ᠪᠦᠦ ᠭᠠᠩ ᠬᠤᠷᠠᠯ ᠢ ᠡᠷᠬᠢᠯᠡᠵᠡᠢ
12 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ ᠢ ᠡᠷᠬᠢᠯᠡᠨ ᠬᠤᠷᠠᠯᠳᠤᠭᠤᠯᠪᠠ᠃
ᠬᠤᠷᠠᠯ᠎ᠡᠴᠠ ᠶᠡᠷᠦᠩᠬᠡᠢ ᠱᠦᠵᠢ ᠰᠢ ᠵᠢᠨ ᠫᠢᠩ᠎ᠦᠨ ᠨᠠᠰᠤᠨ᠎ᠳᠤ ᠦᠯᠦ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ ᠵᠢᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦ᠎ᠵᠢ ᠪᠣᠢᠵᠢᠭᠤᠯᠵᠤ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ ᠂ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ ᠢ ᠰᠠᠢᠲᠤᠷ ᠬᠡᠷᠡᠭ᠌ᠵᠢᠭᠦᠯᠵᠦ᠍᠂ ᠶᠡᠬᠡ ᠳᠡᠭᠡᠳᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ ᠦᠨ ᠠᠵᠢᠯ ᠢ ᠭᠦᠨᠵᠡᠭᠡᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠦᠨ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍ ᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠪᠠ ᠬᠠᠤᠯᠢ᠎ᠡᠴᠡ ᠵᠥᠷᠢᠴᠡᠨ ᠶᠠᠯ᠎ᠠ ᠬᠢᠬᠦ᠌᠎ᠶ᠋ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠰᠠᠢ᠌ᠨ ᠰᠠᠢᠬᠠᠨ ᠨᠡᠢᠭᠡᠮ᠎ᠦᠨ ᠣᠷᠴᠢᠨ ᠨᠦᠬᠦᠴᠡᠯ ᠢ ᠪᠤᠢ ᠪᠣᠯᠭᠠᠵᠤ ᠦᠭᠬᠦ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ᠎ᠢ ᠰᠡᠷᠭᠡᠢᠯᠡᠬᠦ᠌ ᠲᠠᠷᠢᠯᠭ᠎ᠠ᠎ᠶ᠋ᠢᠨ ᠬᠡᠪ᠎ᠦᠨ ᠪᠤᠰᠤ ᠢᠯᠡᠷᠡᠯᠳ᠋ᠤ ᠨᠥᠬᠥᠪᠥᠷᠢ ᠥᠭ᠌ᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ ᠪᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠢᠵᠢ ᠪᠦᠷᠢᠳᠦᠭᠦᠯᠬᠦ᠌ ᠰᠦᠶ᠋ᠳᠭᠡᠯ᠎ᠢ ᠲᠠᠲᠠᠪᠤᠷᠢᠯᠠᠬᠤ ᠪᠠ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠠᠷᠭ᠎ᠠ》 ᠶ᠋ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠡᠴᠡ 《ᠬᠣᠷᠢᠨᠭᠡᠷ᠎ᠤᠨ ᠳ᠋ᠠᠢᠲ᠋ᠠ᠎ᠶ᠋ᠢᠨ ᠲᠥᠪ᠎ᠦᠨ ᠪᠦᠯᠦᠭ᠌ᠵᠢᠯ᠎ᠦᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠦᠨ ᠤᠷᠢᠳ᠎ᠢᠶᠠᠷ ᠬᠡᠷᠡᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠲᠤᠭᠤᠷᠢᠭ᠎ᠢ ᠪᠠᠢᠭᠤᠯᠬᠤ᠎ᠶ᠋ᠢ ᠳᠡᠮᠵᠢᠬᠦ᠌ ᠲᠤᠬᠠᠢ ᠬᠡᠷᠡᠭ᠌ᠵᠢᠭᠦᠯᠬᠦ᠌ ᠰᠠᠨᠠᠯ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠯᠪᠠᠨ ᠬᠡᠷᠡᠭ᠌ᠯᠡᠭᠡᠨ᠎ᠦ ᠬᠡᠷ ᠪᠠᠢᠱᠢᠩ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠶᠠᠪᠤᠳᠠᠯ᠎ᠳᠤ ᠬᠡᠷᠡᠭ᠌ᠯᠡᠬᠦ᠌ ᠲᠡᠷᠭᠡ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ》 ᠶ᠋ᠢ ᠰᠤᠳᠤᠯᠪᠠ᠃
ᠬᠤᠷᠠᠯ᠎ᠡᠴᠡ ᠢᠳᠡᠭᠡᠨ᠎ᠦ ᠠᠮᠤᠷ ᠲᠦᠪᠱᠢᠨ ᠪᠠ ᠶᠠᠰᠤ ᠴᠢᠨᠠᠷ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢ ᠬᠠᠮᠠᠭᠠᠯᠠᠬᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 《ᠳᠥᠷᠪᠡᠨ ᠬᠠᠮᠤᠭ᠎ᠤᠨ ᠴᠢᠩᠭ᠎ᠠ》 ᠴᠢᠬᠤᠯᠠ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠢᠳᠡᠭᠡᠨ᠎ᠦ ᠪᠠᠢᠴᠠᠭᠠᠨ ᠱᠢᠯᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶ᠋ᠢᠨ ᠬᠣᠷᠢᠶ᠎ᠠ᠂ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶ᠋ᠢᠨ ᠬᠦᠷᠢᠶᠡᠯᠡᠩ ᠵᠡᠷᠭᠡ ᠵᠢᠨ ᠬᠣᠭᠣᠯᠠᠨ ᠬᠡᠷ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠣᠯᠠᠨ ᠲᠦᠮᠡᠨ᠎ᠦ 《ᠢᠳᠡᠭᠡᠨ᠎ᠤ ᠠᠮᠤᠷ ᠲᠦᠪᠱᠢᠨ》 ᠢ᠋ ᠡᠷᠡᠰ ᠬᠠᠮᠠᠭᠠᠯᠠᠬᠤ ᠬᠡᠷᠡᠭ᠌ᠲᠡᠶ; ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢ ᠬᠠᠤᠯᠢ ᠶᠣᠰᠣᠭᠠᠷ ᠴᠢᠩᠭᠠᠳᠭᠠᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ ᠶ᠋ᠢ ᠬᠦᠨᠳᠦᠳᠭᠡᠬᠦ᠌᠂ ᠬᠠᠮᠠᠭᠠᠯᠠᠬᠤ ᠰᠠᠢ᠌ᠨ ᠰᠠᠢᠬᠠᠨ ᠠᠭᠤᠷ ᠠᠮᠢᠰᠭᠤᠯ ᠪᠠ ᠲᠥᠪ ᠭᠣᠣᠯᠴᠢ ᠡᠮᠬᠢ ᠵᠢᠷᠤᠮ ᠲᠠᠶ ᠵᠠᠬ᠎ᠠ ᠳᠡᠯᠭᠡᠭᠦᠷ ᠦᠨ ᠥᠷᠢᠰᠥᠯᠳᠦᠬᠦ ᠣᠷᠴᠢᠨ ᠨᠥᠬᠥᠴᠡᠯ ᠢ ᠪᠤᠢ ᠪᠣᠯᠭᠠᠬᠤ ᠬᠡᠷᠡᠭᠲᠡᠢ ᠭᠡᠵᠦ᠍ ᠱᠠᠭᠠᠷᠳᠠᠪᠠ᠃
ᠬᠤᠷᠠᠯ᠎ᠡᠴᠡ ᠪᠠᠰᠠ ᠪᠤᠰᠤᠳ ᠵᠦᠢᠯ ᠢ ᠰᠤᠳᠤᠯᠵᠠᠢ᠃