ᠮᠠᠨ ᠤ᠋ ᠤᠷᠤᠨ 4441 ᠺᠢᠯᠣᠮᠧᠲᠷ ᠤᠷᠳᠤ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠵᠠᠰᠠᠵᠤ ᠳᠠᠭᠤᠰᠬᠠᠪᠠ
2025-12-23 11:16:01
ᠵᠣᠬᠢᠶᠠᠭ᠍ᠴᠢ᠄
​ᠦᠨᠢᠷ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠡᠨᠡ ᠵᠢᠯ ᠤ᠋ᠨ ᠲᠦᠷᠦᠭᠦᠸ᠋ 11 ᠰᠠᠷ᠎ᠠ ᠳ᠋ᠤ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠲᠣᠭᠲᠠᠮᠠᠯ ᠬᠥᠷᠥᠩᠭᠡ ᠢ᠋ᠢᠨ ᠪᠡᠯᠡ ᠣᠷᠣᠭᠤᠯᠤᠯᠲᠠ ᠢ᠋ᠢ 75.43 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 3.95% ᠪᠡᠷ ᠨᠡᠮᠡᠭᠳᠡᠨ᠂ ᠣᠨ ᠤ᠋ ᠪᠡᠯᠡ ᠣᠷᠣᠭᠤᠯᠤᠯᠲᠠ ᠢ᠋ᠢᠨ ᠬᠠᠷᠠᠯᠲᠠ ᠪᠠᠨ 127.6% ᠪᠠᠷ ᠪᠡᠶᠡᠯᠡᠭᠦᠯᠵᠤ᠂ 4441 ᠺᠢᠯᠣᠮᠧᠲᠷ ᠤᠷᠳᠤ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠵᠠᠰᠠᠵᠤ ᠳᠠᠭᠤᠰᠬᠠᠪᠠ᠃

ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ 《ᠳᠥᠷᠪᠡᠨ ᠰᠠᠢᠨ ᠬᠥᠳᠡᠭᠡ ᠲᠣᠰᠬᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠢ ᠬᠥᠭᠵᠢᠯᠲᠡ ᠢ᠋ᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠢ᠋ᠢ ᠴᠢᠩᠭᠠᠳᠬᠠᠨ᠂ ᠡᠯ᠎ᠡ ᠭᠠᠵᠠᠷ ᠢ᠋ ᠱᠠᠯᠠᠪᠳᠠᠭᠤᠯᠵᠤ ᠪᠠᠢᠭᠠᠳ ᠲᠥᠷᠥᠯ ᠵᠦᠢᠯ ᠤ᠋ᠨ ᠠᠬᠢᠴᠠ ᠢ᠋ᠢ ᠲᠦᠷᠭᠡᠳᠬᠡᠨ᠂ ᠠᠮᠤᠷ ᠲᠦᠪᠰᠢᠨ ᠤ᠋ ᠬᠡᠮ ᠰᠣᠭᠣᠭ ᠢ᠋ ᠬᠦᠴᠦᠯᠡᠨ ᠠᠷᠢᠯᠭᠠᠵᠤ᠂ ᠵᠠᠰᠠᠮᠠᠯ ᠵᠠᠮ ᠤ᠋ᠨ ᠠᠮᠤᠷ ᠲᠦᠪᠰᠢᠨ ᠤ᠋ ᠬᠠᠮᠠᠭᠠᠯᠠᠯᠲᠠ ᠵᠢᠨ ᠲᠦᠪᠰᠢᠨ ᠢ᠋ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ᠋ ᠵᠠᠮ ᠬᠠᠷᠢᠯᠴᠠᠭᠠᠨ ᠤ᠋ ᠲᠣᠣᠷ ᠢ᠋ ᠦᠷᠭᠦᠯᠵᠢᠯᠡᠨ ᠪᠡᠬᠢᠵᠢᠭᠦᠯᠪᠡ᠃ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢᠨ ᠲᠠᠯ᠎ᠠ ᠪᠡᠷ᠂ 11 ᠰᠠᠷ᠎ᠠ ᠢ᠋ᠢᠨ ᠰᠡᠭᠦᠯᠴᠢ ᠪᠣᠯᠲᠠᠯ᠎ᠠ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢᠨ 710 ᠲᠥᠷᠥᠯ ᠵᠦᠢᠯ ᠤ᠋ᠨ 6603 ᠺᠢᠯᠣᠮᠧᠲᠷ ᠤ᠋ᠨ ᠪᠠᠷᠢᠯᠭ᠎ᠠ ᠵᠢ ᠡᠬᠢᠯᠡᠭᠦᠯᠤᠨ᠂ ᠤᠨ ᠤ᠋ ᠬᠠᠷᠠᠯᠲᠠᠲᠤ ᠡᠭᠦᠷᠭᠡ ᠪᠡᠨ 132.1% ᠪᠡᠷ ᠪᠠᠶᠠᠯᠠᠭᠦᠯᠵᠤ᠂ 493 ᠲᠦᠷᠦᠯ ᠵᠦᠢᠯ ᠤ᠋ᠨ 4441 ᠺᠢᠯᠣᠮᠧᠲᠷ ᠤ᠋ᠨ ᠪᠠᠷᠢᠯᠭ᠎ᠠ ᠵᠢ ᠳᠠᠭᠤᠰᠬᠠᠨ᠂ ᠤᠨ ᠤ᠋ ᠬᠠᠷᠠᠯᠲᠠᠲᠤ ᠡᠭᠦᠷᠭᠡ ᠪᠡᠨ 110.9% ᠪᠡᠷ ᠪᠠᠶᠠᠯᠠᠭᠦᠯᠵᠤ᠂ ᠬᠦᠳᠡᠬᠡ ᠲᠤᠰᠬᠤᠨ ᠤ᠋ ᠵᠠᠰᠠᠮᠠᠯ ᠵᠠᠮ ᠤ᠋ᠨ ᠲᠣᠣᠷ ᠤ᠋ᠨ ᠨᠡᠪᠲᠡᠷᠡᠬᠦ ᠬᠡᠪᠴᠢᠶ᠎ᠡ ᠢ᠋ᠢ ᠦᠷᠭᠦᠯᠵᠢᠯᠡᠨ ᠥᠷᠭᠡᠳᠬᠡᠪᠡ᠃

ᠡᠨᠡ ᠵᠢᠯ ᠮᠠᠨ ᠤ᠋ ᠤᠷᠤᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠭᠣᠣᠯᠳᠠᠯᠭ᠎ᠠ ᠲᠠᠢ ᠲᠦᠷᠦᠯ ᠵᠦᠢᠯ ᠢ᠋ ᠠᠬᠢᠭᠤᠯᠤᠭᠰᠠᠨ ᠲᠠᠯ᠎ᠠ ᠪᠡᠷ ᠢᠯᠡᠳᠲᠡ ᠦᠷ᠎ᠡ ᠪᠦᠲᠦᠮᠵᠢ ᠤᠯᠵᠤ᠂ 11 ᠰᠠᠷ᠎ᠠ ᠢ᠋ᠢᠨ ᠰᠡᠭᠦᠯᠴᠢ ᠪᠣᠯᠲᠠᠯ᠎ᠠ 190 ᠬᠦᠬᠦᠷᠭᠡ ᠵᠢᠨ ᠪᠠᠷᠢᠯᠭ᠎ᠠ ᠢ᠋ᠢ ᠡᠬᠢᠯᠡᠭᠦᠯᠵᠦ᠂ 156 ᠵᠢ ᠨᠢ ᠪᠠᠷᠢᠵᠦ ᠳᠠᠭᠤᠰᠬᠠᠨ᠂ ᠣᠨ ᠤ᠋ ᠲᠥᠯᠥᠪᠯᠡᠭᠡ ᠪᠡᠨ ᠳᠠᠪᠠᠭᠤᠯᠤᠨ ᠪᠡᠶᠡᠯᠡᠭᠦᠯᠪᠠ; ᠠᠮᠤᠷ ᠲᠦᠪᠰᠢᠨ ᠠᠶᠠᠯᠠᠯ ᠢ᠋ ᠪᠠᠳᠤᠯᠠᠬᠤ ᠢᠨᠵᠧᠨᠧᠷᠢᠩ ᠤ᠋ᠨ 277 ᠲᠥᠷᠥᠯ ᠵᠦᠢᠯ ᠤ᠋ᠨ 639 ᠺᠢᠯᠣᠮᠧᠲᠷ ᠤ᠋ᠨ ᠪᠠᠷᠢᠯᠭ᠎ᠠ ᠢ᠋ᠢ ᠡᠬᠢᠯᠡᠭᠦᠯᠵᠦ᠂ 276 ᠲᠥᠷᠥᠯ ᠵᠦᠢᠯ ᠤ᠋ᠨ 637 ᠺᠢᠯᠣᠮᠧᠲᠷ ᠤ᠋ᠨ ᠪᠠᠷᠢᠯᠭ᠎ᠠ ᠢ᠋ᠢ ᠳᠠᠭᠤᠰᠬᠠᠨ᠂ ᠪᠠᠷᠢᠯᠭ᠎ᠠ ᠳᠠᠭᠤᠰᠤᠭᠰᠠᠨ ᠨᠣᠷᠮ᠎ᠠ 100% ᠳ᠋ᠤ ᠣᠶ᠋ᠢᠷᠠᠳᠴᠠᠢ᠃ ᠪᠠᠰᠠ 1295 ᠲᠥᠷᠥᠯ ᠵᠦᠢᠯ ᠤ᠋ᠨ 7151 ᠺᠢᠯᠣᠮᠧᠲᠷ ᠤ᠋ᠨ ᠵᠠᠰᠠᠮᠠᠯ ᠵᠠᠮ ᠢ᠋ ᠠᠷᠠᠴᠢᠯᠠᠨ ᠬᠠᠮᠠᠭᠠᠯᠠᠵᠤ ᠠᠵᠢᠯ ᠢ᠋ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ 《ᠨᠠᠪᠲᠠᠷᠡᠵᠦ ᠳᠡᠶ᠋ᠢᠯᠬᠦ᠂ ᠬᠠᠮᠠᠭᠠᠯᠠᠵᠤ ᠳᠡᠶ᠋ᠢᠯᠬᠦ᠂ ᠰᠠᠭᠠᠳ ᠦᠭᠡᠢ ᠠᠶᠠᠯᠠᠬᠤ》 ᠵᠢ ᠪᠠᠳᠤᠯᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号