ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠦᠪᠦᠷ ᠮᠤᠡᠭᠭᠤᠯ ᠤ᠋ᠨ《ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠢ᠋ ᠠᠭᠤᠰᠤᠯᠴᠠᠭᠤᠯᠤᠨ ᠬᠥᠭ᠌ᠵᠢᠭᠦᠯᠬᠦ᠌》ᠵᠠᠮ ᠬᠠᠷᠢᠯᠴᠠᠭᠠᠨ ᠤ᠋ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ ᠢ᠋ᠢᠨ ᠲᠤᠷᠱᠢᠯᠲᠠ ᠢ᠋ᠢᠨ ᠴᠡᠭ ᠤ᠋ᠨ ᠠᠵᠢᠯ ᠣᠢᠷ᠎ᠠ ᠳ᠋ᠤ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠤ᠋ ᠱᠢᠯᠭᠠᠨ ᠪᠠᠢᠴᠠᠭᠠᠯᠲᠠ ᠵᠢ ᠦᠩᠬᠡᠷᠡᠬᠦᠯᠪᠡ᠃ ᠡᠨᠡ ᠪᠤᠯ ᠱᠢᠯᠭᠠᠨ ᠪᠠᠢᠴᠠᠭᠠᠯᠲᠠᠳᠦ ᠬᠢᠷᠢ ᠳᠡᠩᠴᠡᠭᠰᠡᠨ ᠮᠠᠨ ᠤ᠋ ᠤᠷᠤᠨ ᠤ᠋ ᠠᠩᠬᠠᠳᠠᠭ᠍ᠴᠢ ᠵᠠᠮ ᠬᠠᠷᠢᠯᠴᠠᠭᠠᠨ ᠤ᠋ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ ᠢ᠋ᠢᠨ ᠲᠤᠷᠱᠢᠯᠲᠠ ᠢ᠋ᠢᠨ ᠴᠡᠭ ᠪᠣᠯᠤᠨ᠎ᠠ᠃
ᠮᠠᠨ ᠤ᠋ ᠤᠷᠤᠨ ᠤ᠋ 《ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠢ᠋ ᠠᠭᠤᠰᠤᠯᠴᠠᠭᠤᠯᠤᠨ ᠬᠥᠭ᠌ᠵᠢᠭᠦᠯᠬᠦ᠌》ᠲᠤᠷᠱᠢᠯᠲᠠ ᠢ᠋ᠢᠨ ᠴᠡᠭ 2020 ᠣᠨ ᠤ᠋ 10 ᠰᠠᠷ᠎ᠠ ᠳ᠋ᠤ ᠵᠥᠪᠱᠢᠶᠡᠷᠡᠭ᠌ᠳᠡᠭ᠌ᠰᠡᠨ ᠡᠴᠡ ᠨᠠᠭᠠᠰᠢ᠂ ᠨᠢᠭᠡ ᠲᠡᠩᠭᠡᠯᠢᠭ ᠲᠠᠪᠤᠨ ᠬᠣᠩᠭᠢᠯ ᠤ᠋ᠨ ᠬᠠᠳᠤᠨ ᠭᠤᠤᠯ ᠳᠠᠭᠠᠤ ᠢ᠋ᠢᠨ ᠵᠢᠭᠤᠯᠴᠢᠯᠠᠯ ᠤ᠋ᠨ ᠵᠠᠮ ᠬᠠᠷᠢᠯᠴᠠᠭᠠᠨ ᠤ᠋ ᠨᠢᠷᠤᠭᠤᠪᠴᠢ ᠢ᠋ᠢ ᠪᠠᠢᠭᠤᠯᠵᠤ᠂ 《ᠤᠯᠠᠭᠠᠨᠬᠤᠲᠠ ᠷᠠᠰᠢᠶᠠᠨ ᠬᠠᠢᠯᠠᠷ ᠮᠠᠨᠵᠤᠤᠷ》 ᠤ᠋ᠨ ᠵᠢᠭᠤᠯᠴᠢᠯᠠᠯ ᠤ᠋ᠨ ᠵᠠᠮ ᠬᠠᠷᠢᠯᠴᠠᠭᠠᠨ ᠤ᠋ ᠲᠣᠣᠷ ᠢ᠋ ᠱᠢᠯᠢᠳᠡᠭ᠌ᠵᠢᠭᠦᠯᠤᠨ᠂ ᠪᠡᠭᠡᠵᠢᠩ ᠲᠢᠶᠠᠨᠵᠢᠨ ᠾᠧᠪᠧᠶ ᠢ᠋ᠢᠨ 《 ᠭᠤᠷᠪᠠᠨ ᠴᠠᠭ ᠤ᠋ᠨ ᠲᠦᠷᠭᠡᠨ ᠤ᠋ ᠲᠡᠮᠦᠷ ᠵᠠᠮ ᠤ᠋ᠨ ᠵᠢᠭᠤᠯᠴᠢᠯᠠᠯ ᠤ᠋ᠨ ᠲᠤᠭᠤᠷᠢᠭ 》 + 《 ᠤᠯᠤᠰ ᠤ᠋ᠨ ᠲᠠᠰ ᠤ᠋ᠨ ᠥᠪᠡᠰᠦᠪᠡᠨ ᠮᠠᠰᠢᠨ ᠪᠠᠷᠢᠵᠤ ᠵᠢᠭᠤᠯᠴᠢᠯᠠᠬᠤ ᠰᠡᠯᠡᠭᠦᠴᠡᠯ ᠤ᠋ᠨ ᠲᠤᠤᠷ》 ᠢ᠋ ᠪᠠᠢᠭᠤᠯᠪᠠ᠃ ᠵᠠᠮ ᠬᠠᠷᠢᠯᠴᠠᠭ᠎ᠠ ᠵᠢᠭᠤᠯᠴᠢᠯᠠᠯ ᠤ᠋ᠨ ᠰᠠᠭᠤᠷᠢ ᠲᠥᠬᠥᠭᠡᠷᠦᠮᠵᠢ ᠢ᠋ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠤ᠂ ᠬᠠᠳᠤᠨ ᠭᠤᠤᠯ ᠤ᠋ᠨ ᠰᠣᠶᠣᠯ ᠪᠤᠯᠤᠨ ᠣᠷᠣᠨ ᠨᠤᠲᠤᠭ ᠤ᠋ᠨ ᠣᠨᠴᠠᠯᠢᠭ ᠪᠦᠬᠦᠢ ᠨᠢᠭᠡ ᠪᠦᠯᠦᠭ ᠵᠢᠭᠤᠯᠴᠢᠯᠠᠯ ᠤ᠋ᠨ ᠦᠵᠡᠮᠵᠢ ᠢ᠋ᠢᠨ ᠵᠠᠮ᠂ ᠵᠠᠮ ᠬᠠᠷᠢᠯᠴᠠᠭ᠎ᠠ ᠵᠢᠭᠤᠯᠴᠢᠯᠠᠯ ᠢ᠋ ᠠᠭᠤᠰᠤᠯᠴᠠᠭᠤᠯᠤᠭ᠍ᠰᠠᠨ 5 ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠪᠣᠶ ᠪᠣᠯᠭᠠᠵᠤ᠂ ᠬᠠᠳᠤᠨ ᠭᠤᠤᠯ ᠳᠠᠭᠠᠤ ᠢ᠋ᠢᠨ ᠣᠨᠴᠠᠯᠢᠭ᠍ᠲᠤ ᠵᠢᠭᠤᠯᠴᠢᠯᠠᠯ ᠤ᠋ᠨ ᠵᠠᠮ ᠬᠠᠷᠢᠯᠴᠠᠭᠠᠨ ᠤ᠋ ᠦᠵᠡᠮᠵᠢ ᠢ᠋ᠢᠨ ᠪᠦᠰᠡ᠂ 《ᠤᠯᠠᠭᠠᠨᠬᠤᠲᠠ ᠷᠠᠰᠢᠶᠠᠨ ᠬᠠᠢᠯᠠᠷ ᠮᠠᠨᠵᠤᠤᠷ》 ᠤ᠋ᠨ ᠵᠢᠭᠤᠯᠴᠢᠯᠠᠯ ᠤ᠋ᠨ ᠵᠠᠮ ᠬᠠᠷᠢᠯᠴᠠᠭᠠᠨ ᠤ᠋ ᠲᠣᠭᠣᠷᠢᠭ᠂ 《ᠪᠡᠭᠡᠵᠢᠩ ᠲᠢᠶᠠᠨᠵᠢᠨ ᠾᠧᠪᠧᠶ》 ᠢ᠋ᠢ ᠲᠤᠭᠤᠷᠢᠬᠰᠠᠨ ᠵᠠᠮ ᠬᠠᠷᠢᠯᠴᠠᠭ᠎ᠠ ᠵᠢᠭᠤᠯᠴᠢᠯᠡᠯ ᠢ᠋ ᠠᠭᠤᠰᠤᠯᠴᠠᠭᠤᠯᠤᠭ᠍ᠰᠠᠨ ᠣᠨᠴᠠᠯᠢᠭ᠍ᠲᠤ ᠣᠷᠣᠨ ᠵᠡᠷᠭᠡ 《 ᠨᠢᠭᠡ ᠪᠦᠰᠡ ᠨᠢᠭᠡ ᠲᠣᠭᠣᠷᠢᠭ ᠨᠢᠭᠡ ᠤᠷᠤᠨ 》 ᠤ᠋ ᠵᠢᠭᠤᠯᠴᠢᠯᠠᠯ ᠤ᠋ᠨ ᠵᠠᠮ ᠬᠠᠷᠢᠯᠴᠠᠭᠠᠨ ᠤ᠋ ᠱᠢᠰᠲ᠋ᠸᠮ ᠢ᠋ ᠦᠨᠳᠦᠰᠦᠨ ᠳ᠋ᠡᠭᠡᠨ ᠪᠦᠷᠢᠯᠳᠦᠭᠦᠯᠵᠤ᠂ ᠪᠥᠬᠥ᠌ ᠣᠷᠣᠨ ᠤ᠋ ᠵᠢᠭᠤᠯᠴᠢᠯᠠᠭ᠍ᠰᠠᠳ ᠢ᠋ ᠭᠥᠯᠢᠶᠡᠨ ᠠᠪᠬᠤ ᠬᠡᠮᠵᠢᠶ᠎ᠡ ᠪᠠ ᠵᠢᠭᠤᠯᠴᠢᠯᠠᠯ ᠤ᠋ᠨ ᠣᠷᠣᠯᠭ᠎ᠠ ᠢ᠋ᠢᠨ ᠬᠤᠤᠰ ᠨᠡᠮᠡᠭ᠌ᠳᠡᠯ ᠢ᠋ ᠳᠠᠢᠴᠢᠯᠠᠪᠠ᠃
ᠮᠠᠨ ᠤ᠋ ᠤᠷᠤᠨ ᠲᠤᠷᠱᠢᠯᠲᠠ ᠢ᠋ᠢᠨ ᠴᠡᠭ ᠤ᠋ᠨ ᠠᠵᠢᠯᠢ ᠬᠡᠷᠡᠭ᠌ᠵᠢᠭᠦᠯᠬᠦ᠌ᠪᠡᠷ ᠳᠡᠮᠵᠢᠨ ᠣᠷᠣᠨ ᠪᠦᠰᠡ ᠠᠯᠤᠰᠯᠠᠭ᠍ᠰᠠᠨ ᠵᠠᠮ ᠬᠠᠷᠢᠯᠴᠠᠭᠠᠨ ᠤ᠋ ᠲᠤᠤᠷ ᠤ᠋ᠨ ᠪᠥᠲᠥᠭᠡᠨ ᠪᠠᠢᠭᠤᠯᠤᠯᠲᠠ ᠳ᠋ᠤ ᠢᠯᠡᠳᠲᠡ ᠦᠷ᠎ᠡ ᠪᠦᠲᠦᠮᠵᠢ ᠣᠯᠵᠤ᠂ ᠵᠠᠮ ᠬᠠᠷᠢᠯᠴᠠᠭ᠎ᠠ ᠵᠢᠭᠤᠯᠴᠢᠯᠠᠯ ᠤ᠋ᠨ ᠰᠠᠭᠤᠷᠢ ᠲᠦᠬᠦᠭᠡᠷᠦᠮᠵᠢ ᠬᠢᠭᠡᠳ ᠦᠶ᠋ᠯᠡᠴᠢᠯᠡᠭᠡᠨ ᠤ᠋ ᠲᠦᠪᠰᠢᠨ ᠢᠯᠡᠳᠲᠡ ᠳᠡᠭᠡᠭ᠌ᠰᠢᠯᠡᠨ᠂ ᠵᠢᠭᠤᠯᠴᠢᠯᠠᠯ ᠤ᠋ᠨ ᠦᠵᠡᠮᠵᠢ ᠢ᠋ᠢᠨ ᠵᠠᠮ ᠢ᠋ ᠪᠦᠲᠦᠭᠡᠨ ᠪᠠᠢᠭᠤᠯᠬᠤ ᠵᠡᠷᠭᠡ ᠲᠠᠯ᠎ᠠ ᠪᠡᠷ ᠨᠢᠭᠡ ᠪᠦᠯᠦᠭ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ᠍ ᠪᠣᠯᠬᠤᠢᠴᠠ ᠲᠤᠷᠱᠢᠯᠭ᠎ᠠ ᠪᠠ ᠦᠷ᠎ᠡ ᠪᠦᠲᠦᠭᠡᠯ ᠤᠯᠵᠤ᠂ ᠵᠠᠮ ᠬᠠᠷᠢᠯᠴᠠᠭ᠎ᠠ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌ᠳᠦ ᠯᠠᠪᠯᠠᠯᠲᠠ ᠢ᠋ᠢᠨ ᠦᠢᠯᠡᠳᠦᠯ ᠦᠵᠡᠭᠦᠯᠪᠠ᠃