— ᠦᠪᠤᠷ ᠮᠤᠩᠭᠤᠯ ᠤ᠋ᠨ ᠬᠦᠳᠡᠬᠡ ᠲᠤᠰᠬᠤᠨ ᠢ᠋ ᠪᠦᠬᠦ ᠲᠠᠯ᠎ᠠ ᠪᠡᠷ ᠬᠦᠭᠵᠢᠬᠦᠯᠦᠨ ᠮᠠᠨᠳᠤᠭᠤᠯᠬᠤ ᠵᠢ ᠠᠬᠢᠭᠤᠯᠤᠭᠰᠠᠨ ᠦᠷ᠎ᠠ ᠪᠦᠳᠦᠮᠵᠢ ᠵᠢᠨ ᠲᠤᠬᠠᠢ ᠲᠠᠳᠠᠯᠠᠭ᠎ᠠ ①
ᠤᠯᠠᠭᠠᠨᠬᠠᠳᠠ ᠬᠤᠳᠠ ᠵᠢᠨ ᠬᠠᠷᠠᠴᠢᠨ ᠬᠤᠰᠢᠭᠤ ᠠᠵᠢᠯ ᠤᠯᠭᠤᠬᠤ ᠪᠡᠷ ᠳᠡᠳᠭᠦᠮᠵᠢ ᠵᠢ ᠤᠷᠤᠯᠠᠭᠤᠯᠬᠤ ᠵᠢ ᠶᠡᠬᠡ ᠪᠡᠷ ᠬᠡᠷᠡᠭᠵᠢᠬᠦᠯᠵᠤ᠂ ᠶᠠᠳᠠᠭᠤ ᠡᠴᠡ ᠠᠩᠬᠢᠵᠢᠷᠠᠭᠰᠠᠨ 560 ᠬᠦᠮᠦᠨ ᠢ᠋ ᠲᠤᠬᠠᠢ ᠵᠢᠨ ᠭᠠᠵᠠᠷ ᠤ᠋ᠨ ᠬᠢᠨᠢ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠪᠤᠯᠤᠨ 《ᠤᠮᠠᠷᠠᠳᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠵᠡᠷᠬᠡ ᠲᠦᠷᠦᠯ ᠵᠤᠢᠯ ᠳ᠋ᠤ ᠠᠵᠢᠯ ᠤᠯᠭᠤᠵᠤ᠂ ᠡᠨᠡ ᠵᠢᠯ ᠨᠡᠢᠳᠡ 510 ᠲᠦᠮᠡᠨ ᠲᠦᠬᠦᠷᠢᠭ ᠤ᠋ᠨ ᠬᠦᠳᠡᠯᠮᠤᠷᠢ ᠵᠢᠨ ᠬᠠᠷᠠᠮᠵᠢ ᠲᠠᠷᠬᠠᠭᠠᠨ᠂ ᠬᠦᠮᠦᠨ ᠲᠤᠮᠳᠠᠴᠢ ᠵᠢᠨ ᠤᠷᠤᠯᠭ᠎ᠠ ᠵᠢ ᠲᠦᠮᠡ ᠰᠢᠬᠠᠮ ᠲᠦᠬᠦᠷᠢᠭ ᠨᠡᠮᠡᠭᠳᠡᠬᠦᠯᠵᠠᠢ᠃
ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠪᠤᠯ ᠡᠯ᠎ᠠ ᠱᠠᠳᠤᠨ ᠤ᠋ ᠵᠠᠰᠠᠭ ᠤ᠋ᠨ ᠤᠷᠳᠤᠨ ᠡᠴᠡ ᠠᠷᠠᠳ ᠲᠦᠮᠡᠨ ᠢ᠋ ᠵᠣᠬᠢᠶᠠᠨ ᠪᠠᠢᠭᠤᠯᠤᠨ ᠪᠠᠷᠢᠯᠭ᠎ᠠ ᠶ᠋ᠢᠨ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠳ᠋ᠤ ᠣᠷᠣᠯᠴᠠᠭᠤᠯᠵᠤ ᠬᠥᠳᠡᠯᠮᠦᠷᠢ ᠵᠢᠨ ᠬᠡᠮᠵᠢᠶ᠎ᠠ ᠪᠡᠷ ᠬᠠᠷᠠᠮᠵᠢ ᠣᠯᠭᠣᠬᠤ ᠨᠢᠭᠡ ᠵᠦᠢᠯ ᠤ᠋ᠨ ᠠᠵᠢᠯ ᠣᠯᠭᠣᠯᠲᠠ ᠵᠢ ᠠᠬᠢᠭᠤᠯᠬᠤ ᠠᠷᠭ᠎ᠠ ᠬᠡᠯᠪᠡᠷᠢ ᠪᠤᠯᠤᠨ᠎ᠠ᠃ ᠲᠡᠷᠡ ᠨᠢ ᠨᠡᠢᠲᠡ ᠶ᠋ᠢᠨ ᠠᠰᠠᠷᠠᠮᠵᠢ ᠶ᠋ᠢᠨ ᠴᠢᠨᠠᠷᠲᠠᠶ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠵᠢ ᠪᠡᠶᠡᠯᠡᠭᠦᠯᠬᠦ᠌ ᠶ᠋ᠢᠨ ᠬᠠᠮᠲᠤ ᠪᠠᠰᠠ ᠲᠤᠬᠠᠶ ᠶ᠋ᠢᠨ ᠭᠠᠵᠠᠷ ᠤ᠋ᠨ ᠮᠠᠯᠴᠢᠨ ᠲᠠᠷᠢᠶᠠᠴᠢᠨ ᠳ᠋ᠦ ᠣᠢᠷ᠎ᠠ ᠬᠠᠪᠢ ᠳ᠋ᠤᠨᠢ ᠠᠵᠢᠯ ᠣᠯᠭᠣᠨ ᠣᠷᠣᠯᠭ᠎ᠠ ᠵᠢ ᠨᠢ ᠨᠡᠮᠡᠭ᠌ᠳᠡᠭᠦᠯᠵᠤ᠂ ᠪᠦᠲᠦᠭᠡᠨ ᠪᠠᠢᠭᠤᠯᠬᠤ ᠪᠠ ᠲᠠᠳᠬᠦᠨ ᠲᠠᠮᠵᠢᠬᠦ ᠬᠤᠤᠰ ᠦᠷ᠎ᠡ ᠠᠰᠢᠭ ᠢ᠋ ᠪᠡᠶᠡᠯᠡᠭᠦᠯᠵᠦ ᠳᠡᠢᠯᠳᠡᠭ᠃
ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ ᠵᠠᠬ᠎ᠠ ᠳᠡᠯᠭᠡᠭᠦᠷ ᠤ᠋ᠨ ᠠᠵᠢᠯᠴᠢᠠ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳ᠋ᠦ ᠴᠢᠭᠯᠡᠭᠦᠯᠦᠨ᠂ 《ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠶ᠋ᠯ ᠤ᠋ᠨ ᠳᠤᠮᠳᠠ ᠠᠵᠢᠯ ᠤᠯᠭᠤᠯᠲᠠ ᠶ᠋ᠢᠨ ᠵᠣᠬᠢᠶᠠᠨ ᠪᠠᠢᠭᠤᠯᠤᠯᠲᠠ ᠶ᠋ᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠠᠵᠢᠯ ᠤ᠋ᠨ ᠲᠥᠰᠦᠯ》᠂ 《ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠳ᠋ᠤ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠪᠡᠷ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢᠨ ᠨᠡᠮᠡᠭ᠌ᠳᠡᠯ ᠢ᠋ ᠠᠬᠢᠭᠤᠯᠬᠤ ᠲᠤᠬᠠᠶ ᠮᠡᠳᠡᠭ᠌ᠳᠡᠯ 》 ᠵᠡᠷᠭᠡ ᠪᠢᠴᠢᠭ ᠮᠠᠲᠸᠷᠢᠶᠠᠯ ᠢ᠋ ᠳᠠᠷᠤᠮᠠᠯᠯᠠᠨ ᠲᠠᠷᠬᠠᠭᠠᠪᠠ᠃ ᠡᠭᠦᠨ ᠳ᠋ᠦ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢᠯᠠᠵᠤ᠂ ᠠᠷᠭ᠎ᠠ ᠵᠠᠮ ᠢ᠋ ᠥᠷᠭᠡᠳᠭᠡᠨ᠂ ᠲᠠᠰ ᠳᠠᠷᠠᠭᠠᠯᠠᠯ ᠢ᠋ ᠳᠦᠷᠢᠮᠵᠢᠭᠦᠯᠵᠤ᠂ ᠬᠦᠯᠦᠰᠦᠨ ᠠᠵᠢᠯ ᠬᠢᠵᠦ ᠪᠠᠢᠭ᠎ᠠ ᠮᠠᠯᠴᠢᠨ ᠲᠠᠷᠢᠶᠠᠴᠢᠨ ᠤ᠋ ᠵᠤᠬᠢᠶᠠᠨ ᠪᠠᠢᠭᠤᠯᠤᠯᠲᠠ ᠶ᠋ᠢᠨ ᠲᠦᠪᠰᠢᠨ ᠢ᠋ ᠳᠡᠭᠡᠭ᠌ᠰᠢᠯᠡᠭᠦᠯᠬᠦ᠌ ᠡᠴᠡ ᠭᠠᠷᠳᠠᠨ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠬᠦᠷᠢᠶ᠎ᠠ ᠬᠡᠪᠴᠢᠶ᠎ᠡ ᠵᠢ ᠥᠷᠭᠡᠳᠭᠡᠵᠤ᠂ ᠲᠤᠬᠠᠶ ᠶ᠋ᠢᠨ ᠭᠠᠵᠠᠷ ᠤ᠋ᠨ ᠮᠠᠯᠴᠢᠨ ᠲᠠᠷᠢᠶᠠᠴᠢᠨ ᠤ᠋ ᠣᠷᠣᠯᠴᠠᠬᠤ ᠬᠠᠷᠢᠴᠠᠯ ᠢ᠋ ᠪᠦᠳᠦᠮᠵᠢᠳᠠᠢ ᠳᠡᠭᠡᠭ᠌ᠰᠢᠯᠡᠭᠦᠯᠪᠡ᠃
ᠡᠪᠦᠯ ᠤ᠋ᠨ ᠲᠦᠢᠯ ᠤᠷᠤᠵᠤ ᠦᠩ ᠦᠷᠬᠡᠨ ᠠᠯᠠᠱᠠ ᠳ᠋ᠤ ᠭᠦᠢᠲᠡᠨ ᠤ᠋ ᠡᠷᠴᠢ ᠴᠢᠡᠭᠭᠠᠷᠠᠭᠰᠠᠨ ᠪᠤᠯᠪᠠᠴᠤ ᠬᠤᠶᠠᠷᠬᠤᠳᠳᠤᠭ ᠤ᠋ᠨ ᠬᠦᠳᠡᠭᠡ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ ᠤᠷᠤᠨ ᠤ᠋ ᠲᠡᠭᠷᠢ ᠡᠯᠡᠰᠦ ᠪᠠᠯᠭᠠᠰᠤ ᠵᠢᠨ ᠤᠯᠠᠭᠠᠨᠬᠠᠳᠠ ᠭᠠᠴᠠᠭᠠᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠢᠨᠵᠸᠨ᠋ᠸᠷᠢᠡᠭ ᠤ᠋ᠨ ᠢᠵᠢ ᠪᠦᠷᠢᠳᠦᠭᠦᠯᠬᠦ ᠵᠠᠮ ᠤ᠋ᠨ ᠪᠦᠲᠦᠭᠡᠨ ᠪᠠᠢᠭᠤᠯᠤᠯᠲᠠ ᠶ᠋ᠢᠨ ᠠᠵᠢᠯ ᠤᠯᠭᠤᠬᠤ ᠪᠡᠷ ᠲᠡᠳᠭᠦᠮᠵᠢ ᠵᠢ ᠤᠷᠤᠯᠠᠭᠤᠯᠬᠤ ᠲᠦᠷᠦᠯ ᠵᠦᠢᠯ ᠤ᠋ᠨ ᠪᠠᠷᠢᠯᠭ᠎ᠠ ᠶ᠋ᠢᠨ ᠠᠬᠤᠢ ᠲᠠᠯᠠᠪᠠᠢ ᠳ᠋ᠦ ᠬᠦᠮᠦᠰ ᠬᠦᠷ ᠬᠦᠭᠵᠢᠶᠡᠨ ᠲᠠᠢ ᠠᠵᠢᠯᠯᠠᠵᠠᠭᠠᠨ᠎ᠠ᠃
ᠲᠩᠷᠢ ᠡᠯᠡᠰᠦ ᠪᠠᠯᠭᠠᠰᠤ ᠤᠯᠠᠭᠠᠨᠬᠠᠳᠠ ᠭᠠᠴᠠᠭᠠᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠢᠨᠵᠸᠨ᠋ᠸᠷᠢᠡᠭ ᠤ᠋ᠨ ᠢᠵᠢ ᠪᠦᠷᠢᠳᠦᠭᠦᠯᠬᠦ ᠵᠠᠮ ᠤ᠋ᠨ ᠪᠦᠲᠦᠭᠡᠨ ᠪᠠᠢᠭᠤᠯᠤᠯᠲᠠ ᠵᠢᠨ ᠲᠦᠷᠦᠯ ᠵᠤᠢᠯ ᠶ᠋ᠢᠡᠷ ᠳᠠᠮᠵᠢᠨ 31.22 ᠺᠢᠯᠣᠮᠧᠲ᠋ᠷ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠠᠮ ᠢ᠋ ᠥᠭᠡᠷᠡᠴᠢᠯᠡᠨ ᠪᠠᠢᠭᠤᠯᠵᠤ᠂ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠵᠠᠭ᠍ᠪᠤᠷ ᠢ᠋ ᠬᠡᠷᠡᠭ᠌ᠯᠡᠨ᠂ ᠶᠠᠳᠠᠭᠤ ᠡᠴᠡ ᠠᠩᠭᠢᠵᠢᠷᠠᠭ᠍ᠰᠠᠨ ᠡᠷᠦᠬᠡ ᠵᠢᠴᠢ ᠪᠤᠰᠤᠳ ᠣᠷᠣᠯᠭ᠎ᠠ ᠪᠠᠭᠠᠳᠠᠢ ᠡᠷᠦᠭᠡ ᠶ᠋ᠢᠨ 38 ᠬᠥᠮᠦᠨ ᠢ᠋ ᠭᠤᠤᠯᠳᠠᠯᠭ᠎ᠠ ᠲᠠᠶ ᠡᠯᠰᠡᠨ ᠲᠦᠷᠦᠯ ᠵᠤᠢᠯ ᠤ᠋ᠨ ᠪᠥᠲᠥᠭᠡᠨ ᠪᠠᠢᠭᠤᠯᠤᠯᠲᠠ ᠳ᠋ᠤ ᠣᠷᠣᠯᠴᠠᠭᠤᠯᠵᠤ᠂ ᠪᠦᠬᠦ ᠬᠥᠳᠡᠯᠮᠦᠷᠢ ᠵᠢᠨ ᠬᠠᠷᠠᠮᠵᠢ ᠨᠢ 151 ᠲᠦᠮᠡᠨ ᠲᠥᠭᠥᠷᠢᠭ ᠢ᠋ ᠲᠠᠪᠠᠬᠤ ᠪᠤᠯᠤᠨ᠎ᠠ᠃ ᠡᠨᠡ ᠬᠦ᠌ ᠵᠠᠭ᠍ᠪᠤᠷ ᠨᠢ ᠠᠵᠢᠯᠴᠢᠨ ᠬᠡᠷᠡᠭ᠌ᠯᠡᠬᠦ᠌ ᠠᠰᠠᠭᠤᠳᠠᠯ ᠢ᠋ ᠪᠦᠳᠦᠮᠵᠢᠳᠠᠢ ᠱᠢᠶ᠋ᠳᠪᠦᠷᠢᠯᠡᠭ᠌ᠰᠡᠨ ᠶ᠋ᠢᠡᠷ ᠪᠠᠷᠠᠬᠤ ᠥᠬᠡᠶ ᠪᠠᠰᠠ ᠭᠠᠴᠠᠭᠠᠨ ᠤ᠋ ᠠᠷᠠᠳ ᠤ᠋ᠨ ᠤᠢᠷ᠎ᠠ ᠬᠠᠪᠢ ᠳ᠋ᠠᠭᠠᠨ ᠣᠷᠣᠯᠭ᠎ᠠ ᠪᠠᠨ ᠨᠡᠮᠡᠭ᠌ᠳᠡᠭᠦᠯᠬᠦ᠌ ᠵᠢ ᠠᠬᠢᠭᠤᠯᠵᠤ᠂ 《ᠬᠠᠪᠰᠤᠷᠬᠤ ᠵᠢ ᠬᠦᠯᠢᠶᠡᠵᠤ》 ᠪᠠᠢᠭᠰᠠᠨ ᠡᠴᠡ ᠪᠠᠨ 《ᠰᠠᠨᠠᠭᠠᠴᠢᠯᠠᠭ᠎ᠠ ᠡᠴᠡ ᠪᠠᠨ ᠬᠦᠳᠡᠯᠮᠦᠷᠢᠯᠡᠬᠦ》 ᠪᠤᠯᠵᠤ᠂ ᠠᠵᠢᠯ ᠬᠦᠳᠡᠯᠮᠤᠷᠢ ᠬᠢᠵᠤ ᠠᠰᠢᠭ ᠤᠷᠤᠯᠭ᠎ᠠ ᠪᠠᠨ ᠨᠡᠮᠡᠭᠳᠡᠬᠦᠯᠬᠦ ᠵᠢ ᠪᠡᠶᠡᠯᠡᠭᠦᠯᠪᠡ᠃
12 ᠰᠠᠷ᠎ᠠ ᠶ᠋ᠢᠨ 13 ᠤ᠋ ᠡᠳᠦᠷ᠂ ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ ᠤ᠋ᠨ ᠴᠠᠭᠠᠨ ᠣᠪᠣᠭ᠎ᠠ ᠪᠠᠯᠭᠠᠰᠤ ᠵᠢᠨ 1.39 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠤ᠋ᠨ ᠠᠬᠤᠢ ᠲᠠᠯᠠᠪᠠᠶ ᠳ᠋ᠤ ᠲᠣᠮᠣ ᠬᠡᠯᠪᠡᠷᠢ ᠶ᠋ᠢᠨ ᠮᠠᠱᠢᠨ ᠲᠦᠬᠦᠭᠡᠷᠦᠮᠵᠢ ᠬᠦᠷᠴᠢᠬᠢᠨᠡᠨ᠂ ᠠᠵᠢᠯᠴᠢᠳ ᠶᠠᠭᠠᠷᠠᠯᠲᠠᠢ ᠠᠵᠢᠯᠯᠠᠵᠠᠭᠠᠵᠦ ᠪᠠᠢᠯ᠎ᠠ᠃ ᠠᠬᠤᠢ ᠲᠠᠯᠠᠪᠠᠢ ᠳ᠋ᠦ ᠠᠵᠢᠯᠯᠠᠵᠤ ᠪᠠᠢᠭ᠎ᠠ ᠠᠵᠢᠯᠴᠢᠨ ᠤ᠋ ᠤᠯᠠᠡᠭᠬᠢ ᠨᠢ ᠲᠤᠬᠠᠢ ᠶ᠋ᠢᠨ ᠭᠠᠵᠠᠷ ᠤ᠋ᠨ ᠲᠣᠰᠭᠣᠨ ᠤ᠋ ᠠᠷᠠᠳ ᠪᠠᠢᠵᠤ᠂ ᠲᠡᠳᠡ ᠲᠠᠷᠢᠶᠠᠯᠠᠩ ᠤ᠋ᠨ ᠰᠤᠯᠠ ᠰᠡᠯᠡᠭᠦᠦ ᠴᠠᠭ ᠶ᠋ᠢᠡᠨ ᠠᠰᠢᠭᠯᠠᠨ ᠠᠵᠢᠯ ᠤ᠋ᠨ ᠪᠠᠢᠷᠢ ᠳ᠋ᠤ ᠭᠠᠷᠬᠤ ᠡᠴᠡ ᠡᠮᠦᠨᠡᠬᠢ ᠪᠣᠯᠪᠠᠰᠤᠷᠠᠯ ᠳ᠋ᠤ ᠤᠷᠤᠯᠴᠠᠵᠤ᠂ ᠤᠲᠠᠰᠤ ᠳᠡᠪᠢᠰᠬᠦ ᠪᠠ ᠬᠣᠭᠣᠯᠠᠢ ᠤᠭᠰᠠᠷᠠᠬᠤ ᠠᠵᠢᠯᠴᠢᠨ ᠪᠣᠯᠤᠭ᠍ᠰᠠᠨ ᠶᠤᠮ᠃ ᠡᠨᠡ ᠵᠢᠯ ᠴᠠᠭᠠᠨ ᠣᠪᠣᠭ᠎ᠠ ᠪᠠᠯᠭᠠᠰᠤ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠤ᠋ᠨ ᠲᠠᠯᠠᠪᠠᠶ 1.39 ᠲᠦᠮᠡᠨ ᠮᠥ᠍ ᠳ᠋ᠦ ᠬᠦᠷᠴᠦ᠍᠂ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠵᠢ 3600 ᠲᠦᠮᠡᠨ ᠲᠥᠭᠥᠷᠢᠭ ᠬᠡᠷᠡᠭ᠌ᠵᠢᠭᠦᠯᠵᠦ᠍᠂ ᠨᠡᠢᠲᠡ 200 ᠲᠣᠰᠭᠣᠨ ᠤ᠋ ᠠᠷᠠᠳ ᠢ᠋ ᠲᠦᠷᠦᠯ ᠵᠦᠢᠯ ᠤ᠋ᠨ ᠪᠥᠲᠥᠭᠡᠨ ᠪᠠᠢᠭᠤᠯᠤᠯᠲᠠ ᠳ᠋ᠤ ᠣᠷᠣᠯᠴᠠᠭᠤᠯᠪᠠ᠃ ᠡᠭᠦᠨ ᠳ᠋ᠦ ᠲᠤᠬᠠᠶ ᠶ᠋ᠢᠨ ᠭᠠᠵᠠᠷ ᠲᠤᠨᠢ ᠠᠵᠢᠯ ᠤᠯᠭᠤᠬᠤ ᠪᠡᠷ ᠳᠡᠮᠵᠢᠨ ᠪᠥᠬᠥ᠌ ᠪᠠᠯᠭᠠᠰᠤᠨ ᠤ᠋ ᠣᠷᠣᠯᠭ᠎ᠠ ᠪᠠᠭᠠᠳᠠᠢ 82 ᠮᠠᠯᠵᠢᠬᠤ ᠲᠠᠷᠢᠶᠠᠯᠠᠬᠤ ᠡᠷᠦᠬᠡ ᠵᠢᠨ ᠵᠢᠯᠤ᠋ᠨ ᠡᠷᠦᠬᠡ ᠳᠤᠮᠳᠠᠴᠢ ᠵᠢᠨ ᠣᠷᠣᠯᠭ᠎ᠠ ᠵᠢ 3000 ᠲᠥᠭᠥᠷᠢᠭ ᠨᠡᠮᠡᠭ᠌ᠳᠡᠭᠦᠯᠵᠠᠢ᠃
《ᠰᠤᠪᠠᠭ ᠲᠠᠲᠠᠬᠤ ᠠᠵᠢᠯ ᠬᠢᠵᠦ ᠡᠳᠤᠷ ᠲᠦ᠍ 150 ᠲᠦᠬᠦᠷᠢᠭ ᠤ᠋ᠨ ᠴᠠᠯᠢᠡᠭ ᠤᠯᠵᠤ ᠪᠠᠢᠨ᠎ᠠ᠂ ᠰᠤᠯᠠ ᠰᠡᠯᠡᠭᠦᠦ ᠴᠠᠭ ᠶ᠋ᠢᠡᠷ ᠤᠢᠷ᠎ᠠ ᠬᠠᠪᠢ ᠳ᠋ᠠᠭᠠᠨ ᠠᠵᠢᠯᠯᠠᠵᠤ ᠤᠷᠤᠯᠭ᠎ᠠ ᠪᠠᠨ ᠨᠡᠮᠡᠭᠳᠡᠭᠦᠯᠬᠦ ᠬᠡᠭᠴᠢ ᠶᠡᠬᠡ ᠰᠠᠢᠨ ᠶᠠᠪᠤᠳᠠᠯ》 ᠭᠡᠵᠦ ᠴᠠᠭᠠᠨ ᠤᠪᠤᠭ᠎ᠠ ᠪᠠᠯᠭᠠᠰᠤ ᠶ᠋ᠢᠨ ᠮᠢᠨ ᠱᠢᠩ ᠲᠣᠰᠭᠣᠨ ᠤ᠋ ᠲᠠᠷᠢᠶᠠᠴᠢᠨ ᠯᠢᠦ ᠶᠦᠩ ᠯᠢᠶᠠᠩ ᠪᠠᠶᠠᠷᠲᠠᠢᠬᠠᠨ ᠶᠠᠷᠢᠨ᠎ᠠ᠃
ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠪᠣᠯ ᠲᠤᠬᠠᠶ ᠶ᠋ᠢᠨ ᠭᠠᠵᠠᠷ ᠤ᠋ᠨ ᠠᠷᠠᠳ ᠲᠦᠮᠡᠨ ᠳ᠋ᠦ ᠣᠢᠷ᠎ᠠ ᠬᠠᠪᠢ ᠳ᠋ᠤᠨᠢ ᠠᠵᠢᠯ ᠣᠯᠭᠣᠵᠤ ᠣᠷᠣᠯᠭ᠎ᠠ ᠵᠢ ᠨᠢ ᠨᠡᠮᠡᠭ᠌ᠳᠡᠭᠦᠯᠬᠦ᠌ ᠠᠷᠠᠳ ᠲᠦ᠍ ᠠᠱᠢᠭ ᠬᠦᠷᠲᠡᠭᠡᠬᠦ᠌ ᠴᠢᠬᠤᠯᠠ ᠨᠢᠭᠡᠨ ᠲᠥᠷᠥ ᠶ᠋ᠢᠨ ᠪᠣᠳᠣᠯᠭ᠎ᠠ ᠮᠥᠨ᠂ ᠨᠠᠩ ᠴᠤ᠌ ᠬᠥᠳᠡᠭᠡ ᠲᠣᠰᠭᠣᠨ ᠢ᠋ ᠪᠦᠬᠦ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠨᠡ ᠵᠢᠯ ᠮᠠᠨ ᠤ᠋ ᠤᠷᠤᠨ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠪᠠᠷᠢᠮᠵᠢᠶ᠎ᠠ ᠵᠢ ᠳᠡᠭᠡᠭ᠌ᠰᠢᠯᠡᠭᠦᠯᠦᠨ ᠬᠦᠷᠢᠶ᠎ᠠ ᠬᠡᠪᠴᠢᠶ᠎ᠡ ᠵᠢ ᠦᠷᠭᠡᠳᠭᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠲᠦᠷᠦᠯ ᠵᠦᠢᠯ᠂ 《ᠤᠮᠠᠷᠠᠲᠤ ᠶ᠋ᠢᠨ ᠭᠤᠷᠪᠠᠨ ᠤᠷᠤᠨ》 ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠢᠨᠵᠧᠨᠧᠷᠢᠩ ᠵᠡᠷᠭᠡ ᠭᠤᠤᠯᠳᠠᠯᠭ᠎ᠠ ᠲᠠᠶ ᠲᠥᠷᠥᠯ ᠵᠦᠶ᠋ᠯ ᠳ᠋ᠦ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠵᠢ ᠶᠡᠬᠡ ᠪᠡᠷ ᠬᠡᠷᠡᠭ᠌ᠵᠢᠭᠦᠯᠵᠦ᠍᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢᠨ ᠬᠥᠳᠡᠯᠮᠦᠷᠢ ᠵᠢᠨ ᠬᠠᠷᠠᠮᠵᠢ ᠣᠯᠭᠣᠬᠤ ᠬᠠᠷᠢᠴᠠᠯ ᠢ᠋ ᠳᠠᠭᠠᠭᠠᠴᠢᠯᠠᠯᠲᠠ ᠤᠯᠬᠤ ᠦᠶ᠎ᠠ ᠶ᠋ᠢᠨ ᠵᠤᠭᠤᠰᠤᠨ ᠤ᠋ ᠬᠡᠮᠵᠢᠶ᠎ᠠ ᠶ᠋ᠢᠨ 10% ᠬᠦᠷᠲᠡᠯ᠎ᠡ ᠳᠡᠭᠡᠭ᠌ᠰᠢᠯᠡᠭᠦᠯᠵᠦ᠍᠂ 818 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠪᠣᠯᠤᠨ 5000 ᠲᠦᠮᠡᠨ ᠮᠥ᠍ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠳ᠋ᠦ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠵᠢ ᠨᠠᠢᠳᠠᠪᠤᠷᠢᠵᠢᠭᠤᠯᠵᠤ᠂ ᠨᠡᠢᠳᠡ 29.2 ᠳ᠋ᠦᠩᠱᠢᠭᠤᠷ ᠲᠥᠭᠥᠷᠢᠭ ᠤ᠋ᠨ ᠬᠥᠳᠡᠯᠮᠦᠷᠢ ᠵᠢᠨ ᠬᠠᠷᠠᠮᠵᠢ ᠲᠠᠷᠬᠠᠭᠠᠨ᠂ ᠨᠢᠳᠤᠨᠤᠨ ᠤ᠋ ᠬᠢ ᠡᠴᠡ 10.5 ᠳ᠋ᠦᠩᠱᠢᠭᠤᠷ ᠲᠥᠭᠥᠷᠢᠭ ᠨᠡᠮᠡᠭ᠌ᠳᠡᠵᠤ᠂ 12.9 ᠲᠦᠮᠡᠨ ᠮᠠᠯᠴᠢᠨ ᠲᠠᠷᠢᠶᠠᠴᠢᠨ ᠳ᠋ᠤ ᠠᠰᠢᠭ ᠬᠦᠷᠳᠡᠬᠡᠪᠡ᠃ ᠡᠭᠦᠨ ᠤ᠋ ᠬᠠᠮᠲᠤ ᠵᠣᠬᠢᠶᠠᠨ ᠪᠠᠢᠭᠤᠯᠤᠯᠲᠠ ᠶ᠋ᠢᠨ ᠲᠦᠪᠰᠢᠨ ᠢ᠋ ᠪᠦᠬᠦ ᠲᠠᠯ᠎ᠠ ᠪᠡᠷ ᠳᠡᠭᠡᠭᠰᠢᠯᠡᠭᠦᠯᠤᠨ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ ᠵᠢ ᠵᠣᠷᠢᠭ᠍ᠵᠢᠭᠤᠯᠵᠤ ᠪᠠᠢᠭᠠᠳ ᠬᠥᠳᠡᠭᠡ ᠲᠣᠰᠭᠣᠨ ᠤ᠋ ᠪᠠᠷᠢᠯᠭ᠎ᠠ ᠶ᠋ᠢᠨ ᠠᠩᠭᠢ ᠪᠠ ᠬᠥᠳᠡᠯᠮᠦᠷᠢ ᠬᠦᠴᠦᠨ ᠤ᠋ ᠲᠤᠰᠬᠠᠢ ᠬᠣᠷᠱᠢᠶᠠ ᠵᠢ ᠵᠣᠬᠢᠶᠠᠨ ᠪᠠᠢᠭᠤᠯᠵᠤ᠂ 《ᠮᠠᠯᠴᠢᠨ ᠲᠠᠷᠢᠶᠠᠴᠢᠨ ᠤ᠋ ᠬᠦᠯᠦᠰᠦᠨ ᠠᠵᠢᠯ ᠬᠢᠬᠦ ᠬᠡᠷᠡᠭ᠌ᠴᠡᠭᠡ ᠱᠠᠭᠠᠷᠳᠠᠯᠭ᠎ᠠ ᠶ᠋ᠢᠨ ᠨᠠᠷᠢᠨ ᠳᠠᠡᠭᠰᠠ》 ᠵᠢ 《ᠠᠵᠢᠯ ᠤ᠋ᠨ ᠪᠠᠢᠷᠢ ᠶ᠋ᠢᠨ ᠠᠵᠢᠯᠴᠢᠨ ᠬᠡᠷᠡᠭᠰᠡᠬᠦ ᠬᠡᠷᠡᠭ᠌ᠴᠡᠭᠡ ᠱᠠᠭᠠᠷᠳᠠᠯᠭ᠎ᠠ ᠶ᠋ᠢᠨ ᠨᠠᠷᠢᠨ ᠳᠠᠡᠭᠰᠠ》 ᠯᠤᠭ᠎ᠠ ᠨᠠᠷᠢᠯᠢᠭ ᠤᠨᠤᠴᠠᠲᠠᠢ ᠵᠣᠯᠭᠠᠭᠤᠯᠤᠭᠰᠠᠨ ᠡᠴᠡ ᠪᠦᠬᠦ ᠤᠷᠤᠨ ᠤ᠋ ᠮᠠᠯᠴᠢᠨ ᠲᠠᠷᠢᠶᠠᠴᠢᠨ ᠤ᠋ ᠣᠷᠣᠯᠴᠠᠬᠤ ᠬᠠᠷᠢᠴᠠᠯ 70% ᠵᠢ ᠳᠠᠪᠠᠭᠰᠠᠨ ᠪᠠᠢᠨ᠎ᠠ᠃