​ᠦᠪᠦᠷ ᠮᠤᠩᠭᠤᠯ᠎ᠤᠨ ᠡᠪᠯᠡᠯ᠎ᠦᠨ ᠬᠣᠷᠢᠶ᠎ᠠ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ
2025-12-23 19:35:44
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 14 ᠎ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠤᠤᠯᠯᠠᠨ ᠡᠷᠭᠢᠯᠡᠭ᠌ᠰᠡᠨ 《ᠲᠠᠯᠠᠪᠠᠶ ᠣᠷᠳᠣᠨ᠎ᠳ᠋ᠡᠬᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠤ᠋ᠨ ᠵᠢᠱ᠌ᠢᠶ᠎ᠡ ᠦᠵᠡᠭᠦᠯᠬᠦ᠌ ᠬᠥᠮᠦᠵᠢᠯ᠎ᠦᠨ ᠠᠵᠢᠯᠯᠠᠭ᠎ᠠ᠎ᠶ᠋ᠢ ᠲᠣᠰ ᠲᠣᠰ ᠬᠥᠬᠡᠬᠣᠲᠠ᠎ᠶ᠋ᠢᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠣᠷᠳᠣᠨ ᠪᠠ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠤᠯᠠᠮᠵᠢᠯᠠᠯᠲᠤ ᠪᠠᠷᠢᠯᠭ᠎ᠠ᠎ᠶ᠋ᠢᠨ ᠮᠦᠽᠧᠶ᠎ᠳᠦ ᠥᠷᠨᠢᠭᠦᠯᠵᠦ᠍᠂ ᠪᠥᠬᠥ᠌ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠲᠥᠯᠥᠭᠡᠯᠡᠭ᠌ᠴᠢ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ ᠵᠢᠴᠢ ᠡᠪᠯᠡᠯ᠎ᠦᠨ ᠺᠠᠳ᠋ᠷ ᠨᠡᠢᠲᠡ 200 ᠭᠠᠷᠤᠶ ᠬᠥᠮᠦᠨ ᠨᠢᠭᠡ ᠲᠠᠩᠬᠢᠮ᠎ᠳᠤ ᠴᠤᠭ᠍ᠯᠠᠷᠠᠵᠤ᠂ ᠭᠦᠨ ᠭᠦᠨᠵᠡᠭᠡᠶ᠂ ᠥᠷᠭᠡᠨ ᠳᠡᠯᠭᠡᠷ ᠵᠢᠱ᠌ᠢᠶ᠎ᠡ ᠦᠵᠡᠭᠦᠯᠬᠦ᠌ ᠬᠢᠴᠢᠶᠡᠯ ᠰᠤᠨᠤᠰᠪᠠ᠃

ᠵᠢᠱ᠌ᠢᠶ᠎ᠡ ᠦᠵᠡᠭᠦᠯᠬᠦ᠌ ᠬᠢᠴᠢᠶᠡᠯ ᠱᠠᠲᠤ ᠱᠠᠲᠤ᠎ᠪᠠᠷ ᠠᠭᠢᠵᠤ᠂ ᠶᠡᠬᠡ ᠳᠤᠮᠳᠠ ᠪᠠᠭ᠎ᠠ ᠲᠠᠢᠯᠪᠤᠷᠢᠯᠠᠭ᠍ᠴᠢ᠎ᠶ᠋ᠢᠨ ᠲᠠᠢᠯᠤᠮᠵᠢ ᠬᠢᠬᠦ᠌᠎ᠪᠡᠷ ᠳᠡᠮᠵᠢᠨ᠂ ᠣᠷᠳᠣᠨ᠎ᠤ ᠪᠣᠳᠠᠲᠤ ᠪᠣᠳᠠᠰ᠎ᠤᠨ ᠦᠵᠡᠭᠦᠯᠭᠡ᠎ᠲᠡᠶ ᠤᠶᠠᠯᠳᠤᠭᠤᠯᠤᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠰᠤᠳᠠᠰᠤ᠎ᠶ᠋ᠢ ᠭᠦᠨᠵᠡᠭᠡᠶ ᠣᠢᠯᠠᠭᠠᠪᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠠᠵᠢᠯᠯᠠᠭ᠎ᠠ᠎ᠳᠤ ᠪᠡᠶ᠎ᠡ᠎ᠪᠡᠷ᠎ᠢᠶᠡᠨ ᠣᠷᠣᠯᠴᠠᠬᠤ᠂ ᠤᠢᠷ᠎ᠠ ᠵᠠᠢ᠎ᠠᠴᠠ ᠨᠠᠷᠢᠯᠢᠭ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠯ᠎ᠢ ᠰᠣᠨᠢᠷᠬᠠᠬᠤ᠎ᠪᠠᠷ ᠳᠠᠮᠵᠢᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠮᠡᠳᠡᠷᠡᠬᠦ᠌᠂ ᠤᠯᠠᠮᠵᠢᠯᠠᠨ ᠵᠠᠯᠭᠠᠮᠵᠢᠯᠠᠬᠤ᠂ ᠬᠠᠢᠷᠯᠠᠨ ᠬᠠᠮᠠᠭᠠᠯᠠᠬᠤ ᠰᠡᠳᠭᠢᠯᠭᠡ᠎ᠶ᠋ᠢ ᠨᠡᠮᠡᠭ᠌ᠳᠡᠭᠦᠯᠪᠡ᠃ ᠡᠭᠦᠨ ᠡᠴᠡ ᠭᠠᠳᠠᠨ᠎ᠠ ᠪᠠᠰᠠ 《ᠠᠨᠠᠷ᠎ᠤᠨ ᠦᠷ᠎ᠡ》 ᠶ᠋ᠢᠨ ᠵᠢᠵᠢᠭ ᠬᠢᠴᠢᠶᠡᠯ᠎ᠦᠨ ᠲᠠᠩᠬᠢᠮ᠎ᠤᠨ ᠬᠤᠪᠢᠶᠠᠯᠴᠠᠬᠤ ᠬᠤᠷᠠᠯ ᠬᠦᠷᠲᠡᠯ᠎ᠡ ᠥᠷᠭᠡᠳᠭᠡᠵᠦ᠍᠂ ᠵᠠᠯᠠᠭᠤᠴᠤᠳ᠎ᠤᠨ ᠦᠭᠡ᠎ᠪᠡᠷ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠶᠠᠷᠢᠵᠤ᠂ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌》 ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃

ᠲᠣᠰ ᠤᠳᠠᠭᠠᠨ ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ 《ᠲᠠᠯᠠᠪᠤᠷ ᠣᠷᠳᠣᠨ᠎ᠤ ᠵᠢᠭᠠᠨ ᠰᠤᠷᠭᠠᠯᠲᠠ + ᠦᠶ᠋ᠯᠡᠳᠦᠯᠭᠡ᠎ᠶ᠋ᠢᠨ ᠪᠡᠶᠡᠴᠢ ᠣᠢᠯᠠᠭᠠᠯᠲᠠ + ᠦᠶ᠋ᠯᠡᠳᠦᠯᠴᠡᠨ ᠬᠤᠪᠢᠶᠠᠯᠴᠠᠬᠤ》ᠵᠠᠭ᠍ᠪᠤᠷ᠎ᠤᠨ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ ᠤᠯᠠᠮᠵᠢᠯᠠᠯᠲᠤ ᠬᠢᠴᠢᠶᠡᠯ᠎ᠦᠨ ᠲᠠᠩᠬᠢᠮ᠎ᠤᠨ ᠴᠠᠭ ᠪᠠ ᠣᠷᠣᠨ ᠵᠠᠶ᠎ᠶ᠋ᠢᠨ ᠵᠠᠭᠠᠭ ᠬᠢᠵᠠᠭᠠᠷ ᠎ᠢ ᠡᠪᠳᠡᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠢ ᠦᠨᠳᠦᠰᠦᠲᠡᠨ᠎ᠦ ᠰᠣᠶᠣᠯ᠎ᠲᠠᠶ ᠭᠦᠨᠵᠡᠭᠡᠶ ᠠᠭᠤᠰᠤᠯᠴᠠᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号