— ᠠᠯᠠᠱᠠ ᠠᠢᠮᠠᠭ ᠤ᠋ᠨ ᠨᠠᠮ ᠤ᠋ᠨ ᠬᠤᠷᠢᠶ᠎ᠠ ᠵᠢᠨ ᠱᠦᠵᠢ ᠬᠤᠸᠠᠩ ᠶᠠ ᠯᠢ ᠵᠢ ᠰᠤᠷᠪᠤᠯᠵᠢᠯᠠᠭ᠍ᠰᠠᠨ ᠨᠢ
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠳᠤᠭᠠᠷ ᠪᠦᠬᠦᠳᠡ ᠬᠤᠷᠠᠯ ᠡᠴᠡ ᠢᠷᠡᠭᠡᠳᠦᠢ ᠶ᠋ᠢᠨ ᠲᠠᠪᠤᠨ ᠵᠢᠯ ᠤ᠋ᠨ ᠥᠪᠥᠷ ᠮᠣᠩᠭᠣᠯ ᠤ᠋ᠨ ᠬᠥᠭ᠌ᠵᠢᠯᠲᠡ ᠶ᠋ᠢᠨ ᠵᠢᠷᠤᠭ ᠲᠥᠯᠥᠪᠯᠡᠭᠡ ᠵᠢ ᠵᠢᠷᠤᠭ᠍ᠯᠠᠪᠠ᠃ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠠᠯᠠᠱᠠ ᠠᠢᠮᠠᠭ ᠤ᠋ᠨ ᠨᠠᠮ ᠤ᠋ᠨ ᠬᠤᠷᠢᠶ᠎ᠠ ᠶ᠋ᠢᠨ ᠱᠦᠵᠢ ᠬᠤᠸᠠᠩ ᠶᠠ ᠯᠢ ᠵᠢ ᠰᠤᠷᠪᠤᠯᠵᠢᠯᠠᠪᠠ᠃
ᠬᠤᠸᠠᠩ ᠶᠠ ᠯᠢ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠳᠤᠭᠠᠷ ᠪᠦᠬᠦᠳᠡ ᠬᠤᠷᠠᠯ ᠡᠴᠡ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠤᠷᠢᠶ᠎ᠠ ᠡᠴᠡ ᠥᠪᠥᠷ ᠮᠣᠩᠭᠣᠯ ᠳ᠋ᠤ ᠣᠯᠭᠣᠭ᠍ᠰᠠᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠨᠠᠢᠳᠠᠪᠤᠷᠢᠵᠢᠭᠤᠯᠬᠤ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠢᠷᠡᠭᠡᠳᠦᠢ ᠶ᠋ᠢᠨ ᠲᠠᠪᠤᠨ ᠵᠢᠯ ᠤ᠋ᠨ ᠬᠥᠭ᠌ᠵᠢᠯᠲᠡ ᠶ᠋ᠢᠨ ᠬᠠᠷᠠᠯᠲᠠ ᠪᠣᠯᠤᠨ ᠭᠣᠣᠯᠳᠠᠯᠭ᠎ᠠ ᠲᠠᠶ ᠡᠭᠦᠷᠭᠡ ᠵᠢ ᠱᠢᠰᠲ᠋ᠧᠮᠲᠡᠶ ᠲᠥᠯᠥᠪᠵᠢᠭᠦᠯᠵᠦ᠍᠂ ᠣᠷᠣᠨ ᠳᠠᠶᠠᠭᠠᠷ ᠤ᠋ᠨ ᠱᠢᠨ᠎ᠡ ᠠᠶᠠᠨ ᠳ᠋ᠤ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ ᠪᠠᠢᠳᠠᠯ ᠢ᠋ ᠡᠭᠦᠳᠬᠦ᠌ ᠳ᠋ᠦ ᠴᠢᠭ᠌ᠯᠡᠯ ᠢ᠋ ᠲᠣᠳᠣᠷᠬᠠᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠠᠯᠠᠱᠠ ᠠᠢᠮᠠᠭ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠳᠤᠭᠠᠷ ᠪᠥᠬᠥᠳᠡ ᠬᠤᠷᠠᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠶ᠋ᠢᠨ ᠲᠣᠭᠣᠷᠢᠨ ᠳ᠋ᠤ᠂ ᠪᠥᠬᠥ᠌ ᠠᠢᠮᠠᠭ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠵᠢᠷ ᠠᠯᠲᠠᠨ ᠠᠵᠠ ᠲᠣᠬᠢᠶᠠᠯ ᠤ᠋ᠨ ᠬᠤᠭᠤᠴᠠᠭ᠎ᠠ ᠪᠣᠯᠤᠨ ᠵᠠᠩᠭᠢᠯᠠᠭ᠎ᠠ ᠶ᠋ᠢᠨ ᠴᠤᠩᠬᠤᠪᠴᠢ ᠶ᠋ᠢᠨ ᠬᠤᠭᠤᠴᠠᠭ᠎ᠠ ᠵᠢ ᠱᠠᠯᠠᠪᠳᠠᠨ ᠠᠳᠭᠤᠵᠤ᠂ ᠠᠵᠤ ᠠᠬᠤᠶ ᠶ᠋ᠢᠨ ᠬᠥᠭ᠌ᠵᠢᠯᠲᠡ ᠶ᠋ᠢᠨ ᠶᠠᠰᠤ ᠴᠢᠨᠠᠷ ᠦᠷ᠎ᠡ ᠠᠱᠢᠭ ᠢ᠋ ᠳᠡᠭᠡᠭᠰᠢᠯᠡᠭᠦᠯᠬᠦ ᠵᠢ ᠠᠬᠢᠭᠤᠯᠤᠨ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠬᠠᠮᠲᠤ ᠶ᠋ᠢᠨ ᠴᠢᠨᠡᠭᠡᠯᠢᠭ᠌ᠵᠢᠯ ᠤ᠋ᠨ ᠪᠥᠬᠥ᠌ ᠣᠷᠣᠨ ᠤ᠋ ᠡᠮᠦᠨ᠎ᠡ ᠡᠩᠨᠡᠭᠡᠨ ᠳ᠋ᠦ ᠬᠣᠱᠢᠭᠤᠷᠠᠬᠤ ᠵᠢ ᠠᠬᠢᠭᠤᠯᠵᠤ᠂ ᠤᠯᠤᠰ ᠤ᠋ᠨ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠥᠲᠥᠭᠡᠨ ᠪᠠᠢᠭᠤᠯᠵᠤ ᠪᠥᠬᠥ᠌ ᠣᠷᠣᠨ ᠤ᠋ ᠡᠮᠦᠨ᠎ᠡ ᠡᠩᠨᠡᠭᠡᠨ ᠳ᠋ᠦ ᠬᠣᠱᠢᠭᠤᠷᠠᠵᠤ᠂ ᠪᠥᠬᠥ᠌ ᠣᠷᠣᠨ ᠨᠡᠡᠭ ᠴᠢᠨᠠᠭᠰᠢᠯᠠᠨ ᠪᠥᠬᠥ᠌ ᠤᠯᠤᠰ ᠤ᠋ᠨ ᠶᠡᠬᠡ ᠲᠠᠯ᠎ᠠ ᠳ᠋ᠤ ᠠᠯᠠᠱᠠ ᠶ᠋ᠢᠨ ᠨᠠᠩ ᠶᠡᠬᠡ ᠬᠤᠪᠢ ᠨᠡᠮᠡᠷᠢ ᠪᠠᠨ ᠦᠵᠡᠭᠦᠯᠦᠨ᠎ᠡ᠃
ᠨᠢᠭᠡ᠂ 《ᠦᠷ᠎ᠡ ᠪᠦᠲᠦᠭᠡᠯ ᠶ᠋ᠢᠡᠨ ᠪᠡᠬᠢᠵᠢᠭᠦᠯᠦᠨ ᠥᠷᠭᠡᠳᠭᠡᠬᠦ᠌》 ᠲᠣᠭᠣᠷᠢᠨ ᠳ᠋ᠤ ᠦᠷᠭᠦᠯᠵᠢᠯᠡᠨ ᠬᠦᠴᠦᠯᠡᠵᠦ᠍᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠲᠠᠯ᠎ᠠ ᠪᠡᠷ ᠱᠢᠨ᠎ᠡ ᠡᠭᠦᠷᠭᠡᠯᠡᠯ ᠶ᠋ᠢᠡᠨ ᠴᠢᠷᠮᠠᠢᠨ ᠢᠯᠡᠷᠭᠦᠯᠦᠨᠡ᠃ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠲᠠᠯ᠎ᠠ ᠪᠡᠷ ᠰᠠᠢᠨ ᠬᠣᠱᠢᠭᠤᠴᠢ ᠪᠣᠯᠵᠣ᠂ ᠭᠤᠤᠯ ᠲᠠᠭᠠᠷᠢᠯᠲᠠ ᠵᠢ ᠰᠠᠢᠲᠤᠷ ᠬᠢᠵᠦ᠍᠂ 《ᠭᠤᠤᠯ ᠳᠠᠭᠠᠤ᠂ ᠬᠦᠪᠡᠭᠡ ᠳᠠᠭᠠᠤ᠂ ᠵᠠᠮ ᠳᠠᠭᠠᠤ᠂ ᠬᠢᠯᠢ ᠳᠠᠭᠠᠤ》 ᠵᠢᠨ ᠵᠠᠰᠠᠯᠲᠠ ᠶ᠋ᠢᠨ ᠪᠠᠢᠷᠢᠱᠢᠭᠤᠯᠤᠯᠲᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ 《ᠡᠯᠡᠰᠦ ᠮᠠᠩᠬ᠎ᠠ ᠶ᠋ᠢᠨ ᠭᠤᠤᠯ ᠳ᠋ᠤ ᠤᠷᠤᠬᠤ ᠵᠢ ᠬᠤᠷᠢᠭᠯᠠᠬᠤ᠂ ᠡᠯᠡᠰᠦ ᠮᠠᠩᠬ᠎ᠠ ᠶ᠋ᠢᠨ ᠠᠭᠤᠯᠠᠨ ᠳ᠋ᠤ ᠭᠠᠷᠬᠤ ᠵᠢ ᠬᠤᠷᠢᠭᠯᠠᠬᠤ᠂ ᠡᠯᠡᠰᠦ ᠮᠠᠩᠬ᠎ᠠ ᠶ᠋ᠢᠨ ᠬᠣᠲᠠ ᠵᠢ ᠪᠦᠰᠡᠯᠡᠬᠦ᠌ ᠵᠢ ᠬᠤᠷᠢᠭᠯᠠᠬᠤ᠂ ᠡᠯᠡᠰᠦ ᠮᠠᠩᠬ᠎ᠠ ᠶ᠋ᠢᠨ ᠵᠠᠮ ᠢ᠋ ᠲᠠᠰᠤᠯᠬᠤ ᠵᠢ ᠬᠤᠷᠢᠭᠯᠠᠬᠤ᠂ ᠡᠯᠡᠰᠦᠨ ᠴᠦᠯ ᠵᠠᠯᠭᠠᠯᠳᠤᠬᠤ ᠵᠢ ᠬᠤᠷᠢᠭᠯᠠᠬᠤ》 ᠠᠵᠢᠯ ᠢ᠋ ᠦᠷᠭᠦᠯᠵᠢᠯᠡᠨ ᠰᠠᠢᠲᠤᠷ ᠬᠢᠵᠦ᠍᠂ ᠵᠠᠰᠠᠯᠲᠠ ᠶ᠋ᠢᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠵᠦ᠍᠂ ᠶᠡᠷᠦᠩᠬᠡᠢᠯᠡᠭ᠌ᠰᠡᠨ ᠵᠠᠰᠠᠯᠲᠠ ᠶ᠋ᠢᠨ ᠦᠷ᠎ᠡ ᠪᠦᠲᠦᠮᠵᠢ ᠵᠢ ᠶᠡᠬᠡᠰᠭᠡᠨ᠂ ᠬᠠᠲᠤᠨ ᠭᠤᠤᠯ ᠤ᠋ᠨ 《ᠶᠡᠬᠡ ᠲᠤᠬᠤᠢ》 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠾᠸ ᠰᠢᠵᠢᠨ ᠬᠣᠩᠭᠢᠯ — ᠲᠠᠺᠠᠯᠢᠮᠠᠺᠠᠨ ᠡᠯᠡᠰᠦᠨ ᠴᠥᠯ ᠤ᠋ᠨ ᠬᠦᠪᠡᠭᠡ ᠳᠠᠭᠠᠤ ᠶ᠋ᠢᠨ ᠬᠤᠷᠢᠭᠯᠠᠯᠲᠠ ᠶ᠋ᠢᠨ ᠳᠠᠢᠯᠠᠯᠳᠤᠭᠠᠨ ᠤ᠋ ᠢᠯᠠᠯᠲᠠ ᠵᠢ ᠡᠷᠡᠰ ᠲᠡᠮᠡᠴᠡᠨ ᠤᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠳᠠᠬᠢᠨ 1000 ᠲᠦᠮᠡ ᠭᠠᠷᠤᠢ ᠮᠤ᠌ ᠡᠯᠡᠰᠦ ᠵᠢ ᠵᠠᠰᠠᠵᠤ᠂ ᠭᠤᠷᠪᠠᠨ ᠶᠡᠬᠡ ᠡᠯᠡᠰᠦᠨ ᠴᠥᠯ ᠤ᠋ᠨ ᠬᠥᠪᠡᠭᠡ ᠵᠠᠬ᠎ᠠ ᠵᠢ ᠡᠮᠵᠢᠶᠡᠷᠢᠯᠡᠬᠦ ᠭᠣᠣᠯᠳᠠᠯᠭ᠎ᠠ ᠲᠠᠶ ᠣᠷᠣᠨ ᠪᠦᠰᠡ ᠵᠢ 10 — 30 ᠺᠢᠯᠣᠮᠧᠲᠷ ᠬᠦᠷᠲᠡᠯ᠎ᠡ ᠥᠷᠭᠡᠳᠭᠡᠬᠦ᠌ ᠵᠢ ᠠᠬᠢᠭᠤᠯᠵᠤ᠂ ᠪᠦᠬᠦ᠌ ᠠᠢᠮᠠᠭ ᠤ᠋ᠨ ᠣᠢ ᠱᠢᠭᠤᠢ ᠶ᠋ᠢᠨ ᠪᠦᠷᠬᠦᠴᠡ᠂ ᠨᠤᠲᠤᠭ ᠪᠡᠯᠴᠢᠬᠡᠷ ᠤ᠋ᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠵᠢ ᠬᠠᠮᠲᠤ ᠳ᠋ᠤᠨᠢ ᠳᠡᠭᠡᠭ᠌ᠰᠢᠯᠡᠭᠦᠯᠵᠦ᠍᠂ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠲᠠᠯ᠎ᠠ ᠪᠡᠷ ᠠᠯᠠᠱᠠ ᠶ᠋ᠢᠨ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠦᠨ᠎ᠡ᠃ 《ᠭᠤᠤᠯ ᠳᠠᠭᠠᠤ》 ᠶ᠋ᠢᠨ ᠵᠠᠰᠠᠯᠲᠠ ᠵᠢ ᠴᠢᠩᠭᠠᠳᠭᠠᠵᠤ᠂ ᠬᠢᠯᠢ ᠳᠣᠲᠣᠷᠠᠬᠢ ᠬᠠᠲᠤᠨ ᠭᠤᠤᠯ ᠤ᠋ᠨ ᠡᠷᠭᠢ ᠳᠠᠭᠠᠤ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠵᠤ ᠬᠦᠪᠡᠭᠡ ᠵᠠᠬ᠎ᠠ ᠵᠢ ᠡᠮᠵᠢᠶᠡᠷᠢᠯᠡᠬᠦ ᠪᠦᠰᠡ ᠵᠢ ᠪᠠᠢᠭᠤᠯᠵᠤ᠂ ᠬᠥᠷᠥᠰᠥ᠍ ᠱᠢᠷᠣᠶ ᠵᠢ ᠬᠠᠮᠠᠭᠠᠯᠠᠬᠤ᠂ ᠡᠷᠭᠢ ᠳᠠᠭᠠᠤ ᠶ᠋ᠢᠨ ᠰᠡᠷᠭᠡᠢᠯᠡᠯᠲᠡ ᠪᠠ ᠠᠮᠢ ᠠᠬᠤᠶ ᠵᠢ ᠵᠠᠰᠠᠨ ᠰᠡᠷᠭᠦᠭᠡᠬᠦ᠌ ᠵᠢ ᠵᠡᠷᠭᠡ ᠪᠡᠷ ᠠᠬᠢᠭᠤᠯᠵᠤ᠂ ᠬᠠᠲᠤᠨ ᠭᠤᠤᠯ ᠤ᠋ᠨ ᠴᠡᠡᠭᠬᠡᠭ ᠤᠷᠤᠰᠬᠠᠯ ᠢ᠋ ᠡᠷᠡᠰ ᠰᠠᠬᠢᠨ ᠬᠠᠮᠠᠭᠠᠯᠠᠨ᠎ᠠ᠃ 《ᠬᠦᠪᠡᠭᠡ ᠳᠠᠭᠠᠤ》 ᠶ᠋ᠢᠨ ᠵᠠᠰᠠᠯᠲᠠ ᠵᠢ ᠴᠢᠩᠭᠠᠳᠭᠠᠵᠤ᠂ ᠠᠯᠠᠱᠠ ᠠᠭᠤᠯᠠ ᠪᠠ ᠬᠣᠲᠠ ᠪᠠᠯᠭᠠᠰᠤ᠂ ᠴᠢᠬᠤᠯᠠ ᠶᠡᠬᠡ ᠰᠠᠭᠤᠷᠢ ᠲᠦᠬᠦᠭᠡᠷᠦᠮᠵᠢ ᠶ᠋ᠢᠨ ᠡᠷᠬᠢᠨ ᠲᠣᠭᠣᠷᠢᠨ᠂ ᠥᠪᠥᠷ ᠮᠣᠩᠭᠣᠯ ᠭᠠᠨᠰᠦ ᠨᠢᠩᠱᠢᠶᠠ ᠶ᠋ᠢᠨ ᠬᠢᠯᠢ ᠨᠡᠢᠯᠡᠵᠦ᠍ ᠪᠠᠢᠭ᠎ᠠ ᠭᠠᠵᠠᠷ ᠣᠷᠣᠨ ᠤ᠋ ᠲᠣᠭᠣᠷᠢᠨ ᠳ᠋ᠤ ᠢᠨᠵᠸᠨ᠋ᠸᠷᠢᠡᠭ ᠶ᠋ᠢᠡᠷ ᠡᠯᠡᠰᠦ ᠵᠢ ᠲᠣᠭ᠍ᠲᠠᠪᠤᠷᠢᠵᠢᠭᠤᠯᠬᠤ᠂ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ᠂ ᠠᠮᠢ ᠠᠬᠤᠶ ᠵᠢ ᠰᠡᠷᠭᠦᠭᠡᠬᠦ᠌ ᠵᠡᠷᠭᠡ ᠠᠷᠭ᠎ᠠ ᠬᠡᠮᠵᠢᠶ᠎ᠡ ᠵᠢ ᠶᠡᠷᠦᠩᠬᠡᠢᠯᠡᠨ ᠬᠡᠷᠡᠭ᠌ᠯᠡᠵᠦ᠍᠂ ᠣᠷᠣᠨ ᠪᠦᠰᠡ ᠶ᠋ᠢᠨ ᠠᠮᠢ ᠠᠬᠤᠶ ᠶ᠋ᠢᠨ ᠬᠠᠯᠬᠠᠪᠴᠢ ᠪᠦᠰᠡ ᠵᠢ ᠪᠠᠢᠭᠤᠯᠤᠨ᠎ᠠ᠃ 《ᠵᠠᠮ ᠳᠠᠭᠠᠤ》 ᠶ᠋ᠢᠨ ᠵᠠᠰᠠᠯᠲᠠ ᠵᠢ ᠴᠢᠡᠭᠭᠠᠳᠬᠠᠵᠤ᠂ ᠵᠠᠰᠠᠮᠠᠯ ᠵᠠᠮ᠂ ᠲᠡᠮᠦᠷ ᠵᠠᠮ ᠵᠡᠷᠭᠡ ᠵᠠᠮ ᠬᠠᠷᠢᠯᠴᠠᠭᠠᠨ ᠤ᠋ ᠲᠣᠭᠣᠷᠢᠨ ᠳ᠋ᠤ ᠵᠠᠮ ᠳᠠᠭᠠᠤ ᠶ᠋ᠢᠨ ᠨᠣᠭᠣᠭᠠᠷᠠᠭᠤᠯᠤᠯᠲᠠ ᠪᠠ ᠡᠯᠡᠰᠦ ᠵᠢ ᠬᠣᠷᠢᠭ᠍ᠯᠠᠬᠤ ᠢᠨᠵᠧᠨᠧᠷᠢᠩ ᠢ᠋ ᠱᠢᠰᠲ᠋ᠧᠮ ᠲᠡᠶ ᠬᠡᠷᠡᠭ᠌ᠵᠢᠭᠦᠯᠵᠦ᠍᠂ 《ᠵᠠᠮ ᠤ᠋ᠨ ᠬᠠᠵᠠᠭᠤ ᠶ᠋ᠢᠨ ᠡᠯᠡᠰᠦ ᠵᠢ ᠬᠣᠷᠢᠭ᠍ᠯᠠᠬᠤ᠂ ᠵᠠᠮ ᠳᠠᠭᠠᠤ ᠨᠣᠭᠣᠭᠠᠷᠠᠭᠤᠯᠤᠯᠲᠠ ᠵᠢ ᠨᠡᠮᠡᠭ᠌ᠳᠡᠭᠦᠯᠬᠦ᠌᠂ ᠪᠥᠬᠥ᠌ ᠶᠠᠪᠤᠴᠠ ᠳ᠋ᠤ ᠬᠡᠷᠡᠭᠵᠢᠭᠦᠯᠬᠦ》 ᠠᠮᠢ ᠠᠬᠤᠶ ᠶ᠋ᠢᠨ ᠬᠠᠮᠠᠭᠠᠯᠠᠯᠲᠠ ᠶ᠋ᠢᠨ ᠱᠢᠰᠲ᠋ᠧᠮ ᠢ᠋ ᠪᠠᠢᠭᠤᠯᠤᠨ᠎ᠠ᠃ 《ᠬᠢᠯᠢ ᠳᠠᠭᠠᠤ》 ᠶ᠋ᠢᠨ ᠵᠠᠰᠠᠯᠲᠠ ᠵᠢ ᠴᠢᠩᠭᠠᠳᠭᠠᠵᠤ᠂ ᠳᠤᠮᠳᠠᠳᠤ ᠮᠣᠩᠭᠣᠯ ᠤ᠋ᠨ ᠬᠢᠯᠢ ᠶ᠋ᠢᠨ ᠱᠤᠭᠤᠮ ᠢ᠋ ᠰᠠᠢᠲᠤᠷ ᠰᠠᠬᠢᠬᠤ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠬᠢᠭᠡᠳ ᠱᠢᠨ᠎ᠡ ᠡᠨᠧᠷᠭᠢ ᠵᠡᠷᠭᠡ ᠠᠵᠤ ᠦᠶ᠋ᠯᠡᠰ ᠤ᠋ᠨ ᠲᠥᠷᠥᠯ ᠵᠦᠶ᠋ᠯ ᠢ᠋ ᠨᠢᠭᠡ ᠴᠤᠭᠴᠠᠵᠢᠭᠤᠯᠤᠨ ᠪᠠᠢᠷᠢᠰᠢᠭᠤᠯᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠵᠢ ᠰᠠᠢᠵᠢᠷᠠᠭᠤᠯᠬᠤ᠂ ᠠᠵᠤ ᠦᠶ᠋ᠯᠡᠰ ᠢ᠋ ᠬᠥᠭ᠌ᠵᠢᠭᠦᠯᠬᠦ᠌ ᠬᠢᠭᠡᠳ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠬᠦ᠌ ᠵᠢ ᠬᠠᠮᠵᠢᠯᠴᠠᠭᠤᠯᠤᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠪᠡᠶᠡᠯᠡᠭᠦᠯᠦᠨ᠎ᠡ᠃
ᠬᠣᠶᠠᠷ᠂ 《ᠤᠳᠤ ᠦᠶ᠎ᠡ ᠶ᠋ᠢᠨ ᠡᠨᠧᠷᠭᠢ ᠶ᠋ᠢᠨ ᠠᠵᠤ ᠠᠬᠤᠢ》 ᠶ᠋ᠢᠨ ᠠᠵᠢᠯ ᠢ᠋ ᠰᠠᠢᠲᠤᠷ ᠬᠢᠵᠦ᠍᠂ ᠱᠢᠨ᠎ᠡ ᠡᠨᠧᠷᠭᠢ ᠵᠢ ᠨᠡᠭᠡᠭᠡᠨ ᠠᠱᠢᠭ᠍ᠯᠠᠬᠤ ᠲᠠᠯ᠎ᠠ ᠪᠡᠷ ᠶᠡᠬᠡ ᠲᠠᠪᠠᠯᠳᠠ ᠵᠢ ᠪᠡᠶᠡᠯᠡᠭᠦᠯᠬᠦ᠌ ᠪᠡᠷ ᠴᠢᠷᠮᠠᠢᠨ᠎ᠠ᠃ ᠤᠯᠤᠰ ᠤ᠋ᠨ ᠪᠠᠢᠯᠳᠤᠬᠤ ᠪᠣᠳᠣᠯᠭ᠎ᠠ ᠶ᠋ᠢᠨ ᠳᠠᠪᠬᠤᠴᠠᠯ ᠬᠦᠴᠦᠨ ᠤᠯᠭᠤᠬᠤ ᠠᠵᠠ ᠲᠣᠬᠢᠶᠠᠯ ᠢ᠋ ᠵᠠᠪᠳᠤᠨ ᠠᠳᠭᠤᠵᠤ᠂ ᠳ᠋ᠦᠩᠱᠢᠭᠤᠷ ᠬᠢᠯᠦᠸᠠᠲ ᠤ᠋ᠨ ᠲᠠᠰ ᠤ᠋ᠨ ᠱᠢᠨ᠎ᠡ ᠡᠨᠧᠷᠭᠢ ᠶ᠋ᠢᠨ ᠲᠣᠮᠣ ᠰᠠᠭᠤᠷᠢᠨ ᠪᠠ ᠣᠷᠣᠨ ᠪᠦᠰᠡ ᠶ᠋ᠢᠨ ᠥᠪᠡᠰᠦᠪᠡᠨ ᠬᠡᠷᠡᠭ᠌ᠯᠡᠵᠦ᠍ ᠱᠢᠩᠭᠡᠭᠡᠬᠦ᠌᠂ ᠪᠣᠬᠢᠷᠲᠤᠯ ᠥᠬᠡᠶ ᠴᠠᠬᠢᠯᠭᠠᠨ ᠢ᠋ ᠱᠢᠭᠤᠳ ᠨᠡᠪᠲᠡᠷᠡᠭᠦᠯᠬᠦ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠥᠲᠥᠭᠡᠨ ᠪᠠᠢᠭᠤᠯᠬᠤ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ 《ᠲᠠᠪᠤᠨ ᠠᠵᠢᠯᠯᠠᠭ᠎ᠠ》 ᠵᠢ ᠶᠡᠬᠡ ᠪᠡᠷ ᠬᠡᠷᠡᠭ᠌ᠵᠢᠭᠦᠯᠵᠦ᠍᠂ ᠱᠢᠨ᠎ᠡ ᠡᠨᠧᠷᠭᠢ ᠵᠢ ᠲᠤᠯᠭᠠᠭᠤᠷᠢᠯᠠᠬᠤ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ᠂ ᠪᠠᠲᠤᠯᠠᠭ᠎ᠠ ᠶ᠋ᠢᠨ ᠴᠢᠨᠠᠷᠲᠠᠶ ᠠᠵᠤ ᠦᠶ᠋ᠯᠡᠰ ᠪᠣᠯᠭᠠᠨ ᠲᠦᠷᠭᠡᠳᠭᠡᠨ ᠪᠠᠢᠭᠤᠯᠤᠨ᠎ᠠ᠃ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠡ ᠵᠢ ᠥᠷᠭᠡᠳᠭᠡᠬᠦ᠌ ᠠᠵᠢᠯᠯᠠᠭ᠎ᠠ ᠵᠢ ᠬᠡᠷᠡᠭ᠌ᠵᠢᠭᠦᠯᠵᠦ᠍᠂ ᠬᠤᠸᠠ ᠳ᠋ᠢᠶᠠᠨ ᠲᠩᠷᠢ ᠡᠯᠡᠰᠦᠨ ᠤ᠋ ᠮᠢᠩᠭᠠᠨ ᠲᠦᠮᠡᠨ ᠬᠢᠯᠦᠸᠠᠲ ᠤ᠋ᠨ ᠲᠠᠰ ᠤ᠋ᠨ ᠲᠣᠮᠣ ᠰᠠᠭᠤᠷᠢᠨ ᠢ᠋ ᠪᠠᠢᠭᠤᠯᠵᠤ᠂ 《ᠤᠮᠠᠷᠠᠲᠤ ᠶ᠋ᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ ᠤ᠋ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠢᠨᠵᠧᠨᠧᠷᠢᠩ ᠢ᠋ ᠴᠢᠨᠠᠷ ᠰᠠᠢᠲᠠᠶ ᠪᠡᠶᠡᠯᠡᠭᠦᠯᠵᠦ᠍᠂ ᠲᠠᠷᠠᠭᠠᠴᠢ ᠶ᠋ᠢᠨ 《ᠡᠯᠡᠰᠦᠨ ᠴᠦᠯ᠂ ᠭᠤᠪᠢ ᠨᠤᠳᠤᠭ᠂ ᠴᠦᠯᠯᠡᠷᠬᠡᠭ ᠭᠠᠵᠠᠷ》 ᠤ᠋ᠨ ᠲᠣᠮᠣ ᠰᠠᠭᠤᠷᠢᠨ ᠤ᠋ ᠡᠮᠦᠨᠡᠬᠢ ᠬᠤᠭᠤᠴᠠᠭᠠᠨ ᠤ᠋ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠡᠭᠦᠯᠴᠢ ᠪᠡᠷ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠡ ᠵᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠬᠦ᠌ ᠪᠡᠷ ᠴᠢᠷᠮᠠᠢᠨ᠎ᠠ᠃ ᠪᠠᠭ᠍ᠲᠠᠭᠠᠨ ᠱᠢᠩᠭᠡᠭᠡᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠵᠦ᠍᠂ ᠭᠤᠤᠯᠳᠠᠯᠭ᠎ᠠ ᠲᠠᠶ ᠠᠵᠤ ᠠᠬᠤᠢᠯᠠᠯ ᠤ᠋ᠨ ᠪᠤᠬᠢᠷᠳᠤᠯ ᠦᠭᠡᠢ ᠡᠨᠧᠷᠭᠢ ᠪᠡᠷ ᠣᠷᠣᠯᠠᠭᠤᠯᠬᠤ᠂ ᠬᠡᠯᠬᠢᠶ᠎ᠡ ᠵᠢ ᠤᠷᠲᠤᠳᠭᠠᠬᠤ ᠵᠢ ᠳᠡᠮᠵᠢᠵᠦ᠍᠂ ᠪᠤᠬᠢᠷᠳᠤᠯ ᠦᠭᠡᠢ ᠡᠨᠧᠷᠭᠢ + ᠬᠡᠲᠦ ᠬᠠᠲᠠᠭᠤ ᠱᠢᠨ᠎ᠡ ᠮᠠᠲ᠋ᠧᠷᠢᠶᠠᠯ᠂ ᠱᠢᠯ ᠱᠢᠷᠬᠡᠭ᠂ ᠮᠠᠭ᠍ᠨᠢ ᠶ᠋ᠢᠨ ᠰᠠᠭᠤᠷᠢ ᠬᠠᠢᠯᠤᠰᠢ ᠵᠡᠷᠭᠡ ᠪᠣᠬᠢᠷᠲᠤᠯ ᠥᠬᠡᠶ ᠡᠨᠧᠷᠭᠢ ᠵᠠᠷᠤᠴᠠᠭᠤᠯᠬᠤ ᠠᠵᠤ ᠦᠶ᠋ᠯᠡᠰ ᠢ᠋ ᠣᠷᠣᠭᠤᠯᠤᠨ ᠠᠪᠴᠢᠷᠠᠬᠤ ᠪᠠ ᠪᠣᠢᠵᠢᠭᠤᠯᠬᠤ ᠵᠢ ᠲᠦᠷᠭᠡᠳᠭᠡᠵᠦ᠍᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠦᠶ᠋ᠯᠡᠳᠪᠦᠷᠢ ᠪᠠ ᠵᠢᠵᠢᠭ ᠪᠠᠯᠭᠠᠰᠤ ᠵᠢ ᠪᠦᠳᠦᠬᠡᠨ ᠪᠠᠢᠭᠤᠯᠤᠨ᠎ᠠ᠃ ᠱᠢᠨ᠎ᠡ ᠬᠡᠯᠪᠡᠷᠢ ᠶ᠋ᠢᠨ ᠡᠨᠧᠷᠭᠢ ᠨᠦᠬᠡᠴᠡᠯᠡᠬᠦ ᠪᠦᠲᠦᠭᠡᠨ ᠪᠠᠢᠭᠤᠯᠤᠯᠲᠠ ᠶ᠋ᠢᠨ ᠠᠵᠢᠯᠯᠠᠭ᠎ᠠ ᠵᠢ ᠬᠡᠷᠡᠭ᠌ᠵᠢᠭᠦᠯᠵᠦ᠍᠂ ᠴᠠᠬᠢᠯᠭᠠᠨ ᠬᠢᠮᠢ ᠶ᠋ᠢᠨ ᠤᠬᠠᠭᠠᠨ᠂ ᠪᠦᠷᠢᠨ ᠸᠠᠨᠠᠳᠢ ᠶ᠋ᠢᠨ ᠱᠢᠩᠭᠡᠨ ᠤᠷᠤᠰᠬᠠᠯ᠂ ᠠᠪᠴᠢᠮᠠᠯ ᠠᠭᠠᠷ ᠵᠡᠷᠭᠡ ᠣᠯᠠᠨ ᠵᠦᠢᠯ ᠤ᠋ᠨ ᠡᠨ᠋ᠸᠷᠬᠢ ᠨᠦᠬᠡᠴᠡᠯᠡᠬᠦ ᠮᠡᠷᠭᠡᠵᠢᠯ ᠢ᠋ ᠣᠷᠣᠭᠤᠯᠤᠨ ᠠᠪᠴᠢᠷᠠᠵᠤ ᠪᠣᠢᠵᠢᠭᠤᠯᠤᠨ᠂ ᠪᠠᠢᠷᠢᠱᠢᠯ ᠵᠦᠢ ᠵᠣᠬᠢᠰᠲᠠᠢ᠂ ᠣᠯᠠᠨ ᠡᠨᠧᠷᠭᠢ ᠬᠠᠷᠢᠯᠴᠠᠨ ᠨᠥᠬᠥᠪᠥᠷᠢᠯᠡᠭ᠌ᠰᠡᠨ᠂ ᠥᠨᠳᠥᠷ ᠪᠦᠲᠦᠮᠵᠢᠲᠡᠢ ᠬᠠᠮᠵᠢᠯᠴᠠᠭ᠍ᠰᠠᠨ ᠡᠨᠧᠷᠭᠢ ᠨᠦᠭᠡᠴᠡᠯᠡᠬᠦ ᠱᠢᠰᠲ᠋ᠧᠮ ᠢ᠋ ᠪᠠᠢᠭᠤᠯᠤᠨ᠎ᠠ᠃ ᠴᠠᠬᠢᠯᠭᠠᠨ ᠲᠤᠤᠷ ᠤ᠋ᠨ ᠪᠦᠷᠢᠯᠳᠦᠴᠡ ᠵᠢ ᠳᠡᠰ ᠳᠡᠪᠱᠢᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠵᠦ᠍᠂ 500 ᠺᠢᠯᠦᠸᠠᠲ ᠶ᠋ᠢᠡᠷ ᠭᠤᠤᠯ ᠪᠣᠯᠭᠠᠭ᠍ᠰᠠᠨ᠂ 220 ᠺᠢᠯᠦᠸᠠᠲ ᠶ᠋ᠢᠡᠷ ᠲᠤᠯᠭᠠᠭᠤᠷᠢ ᠪᠤᠯᠭᠠᠭᠰᠠᠨ ᠨᠢᠭᠡ ᠪᠦᠯᠦᠭ ᠴᠠᠬᠢᠯᠭᠠᠨ ᠬᠤᠪᠢᠰᠭᠠᠬᠤ ᠢᠨᠵᠧᠨᠧᠷᠢᠩ ᠢ᠋ ᠪᠦᠲᠦᠭᠡᠨ ᠪᠠᠢᠭᠤᠯᠵᠤ᠂ ᠴᠠᠬᠢᠯᠭᠠᠨ ᠲᠤᠤᠷ ᠤ᠋ᠨ ᠬᠦᠯᠢᠶᠡᠨ ᠠᠪᠴᠤ᠌ ᠲᠣᠬᠢᠷᠠᠭᠤᠯᠬᠤ ᠪᠠ ᠲᠣᠬᠢᠷᠠᠭᠤᠯᠤᠨ ᠡᠵᠡᠮᠳᠡᠬᠦ᠌ ᠴᠢᠳᠠᠪᠤᠷᠢ ᠵᠢ ᠪᠦᠬᠦ᠌ ᠲᠠᠯ᠎ᠠ ᠪᠡᠷ ᠳᠡᠭᠡᠭ᠌ᠰᠢᠯᠡᠭᠦᠯᠦᠨᠡ᠃ ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠪᠣᠢᠵᠢᠭᠤᠯᠬᠤ ᠠᠵᠢᠯᠯᠠᠭ᠎ᠠ ᠵᠢ ᠬᠡᠷᠡᠭ᠌ᠵᠢᠭᠦᠯᠵᠦ᠍᠂ ᠱᠢᠨ᠎ᠡ ᠡᠨᠧᠷᠭᠢ ᠶ᠋ᠢᠨ ᠵᠠᠩᠭᠢᠯᠠᠭ᠎ᠠ ᠶ᠋ᠢᠨ ᠮᠠᠲ᠋ᠧᠷᠢᠶᠠᠯ᠂ ᠲᠣᠨᠣᠭ᠍ᠯᠠᠯ ᠦᠢᠯᠡᠳᠬᠦ᠌᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠵᠢᠴᠢ ᠪᠤᠬᠢᠷᠳᠤᠯ ᠦᠭᠡᠢ ᠴᠠᠬᠢᠯᠭᠠᠨ ᠶ᠋ᠢᠡᠷ ᠤᠰᠤᠲᠥ᠋ᠷᠥᠭ᠌ᠴᠢ ᠱᠢᠪᠲᠦᠷ ᠠᠯᠺᠣᠣᠯ ᠦᠢᠯᠡᠳᠬᠦ᠌ ᠵᠡᠷᠭᠡ ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠬᠥᠭ᠌ᠵᠢᠭᠦᠯᠵᠦ᠍᠂ ᠠᠭᠤᠰᠤᠯᠴᠠᠵᠤ ᠬᠠᠷᠢᠯᠴᠠᠨ ᠠᠬᠢᠭᠤᠯᠤᠯᠴᠭ᠍ᠰᠠᠨ᠂ ᠪᠣᠬᠢᠷᠲᠤᠯ ᠦᠭᠡᠢ ᠬᠠᠮᠵᠢᠯᠴᠠᠭ᠍ᠰᠠᠨ ᠠᠵᠤ ᠦᠢᠯᠡᠰ ᠤ᠋ᠨ ᠠᠮᠢ ᠠᠬᠤᠢ ᠵᠢ ᠪᠠᠢᠭᠤᠯᠤᠨ᠎ᠠ᠃
ᠭᠤᠷᠪᠠ᠂《ᠬᠡᠯᠪᠡᠷᠢ ᠪᠡᠨ ᠬᠤᠪᠢᠷᠠᠭᠤᠯᠤᠨ ᠳᠡᠰ ᠳᠡᠪᠱᠢᠭᠦᠯᠬᠦ ᠶᠠᠰᠤ ᠴᠢᠨᠠᠷ ᠢ᠋ ᠳᠡᠭᠡᠭ᠌ᠰᠢᠯᠡᠭᠦᠯᠬᠦ᠌》 ᠵᠢᠨ ᠲᠣᠭᠣᠷᠢᠨ ᠳ᠋ᠤ᠌ ᠲᠥᠪᠯᠡᠷᠡᠭᠦᠯᠦᠨ ᠪᠣᠭᠣᠮᠲᠠ ᠱᠢᠪᠲᠤᠯᠵᠤ᠂ ᠣᠨᠴᠠᠯᠢᠭ᠍ᠲᠤ ᠠᠵᠤ ᠦᠢᠯᠡᠰ ᠢ᠋ ᠱᠢᠯᠢᠳᠡᠭ᠌ᠵᠢᠭᠦᠯᠬᠦ᠌ ᠲᠠᠯ᠎ᠠ ᠪᠠᠷ ᠱᠢᠨ᠎ᠡ ᠱᠢᠪᠲᠤᠯᠤᠯᠲᠠ ᠭᠠᠷᠭᠠᠬᠤ ᠪᠠᠷ ᠴᠢᠷᠮᠠᠢᠨᠡ᠃ ᠡᠬᠢ ᠪᠠᠶᠠᠯᠢᠭ ᠤ᠋ᠨ ᠳᠠᠪᠠᠭᠤᠯᠢᠭ ᠪᠠ ᠠᠵᠤ ᠦᠶ᠋ᠯᠡᠰ ᠤ᠋ᠨ ᠰᠠᠭᠤᠷᠢ ᠳ᠋ᠤ᠌ ᠰᠠᠭᠤᠷᠢᠯᠠᠨ ᠲᠥᠷᠥᠯ ᠵᠦᠶ᠋ᠯ ᠢ᠋ ᠶᠡᠬᠡ ᠪᠡᠷ ᠠᠳᠭᠤᠵᠤ᠂ ᠪᠠᠯᠠ ᠣᠷᠣᠭᠤᠯᠤᠯᠲᠠ ᠢ᠋ᠢ ᠰᠠᠢᠳᠤᠷ ᠠᠳᠭᠤᠨ᠂ ᠠᠷᠠᠯᠵᠢᠶᠠᠴᠢᠨ ᠤᠷᠢᠬᠤ ᠢ᠋ᠢ ᠴᠢᠨᠭᠭ᠎ᠠ ᠠᠳᠭᠤᠵᠤ᠂ ᠠᠵᠤ ᠦᠶ᠋ᠯᠡᠰ ᠤ᠋ᠨ ᠬᠥᠭ᠌ᠵᠢᠯᠲᠡ ᠢ᠋ᠢ ᠦᠷᠭᠦᠯᠵᠢᠯᠡᠨ ᠥᠷᠲᠡᠭ ᠤ᠋ᠨ ᠬᠡᠯᠬᠢᠶ᠎ᠡ ᠢ᠋ᠢᠨ ᠳᠡᠭᠡᠳᠦ ᠲᠠᠰ ᠲᠡᠢᠰᠢ ᠲᠠᠪᠰᠢᠬᠤ ᠢ᠋ᠢ ᠠᠬᠢᠭᠤᠯᠤᠨ᠎ᠡ᠃ ᠴᠢᠨᠠᠷ ᠰᠠᠢᠲᠠᠶ ᠳᠡᠭᠡᠳᠦ ᠲᠠᠰ ᠤ᠋ᠨ ᠣᠨᠴᠠᠯᠢᠠᠠᠳᠦ ᠮᠠᠯ ᠠᠵᠤ ᠠᠬᠤᠶ ᠲᠠᠷᠢᠶᠠᠯᠠᠨᠭ᠌ ᠢ᠋ ᠶᠡᠬᠡ ᠪᠡᠷ ᠬᠥᠭ᠌ᠵᠢᠭᠦᠯᠵᠦ᠍᠂ ᠲᠠᠭᠠᠭᠤᠯᠤᠭᠴᠢ ᠵᠢ ᠪᠣᠢᠵᠢᠭᠤᠯᠬᠤ᠂ ᠪᠠᠷᠢᠮᠵᠢᠶᠠᠵᠢᠭᠤᠯᠤᠨ ᠪᠥᠲᠥᠭᠡᠨ ᠪᠠᠢᠭᠤᠯᠬᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠣᠭᠣᠮᠲᠠ ᠱᠢᠪᠲᠤᠯᠬᠤ᠂ ᠨᠠᠷᠠᠲᠤ ᠲᠥᠷᠥᠯ ᠲᠡᠮᠳᠡᠭ᠌ ᠢ᠋ ᠴᠤᠭᠴᠠᠯᠠᠬᠤ᠂ ᠬᠡᠪᠴᠢᠶᠡᠵᠢᠭᠦᠯᠵᠤ ᠭᠡᠯᠬᠢᠶᠡᠵᠢᠬᠦᠯᠬᠦ᠌ ᠮᠠᠶᠢᠭ ᠢ᠋ᠢᠡᠷ ᠴᠦᠯᠯᠡᠷᠬᠡᠭ᠌ᠵᠢᠭ᠌ᠰᠡᠨ ᠭᠠᠵᠠᠷ ᠨᠤᠳᠤᠭ ᠤ᠋ᠨ ᠴᠠᠭᠠᠨ ᠭᠣᠶᠣᠣ᠂ ᠲᠡᠮᠡᠭᠡᠨ ᠤ᠋ ᠠᠰᠢᠭ ᠰᠢᠮ᠎ᠠ ᠵᠡᠷᠭᠡ ᠣᠨᠴᠠᠯᠢᠠᠠᠳᠦ ᠡᠬᠢ ᠪᠠᠶᠠᠯᠢᠭ ᠢ᠋ ᠨᠡᠭᠡᠭᠡᠨ ᠬᠥᠭ᠌ᠵᠢᠭᠦᠯᠬᠦ᠌ ᠢ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠪᠥᠬᠥ᠌ ᠤᠯᠤᠰ ᠤ᠋ᠨ ᠣᠲᠣ ᠦᠶ᠎ᠡ ᠢ᠋ᠢᠨ ᠠᠮᠢ ᠠᠬᠤᠶ ᠢ᠋ᠢᠨ ᠡᠯᠡᠰᠦᠨ ᠤ᠋ ᠠᠵᠤ ᠦᠶ᠋ᠯᠡᠰ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠪᠠ ᠲᠡᠮᠡᠭᠡᠨ ᠤ᠋ ᠠᠵᠤ ᠦᠶ᠋ᠯᠡᠰ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠢ᠋ᠢ ᠠᠬᠢᠭᠤᠯᠤᠨ᠎ᠡ᠃ ᠬᠢᠮᠢ ᠢ᠋ᠢᠨ ᠠᠵᠤ ᠦᠶ᠋ᠯᠡᠳᠪᠦᠷᠢ ᠢ᠋ᠢᠨ ᠠᠵᠤ ᠦᠶ᠋ᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠲᠡᠪᠰᠢᠬᠦ ᠢ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ ᠢ᠋ᠢᠨ ᠬᠥᠲᠥᠯᠥᠨ ᠳᠠᠭᠠᠭᠤᠯᠬᠤ ᠬᠥᠱᠢᠭᠦᠷᠭᠡ ᠢ᠋ᠢᠨ ᠦᠶ᠋ᠯᠡᠳᠦᠯ ᠢ᠋ ᠨᠠᠩ ᠰᠠᠢᠲᠤᠷ ᠪᠠᠳᠠᠷᠠᠭᠤᠯᠤᠨ᠂ ᠪᠣᠬᠢᠷᠲᠤᠯ ᠥᠬᠡᠶ ᠴᠠᠬᠢᠯᠭᠠᠨ ᠭᠠᠷᠭᠠᠬᠤ ᠪᠡᠷ ᠡᠨᠧᠷᠭᠢ ᠣᠯᠭᠣᠬᠤ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠢ᠋ᠢ ᠴᠢᠩᠭᠠᠷᠠᠭᠤᠯᠵᠤ᠂ ᠬᠡᠯᠬᠢᠶ᠎ᠡ ᠢ᠋ᠢ ᠤᠷᠳᠤᠳᠬᠠᠨ ᠬᠡᠯᠬᠢᠶ᠎ᠡ ᠢ᠋ᠢ ᠨᠥᠬᠥᠪᠥᠷᠢᠯᠡᠵᠦ᠍ ᠬᠡᠯᠬᠢᠶ᠎ᠡ ᠢ᠋ᠢ ᠬᠦᠴᠦᠷᠬᠡᠭ᠌ᠵᠢᠭᠦᠯᠬᠦ᠌ ᠢ᠋ᠢ ᠲᠦᠷᠭᠡᠳᠭᠡᠨ᠂ ᠳᠠᠪᠤᠰᠤᠨ ᠤ᠋ ᠬᠢᠮᠢ ᠢ᠋ᠢᠨ ᠠᠵᠤ ᠦᠶ᠋ᠯᠡᠳᠪᠦᠷᠢ᠂ ᠪᠠᠢᠭᠠᠯᠢ ᠢ᠋ᠢᠨ ᠬᠤᠵᠢᠷ ᠤ᠋ᠨ ᠬᠢᠮᠢ ᠢ᠋ᠢᠨ ᠠᠵᠤ ᠦᠶ᠋ᠯᠡᠳᠪᠦᠷᠢ᠂ ᠱᠢᠨ᠎ᠡ ᠬᠡᠯᠪᠡᠷᠢ ᠢ᠋ᠢᠨ ᠨᠡᠭᠦᠷᠡᠰᠦ ᠬᠢᠮᠢ ᠢ᠋ᠢᠨ ᠠᠵᠤ ᠦᠶ᠋ᠯᠡᠳᠪᠦᠷᠢ᠂ ᠨᠠᠷᠢᠯᠢᠭ ᠬᠢᠮᠢ ᠢ᠋ᠢᠨ ᠠᠵᠤ ᠦᠶ᠋ᠯᠡᠳᠪᠦᠷᠢ᠂ ᠹᠯᠣᠷ ᠤ᠋ᠨ ᠬᠢᠮᠢ ᠢ᠋ᠢᠨ ᠠᠵᠤ ᠦᠶ᠋ᠯᠡᠳᠪᠦᠷᠢ ᠢ᠋ᠢᠨ 5 ᠵᠠᠭᠤᠨ ᠳ᠋ᠦᠩᠱᠢᠭᠤᠷ ᠲᠠᠰ ᠤ᠋ᠨ ᠣᠳᠣᠬᠢᠴᠢᠯᠠᠭ᠍ᠰᠠᠨ ᠠᠵᠤ ᠦᠶ᠋ᠯᠡᠳᠪᠦᠷᠢ ᠢ᠋ᠢᠨ ᠠᠵᠤ ᠦᠶ᠋ᠯᠡᠰ ᠤ᠋ᠨ ᠪᠦᠯᠦᠭᠵᠢᠯ ᠢ᠋ ᠪᠣᠶ ᠪᠣᠯᠭᠠᠵᠤ᠂ ᠠᠵᠤ ᠦᠶ᠋ᠯᠡᠰ ᠤ᠋ᠨ ᠦᠶ᠋ᠯᠡᠳᠬᠦᠨ ᠤ᠋ 《ᠪᠣᠬᠢᠷᠲᠤᠯ ᠥᠬᠡᠶ ᠵᠢᠨ ᠬᠡᠮᠵᠢᠶ᠎ᠡ》᠂ 《ᠱᠢᠨ᠎ᠡ ᠢ᠋ᠢ ᠡᠬᠦᠳᠬᠦ ᠠᠭᠤᠯᠤᠭ᠍ᠳᠠᠴᠠ》 ᠢ᠋ᠢ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ 《1 ᠮᠢᠩᠭᠠᠨ ᠳ᠋ᠦᠩᠱᠢᠭᠤᠷ᠂ 3 ᠵᠠᠭᠤᠨ ᠳ᠋ᠦᠩᠱᠢᠭᠤᠷ》 ᠤ᠋ᠨ ᠬᠦᠷᠢᠶᠡᠯᠡᠩ ᠲᠣᠭᠣᠷᠢᠭ ᠢ᠋ ᠪᠦᠲᠦᠭᠡᠨ ᠪᠠᠢᠭᠤᠯᠬᠤ ᠢ᠋ᠢ ᠠᠬᠢᠭᠤᠯᠬᠤ ᠪᠠᠷ ᠬᠠᠷᠠᠯᠲᠠ ᠪᠣᠯᠭᠠᠨ᠂ ᠴᠢᠨᠠᠷ ᠰᠠᠢᠲᠠᠶ ᠡᠬᠢ ᠪᠠᠶᠠᠯᠢᠭ ᠤ᠋ᠨ ᠴᠢᠬᠤᠯᠠ ᠬᠦᠴᠦᠨ ᠵᠦᠢᠯ ᠢ᠋ ᠲᠥᠪᠯᠡᠷᠡᠬᠦᠯᠬᠦ ᠢ᠋ᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤ᠋ᠨ ᠬᠥᠭ᠌ᠵᠢᠯᠲᠡ ᠢ᠋ᠢᠨ ᠴᠢᠳᠠᠪᠤᠷᠢ ᠳᠡᠰ ᠢ᠋ ᠲᠠᠰᠤᠷᠠᠯᠲᠠ ᠤᠢ᠍ᠭᠡᠢ ᠲᠡᠭᠡᠭᠰᠢᠯᠡᠬᠦᠯᠦᠨ᠎ᠡ᠃ ᠣᠲᠣ ᠦᠶ᠎ᠡ ᠢ᠋ᠢᠨ ᠦᠶ᠋ᠯᠡᠴᠢᠯᠡᠭᠡᠨ ᠤ᠋ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠢᠳᠡᠪᠬᠢᠲᠡᠶ ᠠᠬᠢᠭᠤᠯᠵᠤ᠂ 《ᠰᠣᠶᠣᠯ ᠵᠢᠭᠤᠯᠴᠢᠯᠠᠯ +》 ᠠᠵᠢᠯ ᠢ᠋ ᠪᠥᠬᠥ᠌ ᠬᠦᠴᠦᠨ ᠢ᠋ᠢᠡᠷ ᠢ᠋ᠢᠡᠨ ᠰᠠᠢᠲᠤᠷ ᠬᠢᠵᠤ᠂ ᠦᠵᠡᠮᠵᠢ ᠢ᠋ᠢᠨ ᠣᠷᠣᠨᠪᠤᠯᠤᠨ ᠬᠤᠳᠡ ᠵᠢᠨ ᠬᠣᠯᠪᠣᠭᠠᠯᠠᠨ ᠬᠥᠳᠡᠯᠦᠯᠴᠡᠬᠦ᠌ ᠬᠢᠭᠡᠳ ᠤᠷᠤᠯᠳᠤᠭᠠᠨ ᠢ᠋ᠢᠡᠷ ᠬᠠᠯᠠᠮᠰᠢᠯ ᠢ᠋ ᠬᠥᠲᠥᠯᠥᠨ ᠳᠠᠭᠠᠭᠤᠯᠬᠤ ᠢ᠋ᠢ ᠴᠢᠩᠭᠠᠳᠬᠠᠵᠤ᠂ ᠦᠵᠡᠮᠵᠢ ᠢ᠋ᠢᠨ ᠣᠷᠣᠨ ᠤ᠋ ᠴᠢᠳᠠᠮᠵᠢ ᠢ᠋ᠢᠨ ᠴᠢᠨᠠᠷ ᠴᠢᠨᠰᠠᠭ᠎ᠠ ᠢ᠋ᠢ ᠲᠡᠭᠦᠯᠳᠡᠷᠵᠢᠭᠦᠯᠦᠨ ᠳᠡᠭᠡᠭ᠌ᠰᠢᠯᠡᠭᠦᠯᠵᠦ᠍᠂ ᠰᠣᠶᠣᠯ ᠵᠢᠭᠤᠯᠴᠢᠯᠠᠯ ᠤ᠋ᠨ ᠡᠵᠡᠩᠨᠡᠯᠲᠡ ᠢ᠋ᠢᠨ ᠪᠠᠢᠳᠠᠯ ᠢ᠋ ᠱᠢᠰᠲ᠋ᠧᠮ ᠲᠠᠢ ᠳᠠᠬᠢᠨ ᠪᠠᠢᠭᠤᠯᠵᠤ᠂ 《ᠠᠷᠪᠡᠨ ᠲᠠᠪᠤᠳᠤᠭᠠᠷ ᠲᠠᠪᠤᠨ》 ᠵᠢᠯ ᠤ᠋ᠨ ᠬᠤᠭᠤᠴᠠᠭᠠᠨ ᠳ᠋ᠤ᠌ ᠵᠢᠭᠤᠯᠴᠢᠯᠠᠭᠰᠠᠳ ᠢ᠋ ᠭᠥᠯᠢᠶᠡᠨ ᠠᠪᠬᠤ ᠲᠤᠭ᠎ᠠ ᠪᠤᠯᠤᠨ ᠵᠢᠭᠤᠯᠴᠢᠯᠠᠯ ᠤ᠋ᠨ ᠣᠷᠣᠯᠭ᠎ᠠ ᠢ᠋ᠢ 《ᠬᠤᠤᠰ ᠳᠠᠬᠢᠨ ᠢ᠋ᠢᠡᠷ ᠨᠡᠮᠡᠭ᠌ᠳᠡᠭᠦᠯᠬᠦ᠌》 ᠪᠡᠷ ᠴᠢᠷᠮᠠᠢᠨ᠎ᠠ᠃ 《ᠬᠤᠤᠰ ᠬᠢᠯᠢ ᠵᠢᠨ ᠪᠣᠭᠣᠮᠲᠠ》 ᠢ᠋ᠢᠨ ᠬᠣᠯᠪᠣᠭᠠᠯᠠᠨ ᠬᠥᠭ᠌ᠵᠢᠬᠦ᠌ ᠪᠠᠢᠷᠢᠱᠢᠯ ᠢ᠋ ᠲᠦᠷᠭᠡᠳᠭᠡᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠡᠬᠦᠯᠴᠢ ᠢ᠋ᠢᠨ ᠬᠤᠭᠤᠴᠠᠭ᠎ᠠ ᠪᠤᠯᠬᠤ ᠳ᠋ᠤ᠌ ᠴᠡᠭᠡ ᠬᠢᠯᠢ ᠵᠢᠨ ᠪᠣᠭᠣᠮᠲᠠ ᠢ᠋ᠢᠨ ᠪᠠᠷᠠᠭ᠎ᠠ ᠥᠩᠭᠡᠷᠡᠭᠦᠯᠬᠦ᠌ ᠬᠡᠮᠵᠢᠶ᠎ᠡ ᠢ᠋ᠢ 3500 ᠲᠦᠮᠡᠨ ᠲᠣᠨ ᠢ᠋ ᠲᠠᠪᠠᠭᠤᠯᠵᠤ᠂ ᠥᠯᠵᠡᠶ ᠬᠢᠯᠢ ᠵᠢᠨ ᠪᠣᠭᠣᠮᠲᠠ ᠢ᠋ᠢᠨ ᠪᠠᠷᠠᠭ᠎ᠠ ᠦᠨᠭᠬᠡᠷᠡᠬᠦᠯᠬᠦ ᠬᠡᠮᠵᠢᠶ᠎ᠡ ᠢ᠋ᠢ 2000 ᠲᠦᠮᠡᠨ ᠲᠣᠨ ᠢ᠋ ᠳᠠᠪᠠᠭᠤᠯᠬᠤ ᠪᠠᠷ ᠴᠢᠷᠮᠠᠢᠨ᠎ᠠ᠃ ᠬᠢᠯᠢ ᠵᠢᠨ ᠪᠣᠭᠣᠮᠲᠠ᠂ ᠨᠡᠪᠲᠡᠷᠡᠯ ᠵᠠᠮ ᠪᠣᠯᠤᠨ ᠡᠬᠢ ᠪᠠᠶᠠᠯᠢᠭ ᠤ᠋ᠨ ᠬᠠᠷᠢᠴᠠᠨᠭᠭᠤᠢ ᠳᠠᠪᠠᠭᠤᠯᠢᠭ ᠲᠦ᠍ ᠲᠦᠱᠢᠭ᠌ᠯᠡᠨ 3 ᠮᠢᠩᠭᠠᠨ ᠲᠦᠮᠡᠨ ᠲᠣᠨ ᠤ᠋ ᠲᠠᠰ ᠤ᠋ᠨ ᠨᠡᠭᠦᠷᠡᠰᠦ ᠨᠥᠭᠡᠴᠡᠯᠡᠵᠦ᠍ ᠲᠣᠬᠢᠷᠠᠭᠤᠯᠬᠤ ᠠᠷᠠᠯᠵᠢᠶᠠᠨ ᠤ᠋ ᠰᠠᠭᠤᠷᠢᠨ ᠢ᠋ ᠪᠦᠳᠦᠬᠡᠨ ᠪᠠᠢᠭᠤᠯᠬᠤ ᠢ᠋ᠢ ᠠᠬᠢᠭᠤᠯᠵᠤ᠂ ᠣᠲᠣ ᠦᠶ᠎ᠡ ᠢ᠋ᠢᠨ ᠪᠠᠷᠠᠭᠠᠨ ᠤ᠋ ᠭᠦᠶ᠋ᠯᠭᠡᠭᠡ᠂ ᠱᠢᠨ᠎ᠡ ᠡᠨᠧᠷᠭᠢ ᠢ᠋ᠢᠨ ᠲᠡᠭᠡᠭᠡᠪᠦᠷᠢ ᠬᠠᠮᠠᠭᠠᠯᠠᠯᠲᠠ᠂ ᠬᠤᠳᠠᠯᠳᠤᠭᠠᠨ ᠤ᠋ ᠰᠠᠨᠰᠠᠷ ᠤ᠋ᠨ ᠠᠶᠠᠯᠠᠯ᠂ ᠤᠢᠷ᠎ᠡ ᠤᠭᠳᠠᠷᠭᠤᠢ ᠢ᠋ᠢᠨ ᠠᠵᠤ ᠠᠬᠤᠶ ᠵᠡᠷᠭᠡ ᠬᠥᠭ᠌ᠵᠢᠯᠲᠡ ᠢ᠋ᠢᠨ ᠱᠢᠨ᠎ᠡ ᠣᠷᠣᠨ ᠵᠠᠶ ᠢ᠋ᠢ ᠨᠡᠭᠡᠭᠡᠨ᠎ᠡ᠃
ᠳᠥᠷᠪᠡ᠂ 《ᠳᠤᠲᠠᠭᠤᠳᠠᠯ ᠢ᠋ᠢᠡᠨ ᠨᠥᠬᠥᠪᠥᠷᠢᠯᠡᠵᠦ᠍ ᠪᠠᠭᠤᠷᠠᠶ ᠲᠠᠯ᠎ᠠ ᠪᠠᠨ ᠴᠢᠩᠭᠠᠳᠬᠠᠨ ᠦᠷ᠎ᠡ ᠠᠱᠢᠭ ᠢ᠋ ᠨᠡᠮᠡᠭ᠌ᠳᠡᠭᠦᠯᠬᠦ᠌》 ᠱᠢᠰᠲ᠋ᠧᠮᠳᠤ ᠠᠷᠭ᠎ᠠ ᠪᠣᠳᠣᠯᠭ᠎ᠠ ᠬᠡᠷᠡᠭ᠌ᠵᠢᠭᠦᠯᠬᠦ ᠵᠢᠨ ᠲᠤᠭᠤᠷᠢᠨ ᠳ᠋ᠤ ᠪᠠᠲᠤᠯᠠᠭ᠎ᠠ ᠲᠤᠯᠭᠠᠭᠤᠷᠢᠯᠠᠯ ᠢ᠋ ᠴᠢᠩᠭᠠᠳᠬᠠᠬᠤ ᠲᠠᠯ᠎ᠠ ᠪᠠᠷ ᠱᠢᠨ᠎ᠡ ᠳᠠᠪᠠᠭᠤᠯᠢᠭ ᠢ᠋ ᠪᠣᠶ ᠪᠣᠯᠭᠠᠬᠤ ᠪᠠᠷ ᠴᠢᠷᠮᠠᠢᠨ᠎ᠠ᠃ 《ᠵᠥᠭᠡᠯᠡᠨ ᠬᠠᠲᠠᠭᠤ ᠣᠷᠴᠢᠨ ᠲᠣᠭᠣᠷᠢᠨ》 ᠢ᠋ ᠱᠢᠯᠢᠳᠡᠭ᠌ᠵᠢᠭᠦᠯᠬᠦ᠌ ᠬᠤᠤᠰ ᠴᠢᠭ᠌ᠯᠡᠯ ᠢ᠋ᠢᠡᠷ ᠬᠦᠴᠦᠯᠡᠬᠦ᠌ ᠢ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ ᠢ᠋ᠢᠨ ᠲᠤᠯᠭᠠᠭᠤᠷᠢᠯᠠᠯ ᠪᠠ ᠪᠠᠲᠤᠯᠠᠭ᠎ᠠ ᠢ᠋ᠢ ᠪᠥᠬᠥ᠌ ᠲᠠᠯ᠎ᠠ ᠪᠠᠷ ᠪᠡᠬᠢᠵᠢᠭᠦᠯᠦᠨ᠎ᠡ᠃ ᠴᠢᠳᠠᠪᠤᠷᠢᠲᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠤᠯᠭᠠᠭᠤᠷᠢᠯᠠᠯ ᠢ᠋ ᠴᠢᠩᠭᠠᠳᠭᠠᠵᠤ᠂ ᠭᠤᠤᠯᠳᠠᠯᠭ᠎ᠠ ᠲᠠᠢ ᠠᠵᠢᠯ ᠢ᠋ ᠰᠠᠢᠳᠤᠷ ᠬᠢᠬᠦ ᠢ᠋ᠢ ᠪᠠᠷᠢᠮᠲᠠᠯᠠᠨ᠂ ᠪᠠᠴᠢᠮ ᠬᠡᠷᠡᠭᠴᠡᠬᠡ ᠲᠠᠢ ᠳᠤᠲᠠᠭ᠍ᠳᠠᠵᠤ ᠪᠠᠢᠭ᠎ᠠ ᠬᠦᠷᠢᠶ᠎ᠡ ᠴᠠᠷᠠᠭ᠎ᠠ ᠪᠠ ᠱᠢᠨ᠎ᠡ ᠡᠨᠧᠷᠭᠢ᠂ ᠠᠮᠢ ᠠᠬᠤᠶ ᠢ᠋ᠢᠨ ᠵᠠᠰᠠᠯᠲᠠ᠂ ᠤᠳᠤ ᠦᠶ᠎ᠡ ᠢ᠋ᠢᠨ ᠬᠢᠮᠢ ᠢ᠋ᠢᠨ ᠠᠵᠤ ᠦᠶ᠋ᠯᠡᠳᠪᠦᠷᠢ᠂ ᠤᠨᠴᠠᠯᠢᠬ᠍ᠳᠤ ᠮᠠᠯ ᠠᠵᠤ ᠠᠬᠤᠶ ᠲᠠᠷᠢᠶᠠᠯᠠᠨᠭ᠌ ᠵᠡᠷᠭᠡ ᠭᠤᠤᠯᠳᠠᠯᠭ᠎ᠠ ᠲᠠᠶ ᠠᠵᠢᠯ ᠲᠥᠷᠥᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠨᠠᠩ ᠶᠡᠬᠡ ᠬᠦᠴᠦᠨ ᠢ᠋ᠢᠡᠷ ᠴᠢᠳᠠᠪᠤᠷᠢᠲᠠᠨ ᠢ᠋ ᠣᠷᠣᠭᠤᠯᠤᠨ ᠠᠪᠴᠢᠷᠠᠵᠤ ᠴᠢᠳᠠᠪᠤᠷᠢᠲᠠᠨ ᠢ᠋ ᠦᠯᠡᠳᠡᠭᠡᠨ ᠴᠢᠳᠠᠪᠤᠷᠢᠲᠠᠨ ᠢ᠋ ᠬᠡᠷᠡᠭ᠌ᠯᠡᠵᠦ᠍᠂ ᠨᠠᠩ ᠶᠡᠬᠡ ᠡᠷᠴᠢᠮ ᠢ᠋ᠢᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠪᠠ ᠦᠷ᠎ᠡ ᠪᠦᠲᠦᠭᠡᠯ ᠢ᠋ ᠤᠨᠳᠤᠤᠰᠢᠭᠤᠯᠬᠤ ᠢ᠋ᠢ ᠠᠬᠢᠭᠤᠯᠵᠤ᠂ ᠭᠠᠵᠠᠷ ᠣᠷᠣᠨ ᠤ᠋ ᠪᠠᠢᠳᠠᠯ ᠳ᠋ᠠᠭᠠᠨ ᠳᠣᠭᠢᠷᠠᠭᠤᠯᠤᠨ ᠨᠠᠩ ᠣᠯᠠᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠤᠨᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠲᠡᠷᠢᠭᠦᠨ ᠤ᠋ ᠪᠠᠷᠢᠮᠵᠢᠶ᠎ᠠ ᠪᠠᠷ ᠪᠠᠷᠢᠮᠵᠢᠶᠠᠯᠠᠨ᠂ ᠥᠭᠡᠷᠡᠴᠢᠯᠡᠯᠲᠡ ᠬᠢᠵᠦ᠍ ᠱᠢᠨ᠎ᠡ ᠢ᠋ᠢ ᠡᠭᠦᠳᠬᠦ᠌ ᠢ᠋ᠢ ᠭᠦᠨᠵᠡᠭᠡᠢᠷᠡᠭᠦᠯᠵᠦ᠍᠂ ᠪᠠᠢᠭᠤᠯᠤᠮᠵᠢ ᠲᠣᠭ᠍ᠲᠠᠴᠠ ᠢ᠋ᠢ ᠲᠡᠭᠦᠯᠳᠡᠷᠵᠢᠭᠦᠯᠦᠨ᠂ ᠲᠦᠭ᠌ᠵᠢᠷᠡᠯ ᠴᠡᠭ ᠢ᠋ ᠨᠡᠪᠲᠡᠷᠡᠭᠦᠯᠵᠦ᠍᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠢ᠋ᠢᠨ ᠠᠮᠢᠵᠢᠷᠠᠯ ᠤ᠋ᠨ ᠬᠦᠴᠦᠨ ᠪᠠ ᠨᠡᠢᠭᠡᠮ ᠤ᠋ᠨ ᠪᠦᠲᠦᠭᠡᠯᠴᠢ ᠬᠦᠴᠦᠨ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠬᠥᠭ᠌ᠵᠢᠭᠡᠨᠡ᠃ 《ᠠᠶᠠᠨ ᠵᠠᠮ ᠤᠰᠤᠨ ᠤ᠋ ᠡᠬᠢ ᠪᠠᠶᠠᠯᠢᠭ》 ᠤ᠋ᠨ ᠪᠣᠭᠣᠮᠢ ᠢ᠋ᠢ ᠬᠦᠴᠦᠯᠡᠨ ᠰᠢᠪᠳᠤᠯᠵᠤ᠂ ᠠᠶᠠᠨᠴᠢᠳ ᠤ᠋ᠨ ᠵᠦᠬᠡᠬᠡᠪᠤᠷᠢ ᠪᠠ ᠪᠠᠷᠠᠭᠠᠨ ᠤ᠋ ᠲᠡᠭᠡᠭᠡᠪᠦᠷᠢ ᠢ᠋ᠢᠨ ᠲᠡᠮᠦᠷ ᠵᠠᠮ᠂ ᠳᠡᠭᠡᠳᠦ ᠳᠡᠰ ᠤ᠋ᠨ ᠵᠠᠰᠠᠮᠠᠯ ᠵᠠᠮ᠂ ᠠᠭᠠᠷ ᠤ᠋ᠨ ᠠᠶᠠᠯᠠᠯ ᠤ᠋ᠨ ᠨᠢᠰᠭᠡᠯ ᠤ᠋ᠨ ᠪᠠᠭᠤᠳᠠᠯ ᠵᠡᠷᠭᠡ ᠨᠢᠭᠡ ᠪᠦᠯᠦᠭ ᠴᠢᠬᠤᠯᠠ ᠶᠡᠬᠡ 《ᠲᠡᠮᠦᠷ ᠵᠠᠮ ᠵᠠᠰᠠᠮᠠᠯ ᠵᠠᠮ ᠠᠭᠠᠷ ᠤ᠋ᠨ ᠠᠶᠠᠯᠠᠯ》 ᠤ᠋ᠨ ᠲᠦᠷᠦᠯ ᠵᠦᠢᠯ ᠢ᠋ ᠲᠥᠯᠥᠪᠵᠢᠭᠦᠯᠦᠨ ᠠᠬᠢᠭᠤᠯᠵᠤ᠂ ᠳᠣᠲᠣᠭᠠᠳᠤ ᠭᠠᠳᠠᠭᠠᠳᠤ ᠢ᠋ᠢ ᠬᠣᠯᠪᠣᠭ᠍ᠰᠠᠨ᠂ ᠬᠤᠲᠠ ᠬᠥᠳᠡᠭᠡ ᠢ᠋ᠢ ᠨᠥᠯᠥᠭᠡᠯᠡᠭ᠌ᠰᠡᠨ ᠪᠣᠰᠣᠭ᠎ᠠ ᠴᠣᠭ᠍ᠴᠠᠲᠤ ᠣᠳᠣᠬᠢᠴᠢᠯᠠᠭ᠍ᠰᠠᠨ ᠵᠠᠮ ᠬᠠᠷᠢᠯᠴᠠᠭᠠᠨ ᠤ᠋ ᠲᠣᠣᠷ ᠢ᠋ ᠪᠠᠢᠭᠤᠯᠤᠨ᠎ᠠ; 《ᠤᠰᠤᠨ ᠤ᠋ ᠬᠡᠮᠵᠢᠶ᠎ᠡ ᠪᠡᠷ ᠲᠦᠷᠪᠡ ᠢ᠋ᠢ ᠲᠤᠭᠳᠠᠭᠠᠬᠤ》 ᠱᠠᠭᠠᠷᠳᠠᠯᠭ᠎ᠠ ᠢ᠋ᠢ ᠴᠢᠩᠭ᠎ᠠ ᠨᠠᠢᠳᠠᠪᠤᠷᠢᠵᠢᠭᠤᠯᠬᠤ᠂ ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠢᠨᠵᠧᠨᠧᠷᠢᠩ ᠢ᠋ ᠦᠷᠭᠦᠯᠵᠢᠯᠡᠨ ᠬᠡᠷᠡᠭ᠌ᠵᠢᠭᠦᠯᠵᠦ᠍᠂ ᠡᠯ᠎ᠡ ᠬᠦᠷᠢᠶ᠎ᠡ ᠬᠡᠪᠴᠢᠶᠡᠨ ᠳ᠋ᠡᠬᠢ ᠤᠰᠤ ᠠᠷᠪᠢᠯᠠᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠪᠦᠬᠦ᠌ ᠲᠠᠯ᠎ᠠ ᠪᠠᠷ ᠠᠬᠢᠭᠤᠯᠤᠨ᠂ ᠮᠣᠵᠢ ᠣᠷᠣᠨ ᠠᠯᠤᠰᠯᠠᠭ᠍ᠰᠠᠨ ᠪᠠ ᠠᠢᠮᠠᠭ ᠤ᠋ᠨ ᠳᠣᠲᠣᠷᠠᠬᠢ ᠠᠵᠤ ᠠᠬᠤᠢᠯᠠᠯ ᠤ᠋ᠨ ᠤᠰᠤᠨ ᠤ᠋ ᠡᠷᠬᠡ ᠢ᠋ᠢᠨ ᠠᠷᠠᠯᠵᠢᠶ᠎ᠠ ᠢ᠋ᠢ ᠭᠦᠨᠵᠡᠭᠡᠢᠷᠡᠭᠦᠯᠦᠨ ᠥᠷᠭᠡᠳᠭᠡᠵᠦ᠍᠂ 《ᠨᠡᠬᠡᠬᠡᠬᠦ ᠪᠠ ᠠᠷᠪᠢᠯᠠᠬᠤ》 ᠪᠠᠷ ᠳᠠᠮᠵᠢᠨ ᠤᠰᠤᠨ ᠤ᠋ ᠡᠬᠢ ᠪᠠᠶᠠᠯᠢᠭ ᠤ᠋ᠨ ᠪᠠᠲᠤᠯᠠᠭ᠎ᠠ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠦᠨᠡ᠃
ᠲᠠᠪᠤ᠂ ᠬᠠᠮᠲᠤ ᠪᠠᠷ ᠪᠠᠶᠠᠵᠢᠬᠤ ᠢ᠋ᠢ ᠠᠬᠢᠭᠤᠯᠬᠤ ᠪᠡᠷ ᠵᠢᠳᠬᠦᠨ ᠴᠢᠷᠮᠠᠢᠵᠤ᠂ ᠠᠷᠠᠳ ᠤ᠋ᠨ ᠠᠮᠢᠳᠤᠷᠠᠯ ᠤ᠋ᠨ ᠴᠢᠨᠠᠷ ᠴᠢᠨᠰᠠᠭ᠎ᠠ ᠢ᠋ᠢ ᠳᠡᠭᠡᠭ᠌ᠰᠢᠯᠡᠭᠦᠯᠬᠦ᠌ ᠲᠠᠯ᠎ᠠ ᠪᠠᠷ ᠰᠢᠨ᠎ᠠ ᠠᠬᠢᠴᠠ ᠭᠠᠷᠭᠠᠬᠤ ᠪᠡᠷ ᠴᠢᠷᠮᠠᠢᠨ᠎ᠠ᠃ ᠠᠷᠠᠳ ᠲᠦᠮᠡᠨ ᠢ᠋ᠢᠡᠷ ᠭᠤᠤᠯ ᠪᠣᠯᠭᠠᠬᠤ ᠬᠥᠭ᠌ᠵᠢᠯᠲᠡ ᠢ᠋ᠢᠨ ᠦᠵᠡᠯ ᠰᠠᠨᠠᠭ᠎ᠠ ᠢ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠪᠦᠬᠦ ᠬᠦᠴᠦ ᠪᠡᠷ ᠢ᠋ᠢᠡᠨ ᠴᠢᠷᠮᠠᠢᠬᠤ ᠮᠦᠷᠳᠡᠬᠡᠨ ᠴᠢᠳᠠᠯ ᠤ᠋ᠨ ᠢ᠋ᠢᠡᠨ ᠬᠢᠷᠢ ᠪᠡᠷ ᠬᠢᠬᠦ ᠢ᠋ᠢ ᠪᠠᠷᠢᠮᠳᠠᠯᠠᠨ᠂ ᠠᠷᠠᠳ ᠤ᠋ᠨ ᠠᠮᠢᠳᠤᠷᠠᠯ ᠳ᠋ᠠᠬᠢ ᠣᠷᠣᠭᠤᠯᠤᠯᠲᠠ ᠢ᠋ᠢ ᠨᠡᠮᠡᠭ᠌ᠳᠡᠭᠦᠯᠵᠦ᠍᠂ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠢ᠋ ᠰᠠᠢᠳᠤᠷ ᠬᠦᠢᠴᠡᠳᠬᠡᠨ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠦᠨᠡ᠃ ᠣᠷᠣᠯᠭ᠎ᠠ ᠢ᠋ᠢᠨ ᠨᠡᠮᠡᠭ᠌ᠳᠡᠯ ᠢ᠋ ᠬᠦᠴᠦᠯᠡᠨ ᠠᠬᠢᠭᠤᠯᠵᠤ᠂ 《ᠨᠡᠮᠡᠭ᠌ᠳᠡᠯ ᠤ᠋ᠨ ᠬᠤᠷᠳᠤᠴᠠ ᠵᠢ ᠳᠡᠭᠡᠭ᠌ᠰᠢᠯᠡᠭᠦᠯᠬᠦ᠌᠂ ᠪᠦᠲᠦᠴᠡ ᠵᠢ ᠱᠢᠯᠢᠳᠡᠭ᠌ᠵᠢᠭᠦᠯᠬᠦ᠌᠂ ᠵᠥᠷᠢᠶ᠎ᠡ ᠵᠢ ᠪᠠᠭᠠᠰᠭᠠᠬᠤ》 ᠳ᠋ᠤ᠌ ᠠᠩᠬᠠᠷᠤᠯ ᠢ᠋ᠢᠡᠨ ᠲᠥᠪᠯᠡᠷᠡᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ᠌ ᠬᠥᠮᠦᠨ ᠳᠤᠮᠳᠠᠴᠢ ᠢ᠋ᠢᠨ ᠤᠷᠤᠨ ᠨᠤᠳᠤᠭ ᠤ᠋ᠨ ᠦᠢᠯᠡᠳᠪᠦᠷᠢᠯᠡᠯ ᠤ᠋ᠨ ᠶᠡᠷᠦᠩᠬᠡᠶ ᠥᠷᠲᠡᠭ ᠪᠣᠯᠤᠨ ᠮᠠᠯᠴᠢᠨ ᠲᠠᠷᠢᠶᠠᠴᠢᠨ ᠤ᠋ ᠣᠷᠣᠯᠭ᠎ᠠ ᠢ᠋ᠢ ᠪᠦᠬᠦ᠌ ᠣᠷᠣᠨ ᠤ᠋ ᠡᠮᠦᠨ᠎ᠡ ᠡᠩᠨᠡᠭᠡᠨ ᠳ᠋ᠤ ᠲᠣᠭ᠍ᠲᠠᠭᠤᠨ ᠪᠠᠢᠯᠭᠠᠵᠤ᠂ ᠬᠣᠲᠠ ᠪᠠᠯᠭᠠᠰᠤ ᠢ᠋ᠢᠨ ᠰᠠᠭᠤᠭᠠᠯᠢ ᠠᠷᠠᠳ ᠤ᠋ᠨ ᠣᠷᠣᠯᠭ᠎ᠠ ᠢ᠋ᠢ ᠪᠦᠬᠦ᠌ ᠣᠷᠣᠨ ᠤ᠋ ᠡᠮᠦᠨ᠎ᠡ ᠡᠩᠨᠡᠭᠡᠨ ᠳ᠋ᠤ ᠣᠷᠣᠭᠤᠯᠬᠤ ᠪᠠᠷ ᠴᠢᠷᠮᠠᠢᠨ᠎ᠠ᠃ ᠬᠠᠩᠭᠠᠯᠭ᠎ᠠ ᠢ᠋ᠢ ᠬᠦᠴᠦᠯᠡᠨ ᠰᠢᠯᠢᠳᠡᠭᠵᠢᠬᠦᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤ᠋ᠨ ᠠᠰᠠᠷᠠᠮᠵᠢ ᠵᠡᠷᠭᠡ ᠠᠷᠠᠳ ᠤ᠋ᠨ ᠠᠮᠢᠳᠤᠷᠠᠯ ᠤ᠋ᠨ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠬᠥᠭ᠌ᠵᠢᠭᠦᠯᠬᠦ᠌ ᠢ᠋ᠢ ᠦᠷᠭᠦᠯᠵᠢᠯᠡᠨ ᠠᠬᠢᠭᠤᠯᠵᠤ᠂ ᠲᠠᠰ ᠳᠠᠪᠬᠤᠷᠭ᠎ᠠ ᠲᠥᠷᠥᠯ ᠵᠤᠢᠯ ᠬᠤᠪᠢᠶᠠᠨ ᠨᠡᠢᠭᠡᠮ ᠤ᠋ᠨ ᠠᠪᠤᠷᠠᠨ ᠲᠤᠰᠠᠯᠠᠬᠤ ᠱᠢᠰᠲ᠋ᠧᠮ ᠢ᠋ ᠪᠦᠷᠢᠨᠱᠢᠭᠦᠯᠵᠦ᠍ ᠂ ᠣᠯᠠᠨ ᠲᠦᠮᠡᠨ ᠳ᠋ᠤ ᠬᠤᠪᠢᠷᠠᠯᠲᠠ ᠢ᠋ᠢ ᠦᠨᠡᠨ ᠬᠦ᠌ ᠮᠡᠳᠡᠷᠡᠭᠦᠯᠤᠨ ᠪᠣᠳᠠᠲᠤ ᠦᠷ᠎ᠡ ᠠᠱᠢᠭ ᠬᠦᠷᠲᠡᠭᠡᠨ᠎ᠡ᠃ ᠶᠠᠰᠤ ᠴᠢᠨᠠᠷ ᠢ᠋ ᠬᠦᠴᠦᠯᠡᠨ ᠳᠡᠭᠡᠭ᠌ᠰᠢᠯᠡᠭᠦᠯᠵᠦ᠍᠂ ᠬᠥᠮᠦᠨ ᠢ᠋ᠢᠡᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ ᠢ᠋ᠢᠨ ᠬᠣᠲᠠ ᠪᠠᠯᠭᠠᠰᠣᠵᠢᠯᠳᠡ ᠢ᠋ᠢᠨ ᠪᠦᠲᠦᠭᠡᠨ ᠪᠠᠢᠭᠤᠯᠤᠯᠲᠠ ᠢ᠋ᠢ ᠶᠡᠬᠡ ᠪᠡᠷ ᠠᠬᠢᠭᠤᠯᠵᠤ᠂ ᠲᠥᠯᠥᠪᠵᠢᠭᠦᠯᠭᠡᠪᠡᠷ ᠬᠥᠲᠥᠯᠥᠨ ᠳᠠᠭᠠᠭᠤᠯᠬᠤ ᠪᠠ ᠠᠵᠤ ᠦᠢᠯᠡᠰ ᠪᠠ ᠬᠣᠲᠠ ᠢ᠋ᠢᠨ ᠠᠭᠤᠰᠤᠯᠴᠠᠯ ᠢ᠋ ᠪᠠᠷᠢᠮᠲᠠᠯᠠᠨ᠂ ᠬᠣᠲᠠ ᠪᠠᠯᠭᠠᠰᠤ ᠢ᠋ᠢᠨ ᠴᠢᠳᠠᠮᠵᠢ ᠢ᠋ᠢ ᠲᠡᠭᠦᠯᠳᠡᠷᠵᠢᠭᠦᠯᠵᠤ᠂ ᠣᠶᠤᠨᠴᠢᠯᠠᠭ᠍ᠰᠠᠨ ᠨᠠᠷᠢᠯᠢᠭ᠍ᠵᠢᠭᠤᠯᠤᠭ᠍ᠰᠠᠨ ᠬᠠᠮᠢᠶᠠᠷᠤᠯᠲᠠ ᠢ᠋ᠢ ᠴᠢᠩᠭᠠᠳᠭᠠᠨ᠂ 《ᠵᠢᠵᠢᠭ ᠮᠥᠷᠲᠡᠭᠡᠨ ᠤᠬᠢ᠂ ᠵᠢᠵᠢᠭ ᠮᠥᠷᠲᠡᠭᠡᠨ ᠭᠤᠶᠤ᠂ ᠵᠢᠵᠢᠭ ᠮᠥᠷᠲᠡᠭᠡᠨ ᠪᠠᠶᠠᠨ》 ᠣᠳᠣᠬᠢᠴᠢᠯᠠᠭ᠍ᠰᠠᠨ ᠵᠤᠭ᠎ᠠ ᠰᠡᠯᠡᠭᠦᠴᠡᠯ ᠤ᠋ᠨ ᠬᠣᠲᠠ ᠢ᠋ᠢ ᠴᠢᠷᠮᠠᠢᠨ ᠪᠦᠳᠦᠬᠡᠨ ᠪᠠᠢᠭᠤᠯᠤᠨ᠎ᠠ ᠭᠡᠵᠦ᠍ ᠬᠡᠯᠡᠪᠡ᠃