ᠪᠦᠬᠦ ᠤᠯᠤᠰ᠎ᠤᠨ ᠰᠣᠶᠣᠯ᠎ᠤᠨ ᠴᠢᠳᠠᠪᠤᠷᠢᠲᠠᠨ᠎ᠤ ᠠᠵᠢᠯ᠎ᠤᠨ ᠶᠠᠷᠢᠯᠴᠠᠬᠤ ᠬᠤᠷᠠᠯ ᠵᠢᠴᠢ ᠪᠦᠬᠦ ᠤᠯᠤᠰ᠎ᠤᠨ ᠤᠬᠠᠭᠤᠯᠭ᠎ᠠ ᠵᠢᠨ ᠰᠢᠰᠲᠧᠮ᠎ᠦᠨ ᠲᠡᠷᠢᠭᠦᠨ᠎ᠦ ᠬᠠᠮᠲᠤ ᠪᠣᠯᠣᠨ ᠲᠡᠷᠢᠭᠦᠨ᠎ᠦ ᠬᠤᠪᠢ ᠬᠥᠮᠥᠨ᠎ᠢ ᠬᠥᠬᠢᠭᠦᠯᠦᠨ ᠰᠠᠢᠰᠢᠶᠠᠬᠤ ᠶᠡᠬᠡ ᠬᠤᠷᠠᠯ 20᠎ᠤ᠋ ᠡᠳᠦᠷ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠭᠡᠰᠢᠭᠦᠨ᠂ ᠲᠥᠪ᠎ᠦᠨ ᠤᠬᠠᠭᠤᠯᠬᠤ ᠬᠡᠯᠲᠡᠰ ᠦᠨ ᠳᠠᠷᠤᠭ᠎ᠠ ᠯᠢ ᠱᠥ᠍ ᠯᠧᠢ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠰᠣᠶᠣᠯ᠎ᠤᠨ ᠴᠢᠳᠠᠪᠤᠷᠢᠲᠠᠨ᠎ᠤ ᠠᠵᠢᠯ᠎ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠨᠡᠢᠳᠡᠯᠡᠵᠤ᠂ ᠶᠠᠮᠠᠷ ᠶᠠᠩᠵᠤ ᠶᠢᠨ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠪᠠᠶ᠋ᠢᠭᠤᠯᠬᠤ᠂ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠬᠡᠷᠬᠢᠨ ᠪᠠᠶ᠋ᠢᠭᠤᠯᠬᠤ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠩᠭᠠᠪᠠ᠃ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ᠎ᠡᠴᠡ ᠴᠢᠳᠠᠪᠤᠷᠢᠲᠠᠨ᠎ᠢ ᠬᠠᠮᠢᠶᠠᠷᠬᠤ ᠳᠦᠷᠢᠮ᠎ᠦᠨ ᠳᠠᠪᠠᠭᠤᠯᠢᠭ᠋ ᠲᠠᠰᠤᠷᠠᠯᠳᠠ ᠦᠭᠡᠢ ᠢᠯᠡᠷᠠᠵᠤ᠂ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢᠨ ᠬᠡᠪ ᠴᠢᠨᠠᠷ ᠢᠯᠡᠷᠬᠡᠢ ᠳᠡᠭᠡᠭᠰᠢᠯᠡᠵᠦ᠂ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ ᠤᠯᠠᠮ ᠨᠢᠭᠡ ᠠᠯᠬᠤᠮ ᠴᠢᠩᠭᠠᠷᠠᠵᠤ᠂ ᠰᠣᠶᠣᠯ᠎ᠤᠨ ᠬᠦᠭᠵᠢᠯ ᠴᠡᠴᠡᠭᠯᠡᠯ᠎ᠢ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠴᠢᠳᠠᠪᠤᠷᠢᠲᠠᠨ᠎ᠤ ᠲᠤᠯᠭᠠᠭᠤᠷᠢᠯᠠᠯ᠎ᠢ ᠬᠠᠩᠭᠠᠵᠠᠢ ᠭᠡᠵᠤ ᠦᠵᠡᠵᠡᠭᠡᠪᠡ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠂ ᠰᠣᠶᠣᠯ᠎ᠤᠨ ᠡᠭᠦᠳᠦᠯᠲᠡ᠎ᠶᠢᠨ ᠭᠣᠣᠯ ᠨᠢ ᠬᠥᠮᠥᠨ᠎ᠳᠦ ᠪᠤᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠴᠢᠬᠤᠯᠠ ᠪᠠᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠡᠩᠨᠡᠭᠡ ᠵᠢ ᠪᠠᠶ᠋ᠢᠭᠤᠯᠬᠤ᠎ᠶᠢ ᠴᠢᠬᠤᠯᠠ ᠪᠥᠭᠡᠳ ᠪᠠᠴᠢᠮ ᠲᠤᠯᠭᠠᠮ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠭᠠᠵᠤ᠂ ᠬᠡᠪᠴᠢᠶ᠎ᠡ᠎ᠪᠡᠷ ᠠᠤᠭ᠎ᠠ ᠶᠡᠬᠡ᠂ ᠪᠦᠲᠦᠴᠡ ᠵᠣᠬᠢᠰᠲᠠᠢ᠂ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ ᠥᠨᠳᠥᠷ ᠲᠦᠪᠰᠢᠨ ᠪᠦᠬᠦᠢ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢ ᠪᠠᠶ᠋ᠢᠭᠤᠯᠬᠤ ᠬᠡᠷᠡᠭᠲᠡᠢ᠃ ᠦᠵᠦ ᠲᠥᠯᠥᠪᠯᠡᠭᠡ᠎ᠶᠢ ᠴᠢᠩᠭᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠶᠢᠨ ᠰᠢᠨ᠎ᠡ᠎ᠶᠢ ᠡᠭᠦᠳᠴᠦ᠂ ᠥᠨᠳᠥᠷ ᠲᠦᠪᠰᠢᠨ ᠪᠦᠬᠦᠢ ᠰᠣᠶᠣᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠢ ᠴᠢᠷᠮᠠᠢᠨ ᠬᠥᠮᠥᠵᠢᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠪᠠ ᠵᠠᠯᠠᠭᠤ ᠰᠣᠶᠣᠯ᠎ᠤᠨ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠵᠦ᠂ ᠤᠯᠠᠨ ᠲᠦᠮᠡᠨᠴᠢ ᠰᠢᠨ᠎ᠡ ᠤᠳᠬ᠎ᠠ ᠤᠷᠠᠯᠢᠭ᠋᠂ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠰᠣᠶᠣᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃ ᠰᠣᠶᠣᠯ᠎ᠤᠨ ᠬᠦᠷᠢᠶᠡᠨ ᠦ ᠣᠨᠴᠠᠯᠢᠭ᠋ ᠲᠤ ᠨᠡᠢᠴᠡᠭᠰᠡᠨ ᠴᠢᠳᠠᠪᠤᠷᠢᠲᠠᠨ ᠤ ᠠᠵᠢᠯ᠎ᠤᠨ ᠲᠣᠭᠲᠡᠴᠡ᠎ᠶᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠵᠦ ᠦᠷ᠎ᠡ ᠪᠦᠲᠦᠭᠡᠯ ᠭᠠᠷᠭᠠᠬᠤ᠎ᠳᠤ ᠠᠰᠢᠭ᠍ᠲᠠᠢ ᠰᠠᠢᠨ ᠰᠠᠢᠬᠠᠨ ᠣᠷᠴᠢᠨ ᠨᠥᠬᠥᠴᠡᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠢ ᠭᠡᠵᠦ ᠢᠯᠡᠳᠬᠡᠵᠡᠭᠡᠪᠡ᠃
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠳᠡᠳ᠋ ᠬᠣᠷᠢᠶᠠᠨ ᠳᠠᠷᠤᠭ᠎ᠠ ᠲᠢᠶᠸ ᠨᠢᠩ ᠬᠤᠷᠠᠯ᠎ᠢ ᠡᠷᠬᠢᠯᠡᠪᠡ᠃ ᠲᠦᠷᠦ᠎ᠶᠢᠨ ᠶᠠᠪᠤᠳᠠᠯ᠎ᠤᠨ ᠭᠡᠰᠢᠭᠦᠨ ᠱᠸᠨ ᠢ ᠴᠢᠨ ᠬᠤᠷᠠᠯ᠎ᠳᠤ ᠣᠷᠣᠯᠴᠠᠭᠰᠠᠨ ᠪᠥᠭᠡᠳ ᠬᠥᠬᠢᠭᠦᠯᠦᠨ ᠰᠠᠢᠰᠢᠶᠠᠬᠤ ᠲᠣᠭᠲᠠᠭᠠᠯ᠎ᠢ ᠤᠩᠰᠢᠨ ᠨᠡᠢᠲᠡᠯᠡᠪᠡ᠃ ᠲᠥᠪ᠎ᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠤᠬᠠᠭᠤᠯᠭ᠎ᠠ ᠰᠣᠶᠣᠯ᠎ᠤᠨ ᠨᠢᠭᠡᠴᠢ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠬᠠᠷᠢᠭᠤᠴᠠᠯᠭᠠᠲᠠᠨ ᠨᠥᠬᠥᠳ᠂ ᠬᠥᠬᠢᠭᠦᠯᠦᠭᠳᠡᠨ ᠰᠠᠢᠰᠢᠶᠠᠭᠳᠠᠭᠰᠠᠨ ᠲᠥᠯᠥᠭᠡᠯᠡᠭᠴᠢᠳ ᠬᠤᠷᠠᠯ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 12 ᠰᠠᠷ᠎ᠠ᠎ᠶᠢᠨ 20᠎ᠤ᠋ ᠴᠠᠬᠢᠯᠭᠠᠨ ᠮᠡᠳᠡᠭᠡ)