠪᠤᠯᠵᠠᠢ ᠬᠡᠯ᠎ᠠ᠃

ᠤᠳᠤᠬᠠᠨ᠎ᠳᠦ ᠦᠬᠠᠢ ᠬᠤᠳᠠ 《ᠨᠢᠭᠡ ᠮᠥᠴᠡ᠎ᠶ᠋ᠢᠨ ᠪᠥᠬᠥ᠌ ᠠᠷᠠᠳ᠎ᠤᠨ ᠤᠩᠱᠢᠯᠭ᠎ᠠ᠎ᠶ᠋ᠢᠨ ᠲᠣᠭᠣᠷᠢᠭ》 ᠪᠠᠢᠭᠤᠯᠬᠤ ᠬᠠᠷᠠᠯᠲᠠ ᠶᠤᠰᠤᠭᠠᠷ᠂ ᠪᠥᠬᠥ᠌ ᠬᠣᠲᠠ᠎ᠶ᠋ᠢᠨ ᠨᠡᠢᠭᠡᠮ ᠲᠣᠭᠣᠷᠢᠭ᠂ ᠰᠤᠷᠭᠠᠭᠤᠯᠢ᠂ ᠪᠠᠩᠬᠢ᠂ ᠡᠮᠨᠡᠯᠭᠡ᠎ᠶ᠋ᠢᠨ ᠬᠣᠷᠢᠶ᠎ᠠ ᠵᠡᠷᠭᠡ 268 ᠴᠡᠭ᠎ᠲᠦ ᠤᠩᠱᠢᠯᠭ᠎ᠠ᠎ᠶ᠋ᠢᠨ ᠭᠠᠵᠠᠷ ᠪᠠᠢᠭᠤᠯᠤᠭ᠍ᠰᠠᠨ ᠪᠥᠭᠡᠳ 3.6 ᠲᠦᠮᠡ ᠭᠠᠷᠤᠶ ᠵᠦᠶ᠋ᠯ᠎ᠦᠨ 5.3 ᠲᠦᠮᠡᠨ ᠳᠡᠪᠲᠡᠷ ᠨᠣᠮ ᠪᠢᠴᠢᠭ᠎ᠢ ᠦᠨ᠎ᠡ ᠲᠥᠯᠥᠪᠦᠷᠢ ᠥᠬᠡᠶ᠎ᠪᠡᠷ ᠲᠣᠬᠢᠷᠠᠭᠤᠯᠤᠨ ᠬᠦᠷᠭᠡᠪᠡ᠃ ᠡᠲᠡᠭᠡᠷ ᠤᠩᠱᠢᠯᠭ᠎ᠠ᠎ᠶ᠋ᠢᠨ ᠭᠠᠵᠠᠷ ᠨᠢ ᠪᠠᠰᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠣᠮ᠎ᠤᠨ ᠰᠠᠩ ᠲᠠᠢ ᠨᠤᠮ ᠰᠣᠯᠢᠯᠴᠠᠵᠤ᠂ ᠨᠣᠮ ᠪᠢᠴᠢᠭ᠎ᠢ ᠪᠥᠬᠥ᠌ ᠬᠤᠳᠠ ᠵᠢᠨ ᠬᠡᠪᠴᠢᠶᠠᠨ᠎ᠳᠤ ᠲᠣᠬᠢᠷᠠᠭᠤᠯᠤᠨ ᠬᠦᠷᠭᠡᠬᠦ᠌᠂ ᠬᠦᠢᠯᠬᠡᠬᠡᠨ ᠡᠷᠭᠢᠯᠳᠦᠭᠦᠯᠬᠦ᠌᠎ᠶ᠋ᠢ ᠪᠡᠶᠡᠯᠡᠭᠦᠯᠵᠦ᠍᠂ ᠨᠣᠮ᠎ᠤᠨ ᠰᠠᠩ᠎ᠢ ᠬᠣᠲᠠ᠎ᠶ᠋ᠢᠨ ᠠᠷᠠᠳ᠎ᠤᠨ ᠬᠡᠷ᠎ᠦᠨ ᠡᠭᠦᠳᠡᠨ᠎ᠳᠦ ᠦᠢᠷᠠᠳᠤᠭᠤᠯᠵᠠᠢ᠃ ᠡᠨᠡ ᠬᠦ᠌ ᠶᠠᠪᠤᠴᠠ᠎ᠳᠤ᠂ ᠦᠬᠠᠶ ᠬᠣᠲᠠ ᠪᠠᠰᠠ 《ᠤᠮᠠᠷᠠᠲᠤ ᠬᠢᠯᠢ᠎ᠶ᠋ᠢᠨ ᠨᠣᠮ᠎ᠤᠨ ᠬᠡᠰᠢᠭᠳᠤ ᠦᠬᠠᠶ》 ᠨᠠᠷᠠᠲᠤ ᠬᠥᠮᠦᠰ᠎ᠦᠨ ᠲᠠᠢᠯᠤᠮᠵᠢ᠂ 《ᠦᠬᠠᠶ — ᠪᠡᠭᠡᠵᠢᠩ᠎ᠦᠨ ᠵᠡᠭᠦᠨ ᠬᠣᠲᠠ》 ᠬᠤᠤᠰ ᠬᠣᠲᠠ᠎ᠵᠢᠨ ᠬᠠᠮᠲᠤ᠎ᠵᠢᠨ ᠤᠩᠱᠢᠯᠭ᠎ᠠ᠂ ᠡᠴᠢᠭᠡ ᠡᠬᠡ ᠵᠢᠨ ᠬᠦᠮᠦᠵᠢᠯ ᠎ᠤᠨ ᠭᠤᠤᠯ ᠰᠡᠳᠦᠪᠲᠦ ᠤᠩᠱᠢᠯᠭ᠎ᠠ᠎ᠶ᠋ᠢᠨ ᠱᠠᠯᠦ᠋ᠨ᠂ 《ᠬᠡᠦᠬᠡᠳ ᠪᠠᠭᠠᠴᠤᠳ᠎ᠤᠨ ᠪᠢᠴᠢᠬᠠᠨ ᠬᠠᠮᠠᠭᠠᠯᠠᠭ᠍ᠴᠢ》 ᠭᠤᠤᠯ ᠰᠡᠳᠦᠪᠲᠦ ᠤᠷᠠᠨ ᠤᠩᠱᠢᠯᠭ᠎ᠠ᠎ᠶ᠋ᠢᠨ ᠤᠷᠤᠯᠳᠤᠭᠠᠨ᠂ ᠪᠥᠬᠥ᠌ ᠠᠷᠠᠳ᠎ᠢᠶᠠᠷ᠎ᠢᠶᠠᠨ ᠨᠤᠮ ᠤᠨᠭᠰᠢᠬᠤ ᠦᠪᠡᠳᠡᠭ᠌ᠰᠢ ᠴᠤᠭᠯᠠᠭᠠᠨ ᠵᠡᠷᠭᠡ ᠭᠤᠤᠯ ᠰᠡᠳᠦᠪᠲᠦ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠡᠬᠦᠨ ᠵᠢᠡᠷ ᠳᠠᠮᠵᠢᠨ ᠬᠤᠳᠠ ᠵᠢᠨ ᠠᠷᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠪᠡ᠃

《ᠲᠡᠷᠭᠡ ᠬᠦᠯᠢᠶᠡᠬᠦ᠌ ᠦᠶ᠎ᠡ᠎ᠳᠤ ᠭᠠᠷ᠎ᠤᠨ ᠠᠶ᠎ᠠ᠎ᠪᠠᠷ ᠺᠤᠳ᠋ ᠰᠢᠷᠪᠢᠪᠡᠯ᠂ ᠳᠤᠷᠠᠲᠠᠢ ᠨᠣᠮ᠎ᠢᠶᠠᠨ ᠰᠣᠩᠭᠣᠵᠤ᠂ ᠲᠡᠷᠭᠡᠨ ᠡᠴᠡ ᠪᠠᠭᠤᠲᠠᠯ᠎ᠠ ᠰᠣᠨᠣᠰᠴᠤ ᠪᠤᠯᠤᠨ᠎ᠠ》 ᠬᠡᠵᠦ ᠡᠳᠦᠷ ᠪᠦᠷᠢ ᠨᠡᠢᠲᠡ᠎ᠶ᠋ᠢᠨ ᠮᠠᠱᠢᠨ᠎ᠳᠤ ᠰᠠᠭᠤᠵᠤ ᠠᠵᠢᠯ᠎ᠳᠤ ᠭᠠᠷᠳᠠᠭ ᠬᠣᠲᠠ᠎ᠶ᠋ᠢᠨ ᠠᠷᠠᠳ ᠯᠢ ᠵᠢᠩ ᠶᠠᠷᠢᠨ᠎ᠠ᠃ ᠣᠳᠣᠬᠠᠨ᠎ᠳᠤ᠂ ᠦᠬᠠᠶ ᠬᠣᠲᠠ᠎ᠶ᠋ᠢᠨ ᠮᠠᠰᠢ ᠣᠯᠠᠨ ᠨᠡᠢᠲᠡ᠎ᠶ᠋ᠢᠨ ᠮᠠᠱᠢᠨ ᠲᠡᠷᠭᠡᠨ᠎ᠦ ᠥᠷᠲᠡᠭᠡ ᠵᠢᠨ ᠵᠠᠷ ᠮᠡᠳᠡᠭᠡᠨ᠎ᠦ ᠪᠤᠯᠤᠩ᠎ᠳᠤ ᠴᠥᠮ ᠰᠦᠶ᠋ᠳᠭᠡᠯ ᠬᠤᠷᠢᠶᠠᠬᠤ ᠥᠬᠡᠶ᠎ᠪᠡᠷ ᠨᠣᠮ ᠰᠣᠨᠣᠰᠭᠤ ᠬᠣᠶᠠᠷ ᠬᠡᠮᠵᠢᠯᠳᠦ ᠺᠣᠳ᠋ ᠳᠠᠭᠠᠯᠳᠤᠭᠤᠯᠵᠤ᠂ ᠬᠦᠮᠦᠰ ᠭᠠᠷ ᠤᠲᠠᠰᠤ᠎ᠪᠠᠷ ᠬᠥᠩᠭᠡᠬᠡᠨ ᠱᠢᠷᠪᠢᠪᠡᠯ  ᠨᠣᠮ ᠰᠤᠨᠤᠰᠳᠠᠭ ᠪᠤᠯᠵᠠᠢ᠃

ᠤᠢᠯᠠᠭᠠᠬᠰᠡᠨ᠎ᠢᠶᠠᠷ᠂ ᠦᠬᠠᠶ ᠬᠣᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠦ ᠥᠷᠲᠡᠭᠡ ᠴᠡᠭ᠎ᠲᠦ ᠪᠠᠢᠭᠤᠯᠤᠭ᠍ᠰᠠᠨ ᠨᠡᠢᠲᠡ᠎ᠶ᠋ᠢᠨ ᠮᠠᠱᠢᠨ ᠲᠡᠷᠭᠡᠨ᠎ᠦ ᠡᠯᠧᠺᠲ᠋ᠷᠣᠨ ᠨᠣᠮ᠎ᠤᠨ ᠰᠠᠩ᠎ᠨᠢ ᠨᠢᠭᠡᠨᠲᠡ 1.3 ᠲᠦᠮᠡ ᠭᠠᠷᠤᠶ ᠱᠢᠯᠢᠳᠡᠭ ᠡᠯᠧᠺᠲ᠋ᠷᠣᠨ ᠨᠣᠮ ᠲᠤᠬᠢᠷᠠᠭᠤᠯᠵᠤ᠂ ᠳᠤᠶᠢᠯᠲᠠ᠎ᠵᠢᠨ ᠶᠡᠷᠦᠩᠬᠡᠶ ᠬᠡᠮᠵᠢᠶ᠎ᠡ᠎ᠨᠢ 64 ᠲᠦᠮᠡᠨ ᠬᠥᠮᠦᠨ ᠤᠳᠠᠭ᠎ᠠ᠎ᠶ᠋ᠢ ᠳᠠᠪᠠᠪᠠ᠃ ᠡᠭᠦᠨ᠎ᠡᠴᠡ ᠭᠠᠳᠠᠨ᠎ᠠ᠂ ᠴᠡᠴᠡᠷᠯᠢᠭ᠎ᠦᠨ ᠠᠭᠤᠳᠠᠮ ᠲᠠᠯᠠᠪᠠᠶ᠂ ᠰᠤᠷᠭᠠᠭᠤᠯᠢ᠎ᠶ᠋ᠢᠨ ᠬᠦᠷᠢᠶᠡᠨ᠎ᠦ ᠡᠷᠬᠢᠨ ᠲᠣᠭᠣᠷᠢᠨ᠂ ᠬᠤᠳᠠᠯᠳᠤᠭᠠᠨ᠎ᠤ ᠲᠠᠯᠠᠪᠤᠷ ᠵᠡᠷᠭᠡ ᠬᠥᠮᠦᠨ ᠬᠠᠷ᠎ᠠ ᠲᠥᠪᠯᠡᠷᠡᠭ᠌ᠰᠡᠨ  ᠭᠠᠵᠠᠷ᠎ᠲᠤ᠂ ᠦᠬᠠᠶ ᠬᠣᠲᠠ ᠪᠠᠰᠠ 422 ᠲᠠᠭᠤ᠎ᠲᠠᠶ ᠨᠣᠮ᠎ᠤᠨ ᠰᠠᠩ ᠪᠠᠢᠭᠤᠯᠵᠤ᠂ ᠬᠣᠲᠠ᠎ᠶ᠋ᠢᠨ ᠠᠷᠠᠳ᠎ᠲᠤ ᠠᠵᠢᠯ᠎ᠳᠤ ᠭᠠᠷᠬᠤ ᠵᠠᠮ᠂ ᠰᠡᠯᠡᠭᠦᠴᠡᠨ ᠲᠤᠭᠤᠷᠢᠬᠤ ᠵᠠᠪᠰᠠᠷ᠎ᠢᠶᠠᠷ ᠨᠣᠮ ᠤᠩᠱᠢᠬᠤ ᠬᠠᠪᠤ ᠴᠡᠩᠬᠡᠯ᠎ᠢ ᠡᠳ᠋ᠯᠡᠭᠦᠯᠪᠡ᠃

ᠦᠬᠠᠢ ᠬᠤᠳᠠ᠎ᠳᠦ ᠦᠷᠨᠢᠵᠦ ᠪᠠᠢᠭ᠎ᠠ 《ᠨᠤᠮ᠎ᠤᠨ ᠬᠡᠰᠢᠭᠳᠤ ᠰᠤᠷᠭᠠᠭᠤᠯᠢ᠎ᠶ᠋ᠢᠨ ᠬᠦᠷᠢᠶ᠎ᠡ》 ᠵᠢᠨ ᠪᠦᠳᠦᠭᠡᠨ ᠪᠠᠢᠭᠤᠯᠤᠯᠲᠠ ᠨᠢ ᠰᠤᠷᠤᠭ᠍ᠴᠢᠳ᠎ᠤᠨ ᠤᠩᠱᠢᠯᠭ᠎ᠠ᠎ᠶ᠋ᠢᠨ ᠤᠷᠮ᠎ᠠ᠎ᠶ᠋ᠢ ᠬᠥᠭ᠌ᠵᠢᠭᠡᠵᠦ᠍᠂ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠬᠡᠷᠡᠭ᠌ᠯᠡᠬᠦ᠌᠎ᠳᠦ ᠬᠦᠴᠦᠲᠡᠢ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃ ᠦᠬᠠᠶ ᠬᠣᠲᠠ ᠪᠥᠬᠥ᠌ ᠬᠣᠲᠠ᠎ᠶ᠋ᠢᠨ  ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠢ ᠬᠥᠲᠥᠯᠥᠨ ᠵᠢᠯᠣᠭᠣᠳᠴᠤ᠌ ᠬᠢᠴᠢᠶᠡᠯ᠎ᠦᠨ ᠬᠡᠷ᠎ᠦᠨ ᠥᠨᠴᠥᠭ ᠪᠤᠯᠤᠩ᠂ ᠠᠰᠠᠷ᠎ᠤᠨ ᠭᠤᠳᠤᠮᠵᠢ᠂ ᠠᠰᠠᠷ᠎ᠤᠨ ᠱᠠᠲᠤ ᠵᠡᠷᠭᠡ ᠤᠷᠤᠨ ᠵᠠᠢ ᠵᠢ ᠭᠦᠶ᠋ᠴᠡᠳ ᠠᠱᠢᠭ᠍ᠯᠠᠨ ᠤᠩᠱᠢᠯᠭ᠎ᠠ᠎ᠶ᠋ᠢᠨ ᠣᠷᠣᠨ ᠪᠦᠰᠡ᠎ᠶ᠋ᠢ 1300 ᠭᠠᠷᠤᠶ ᠪᠠᠢᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠬᠤ᠎ᠳᠤ ᠰᠠᠢᠨ ᠰᠠᠢᠬᠠᠨ ᠣᠷᠴᠢᠨ ᠨᠥᠬᠥᠴᠡᠯ ᠲᠠᠢ ᠪᠤᠯᠭᠠᠵᠠᠢ᠃ ᠡᠯ᠎ᠡ ᠰᠤᠷᠭᠠᠭᠤᠯᠢ ᠪᠠᠰᠠ 《ᠳ᠋ᠢᠩ ᠰᠢᠶᠠᠩ ᠨᠣᠮ ᠤᠩᠱᠢᠬᠤ ᠡᠳᠤᠷ》᠂ ᠰᠣᠩᠭᠣᠳᠠᠭ ᠨᠣᠮ ᠤᠩᠱᠢᠬᠤ ᠵᠡᠷᠭᠡ ᠨᠣᠮ ᠤᠩᠱᠢᠬᠤ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ 8 ᠲᠦᠮᠡ ᠭᠠᠷᠤᠶ ᠬᠥᠮᠦᠨ᠎ᠢ ᠳᠠᠢᠴᠢᠯᠠᠨ ᠨᠣᠮ ᠤᠩᠱᠢᠬᠤ ᠠᠵᠢᠯᠯᠠᠭ᠎ᠠ᠎ᠳᠤ ᠣᠷᠣᠯᠴᠠᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号