ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠡᠨᠡ ᠵᠢᠯ ᠤ᠋ᠨ ᠡᠬᠢᠨ ᠳ᠋ᠤ ᠮᠠᠨ ᠤ᠋ ᠤᠷᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠵᠤ᠂ ᠠᠵᠤ ᠠᠬᠤᠢᠯᠠᠯ ᠤ᠋ᠨ ᠴᠢᠨᠠᠷ ᠰᠠᠢᠳᠠᠢ ᠬᠦᠭᠵᠢᠯᠳᠡ ᠳ᠋ᠤ ᠦᠢᠯᠡᠴᠢᠯᠡᠬᠦ ᠪᠡᠷ ᠭᠤᠤᠯ ᠵᠤᠷᠢᠯᠳᠠ ᠪᠤᠯᠭᠠᠨ 《ᠠᠵᠤ ᠠᠬᠤᠢᠯᠠᠯ ᠢ᠋ ᠲᠤᠰᠠᠯᠠᠬᠤ》 ᠠᠵᠢᠯᠯᠠᠭ᠎ᠠ ᠶ᠋ᠢ ᠦᠷᠨᠢᠭᠦᠯᠦᠭᠰᠡᠨ ᠡᠴᠡ ᠨᠠᠭᠠᠰᠢ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠶ᠋ᠢᠡᠷ ᠲᠦᠪ ᠤ᠋ᠨ ᠠᠵᠤ ᠠᠬᠤᠢᠯᠠᠯ᠂ ᠠᠵᠢᠯ ᠲᠦᠷᠦᠯ ᠤ᠋ᠨ ᠳᠠᠭᠠᠭᠤᠯᠤᠭᠴᠢ ᠠᠵᠤ ᠠᠬᠤᠢᠯᠠᠯ ᠪᠠ ᠰᠢᠯᠢᠳᠡᠭ ᠠᠷᠠᠳ ᠤ᠋ᠨ ᠡᠵᠡᠩᠨᠡᠯᠳᠡ ᠶ᠋ᠢᠨ ᠠᠵᠤ ᠠᠬᠤᠢᠯᠠᠯ ᠤ᠋ᠨ ᠮᠠᠨ ᠤ᠋ ᠤᠷᠤᠨ ᠤ᠋ ᠠᠵᠤ ᠠᠬᠤᠢᠯᠠᠯ ᠲᠠᠢ ᠬᠠᠮᠳᠤᠷᠠᠨ ᠠᠵᠢᠯᠯᠠᠬᠤ ᠶ᠋ᠢ ᠠᠬᠢᠭᠤᠯᠵᠤ᠂ ᠤᠷᠢᠳ ᠬᠤᠵᠢᠳ ᠨᠡᠢᠳᠡ 7770.7 ᠳ᠋ᠦᠩᠰᠢᠭᠤᠷ ᠲᠦᠭᠦᠷᠢᠭ ᠤ᠋ᠨ ᠪᠡᠯᠡ ᠮᠦᠩᠬᠦ ᠳ᠋ᠤ ᠬᠤᠯᠪᠤᠭᠳᠠᠬᠤ 1291 ᠬᠠᠮᠳᠤᠷᠠᠯᠴᠠᠭᠠᠨ ᠤ᠋ ᠲᠦᠷᠦᠯ ᠵᠦᠢᠯ ᠢ᠋ ᠪᠦᠲᠦᠭᠡᠵᠦ᠂ ᠦᠪᠤᠷ ᠮᠤᠩᠭᠤᠯ ᠤ᠋ᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠤ᠋ᠨ ᠬᠦᠭᠵᠢᠯᠳᠡ ᠶ᠋ᠢ ᠡᠷᠴᠢᠮᠳᠠᠢ ᠠᠬᠢᠭᠤᠯᠤᠭᠰᠠᠨ ᠪᠠᠢᠨ᠎ᠠ᠃
ᠠᠵᠤ ᠠᠬᠤᠢᠯᠠᠯ ᠳ᠋ᠤ ᠲᠤᠰᠠᠯᠠᠨ ᠠᠵᠤ ᠠᠬᠤᠢᠯᠠᠯ ᠳ᠋ᠤ ᠬᠠᠷᠠᠭᠠᠯᠵᠠᠯ ᠦᠵᠡᠭᠦᠯᠬᠦ ᠲᠤᠬᠠᠢ ᠨᠠᠮ ᠤ᠋ᠨ ᠲᠦᠪ ᠬᠤᠷᠢᠶ᠎ᠠ ᠪᠠ ᠲᠦᠷᠦ ᠶ᠋ᠢᠨ ᠶᠠᠪᠤᠳᠠᠯ ᠤ᠋ᠨ ᠬᠤᠷᠢᠶ᠎ᠠ ᠶ᠋ᠢᠨ ᠰᠢᠷᠢᠰ ᠪᠠᠢᠷᠢᠯᠠᠭᠤᠯᠤᠯᠳᠠ ᠶ᠋ᠢᠨ ᠵᠤᠷᠢᠭ ᠰᠠᠨᠠᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠡᠨᠡ ᠵᠢᠯ ᠤ᠋ᠨ ᠡᠬᠢᠨ ᠳ᠋ᠤ 《ᠠᠵᠤ ᠠᠬᠤᠢᠯᠠᠯ ᠢ᠋ ᠲᠤᠰᠠᠯᠠᠬᠤ》 ᠠᠵᠢᠯᠯᠠᠭ᠎ᠠ ᠦᠷᠨᠢᠭᠦᠯᠬᠦ ᠲᠤᠬᠠᠢ ᠲᠤᠰᠬᠠᠢ ᠲᠦᠰᠦᠯ ᠢ᠋ ᠳᠤᠭᠳᠠᠭᠠᠨ ᠬᠡᠷᠡᠭᠵᠢᠭᠦᠯᠵᠦ᠂ 7 ᠲᠠᠯ᠎ᠠ ᠶ᠋ᠢᠨ 21 ᠵᠦᠢᠯ ᠤ᠋ᠨ ᠭᠤᠤᠯᠳᠠᠯᠭ᠎ᠠ ᠲᠠᠢ ᠡᠭᠦᠷᠭᠡ ᠶ᠋ᠢ ᠳᠤᠷᠠᠳᠴᠠᠢ᠃ ᠨᠢᠭᠡ ᠵᠢᠯ ᠤ᠋ᠨ ᠲᠤᠷᠰᠢ᠂ ᠪᠦᠬᠦ ᠤᠷᠤᠨ ᠤ᠋ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ 《ᠠᠵᠤ ᠠᠬᠤᠢᠯᠠᠯ ᠤ᠋ᠨ ᠴᠢᠨᠠᠷ ᠰᠠᠢᠳᠠᠢ ᠬᠦᠭᠵᠢᠯᠳᠡ ᠳ᠋ᠤ ᠦᠢᠯᠡᠴᠢᠯᠡᠬᠦ》 ᠭᠤᠤᠯ ᠰᠡᠳᠦᠪ ᠤ᠋ᠨ ᠲᠤᠭᠤᠷᠢᠨ ᠳ᠋ᠤ ᠠᠵᠤ ᠠᠬᠤᠢᠯᠠᠯ ᠳ᠋ᠤ ᠬᠤᠯᠪᠤᠭᠳᠠᠬᠤ ᠠᠰᠠᠭᠤᠳᠠᠯ ᠤ᠋ᠨ ᠨᠠᠷᠢᠨ ᠳᠠᠩᠰᠠ᠂ ᠠᠵᠤ ᠠᠬᠤᠢᠯᠠᠯ ᠳ᠋ᠤ ᠪᠤᠳᠠᠳᠤ ᠶᠠᠪᠤᠳᠠᠯ ᠬᠢᠵᠦ ᠦᠭᠭᠦᠭᠰᠡᠨ ᠨᠠᠷᠢᠨ ᠳᠠᠩᠰᠠ ᠵᠡᠷᠬᠡ ᠵᠢ ᠪᠠᠢᠭᠤᠯᠵᠤ᠂ 《ᠵᠠᠬᠢᠶᠠᠯᠠᠭ᠎ᠠ ᠶ᠋ᠢᠨ ᠬᠠᠭᠤᠳᠠᠰᠤ ᠶ᠋ᠢ ᠪᠦᠲᠦᠭᠡᠬᠦ᠂ ᠲᠦᠷᠦᠯ ᠵᠦᠢᠯ ᠢ᠋ ᠪᠦᠲᠦᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠵᠢ ᠡᠬᠦᠳᠬᠦ ᠶ᠋ᠢ ᠴᠢᠩᠭᠠᠳᠬᠠᠬᠤ᠂ ᠬᠠᠮᠳᠤᠷᠠᠯᠴᠠᠭ᠎ᠠ ᠶ᠋ᠢ ᠠᠬᠢᠭᠤᠯᠬᠤ᠂ ᠬᠦᠴᠢᠷᠳᠡᠯ ᠢ᠋ ᠰᠢᠢᠳᠪᠤᠷᠢᠯᠡᠬᠦ》 ᠳᠠᠪᠤᠨ ᠭᠤᠤᠯ ᠠᠭᠤᠯᠭ᠎ᠠ ᠶ᠋ᠢᠨ ᠲᠤᠭᠤᠷᠢᠨ ᠳ᠋ᠤ ᠠᠵᠤ ᠠᠬᠤᠢᠯᠠᠯ ᠳ᠋ᠤ ᠲᠤᠰᠠᠯᠠᠬᠤ᠂ ᠠᠵᠤ ᠠᠬᠤᠢᠯᠠᠯ ᠳ᠋ᠤ ᠬᠠᠷᠠᠭᠠᠯᠵᠠᠯ ᠦᠵᠡᠭᠦᠯᠬᠦ᠂ ᠠᠵᠤ ᠠᠬᠤᠢᠯᠠᠯ ᠢ᠋ ᠳᠡᠳᠬᠦᠬᠦ ᠲᠦᠷᠦ ᠶ᠋ᠢᠨ ᠪᠤᠳᠤᠯᠭ᠎ᠠ ᠶ᠋ᠢ ᠨᠠᠢᠳᠠᠪᠤᠷᠢᠵᠢᠭᠤᠯᠤᠨ ᠪᠤᠳᠠᠳᠠᠢᠵᠢᠭᠤᠯᠬᠤ ᠶ᠋ᠢ ᠠᠬᠢᠭᠤᠯᠵᠠᠢ᠃
ᠵᠢᠯ ᠤ᠋ᠨ ᠡᠬᠢᠨ ᠡᠴᠡ ᠨᠠᠭᠠᠰᠢ᠂ ᠪᠦᠬᠦ ᠤᠷᠤᠨ ᠶ᠋ᠢᠡᠷ ᠶ᠋ᠢᠡᠨ 《ᠦᠪᠦᠷ ᠮᠤᠩᠭᠤᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》 ᠶᠡᠷᠦᠩᠬᠡᠢᠯᠡᠭᠰᠡᠨ ᠦᠢᠯᠡᠴᠢᠯᠡᠭᠡᠨ ᠤ᠋ ᠳᠠᠪᠴᠠᠩ᠂ 《ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠦᠢᠯᠡᠴᠢᠯᠡᠭᠡᠨ ᠤ᠋ ᠳᠠᠪᠴᠠᠩ》 ᠵᠡᠷᠭᠡ ᠠᠵᠤ ᠠᠬᠤᠢᠯᠠᠯ ᠤ᠋ᠨ ᠬᠢᠨ ᠤ᠋ ᠠᠰᠠᠭᠤᠳᠠᠯ ᠪᠠ ᠬᠦᠰᠡᠯ ᠰᠠᠨᠠᠭ᠎ᠠ ᠶ᠋ᠢ ᠲᠤᠰᠬᠠᠬᠤ ᠳᠠᠪᠴᠠᠩ ᠶ᠋ᠢᠡᠷ ᠳᠠᠮᠵᠢᠨ ᠠᠵᠤ ᠠᠬᠤᠢᠯᠠᠯ ᠳ᠋ᠤ ᠬᠤᠯᠪᠤᠭᠳᠠᠬᠤ ᠠᠰᠠᠭᠤᠳᠠᠯ ᠢ᠋ 7727 ᠬᠤᠪᠢ ᠬᠦᠯᠢᠶᠡᠨ ᠠᠪᠴᠤ᠂ ᠤᠳᠤᠬᠠᠨ ᠪᠤᠯᠳᠠᠯ᠎ᠠ ᠨᠢᠬᠡᠨᠳᠡ 87% ᠶ᠋ᠢ ᠨᠢ ᠰᠢᠢᠳᠪᠤᠷᠢᠯᠡᠪᠡ;ᠦᠢᠯᠡᠳᠪᠤᠷᠢᠯᠡᠯ ᠬᠡᠷᠡᠭᠴᠡᠭᠡ ᠶ᠋ᠢ ᠵᠤᠯᠭᠠᠭᠤᠯᠬᠤ ᠬᠤᠷᠠᠯ᠂ ᠬᠠᠮᠳᠤᠷᠠᠨ ᠠᠵᠢᠯᠯᠠᠬᠤ ᠰᠤᠯᠢᠯᠴᠠᠭᠠᠨ ᠤ᠋ ᠬᠤᠷᠠᠯ ᠡᠷᠬᠢᠯᠡᠬᠦ ᠵᠡᠷᠭᠡ ᠬᠡᠯᠪᠡᠷᠢ ᠪᠡᠷ ᠤᠨᠴᠠᠭᠠᠢ ᠪᠤᠯᠤᠳ᠂ ᠤᠨᠴᠠᠭᠠᠢ ᠬᠡᠷᠡᠭᠴᠡᠭᠡᠨ ᠤ᠋ ᠮᠠᠰᠢᠨ ᠲᠡᠷᠭᠡ᠂ ᠦᠪᠡᠷᠮᠢᠴᠡ ᠤᠨᠴᠠᠯᠢᠭᠳᠤ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠬᠠᠩᠭᠠᠯᠭ᠎ᠠ ᠪᠤᠷᠤᠯᠠᠭᠤᠯᠭ᠎ᠠ ᠳ᠋ᠤ ᠬᠤᠯᠪᠤᠭᠳᠠᠬᠤ ᠠᠯᠢ ᠤᠯᠠᠨ ᠵᠠᠬᠢᠶᠠᠯᠠᠭ᠎ᠠ ᠶ᠋ᠢᠨ ᠬᠠᠭᠤᠳᠠᠰᠤ ᠶ᠋ᠢ ᠪᠦᠲᠦᠭᠡᠪᠡ; 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠦᠷᠦ ᠶ᠋ᠢᠨ ᠪᠤᠳᠤᠯᠭ᠎ᠠ ᠶ᠋ᠢ ᠨᠠᠢᠳᠠᠪᠤᠷᠢᠵᠢᠭᠤᠯᠤᠨ ᠴᠢᠩᠭᠠᠳᠬᠠᠬᠤ ᠤᠨ》 ᠤ᠋ ᠠᠵᠢᠯᠯᠠᠭ᠎ᠠ ᠦᠷᠨᠢᠭᠦᠯᠬᠦ ᠪᠡᠷ ᠳᠠᠮᠵᠢᠨ ᠠᠵᠤ ᠠᠬᠤᠢᠯᠠᠯ ᠤ᠋ᠨ 672 ᠲᠠᠯ᠎ᠠ ᠶ᠋ᠢᠨ ᠮᠡᠷᠭᠡᠵᠢᠯ ᠤ᠋ᠨ ᠪᠤᠭᠤᠮᠳᠠ ᠰᠢᠪᠳᠤᠯᠤᠯᠳᠠ ᠶ᠋ᠢ ᠠᠬᠢᠭᠤᠯᠵᠤ᠂ ᠠᠵᠤ ᠠᠬᠤᠢᠯᠠᠯ ᠤ᠋ᠨ 655 ᠬᠤᠪᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠦᠷ᠎ᠠ ᠪᠦᠲᠦᠭᠡᠯ ᠢ᠋ ᠤᠨᠳᠤᠤᠰᠢᠭᠤᠯᠤᠨ᠂ ᠤᠨᠳᠤᠤᠰᠢᠭᠤᠯᠤᠭᠰᠠᠨ ᠪᠡᠯᠡ ᠮᠦᠩᠬᠦ ᠨᠢ 8.2 ᠳ᠋ᠦᠩᠰᠢᠭᠤᠷ ᠲᠦᠭᠦᠷᠢᠭ ᠲᠤ᠌ ᠬᠦᠷᠴᠠᠢ; ᠵᠠᠰᠠᠭ ᠤ᠋ᠨ ᠤᠷᠳᠤᠨ ᠮᠦᠩᠭᠦᠨ ᠭᠦᠢᠯᠭᠡᠭᠡᠨ ᠤ᠋ ᠪᠠᠢᠭᠤᠯᠤᠮᠵᠢ ᠪᠠ ᠠᠵᠤ ᠠᠬᠤᠢᠯᠠᠯ ᠤ᠋ᠨ ᠵᠤᠯᠭᠠᠯᠴᠠᠭᠠᠨ ᠤ᠋ ᠠᠵᠢᠯᠯᠠᠭ᠎ᠠ ᠶ᠋ᠢ 291 ᠤᠳᠠᠭ᠎ᠠ ᠵᠤᠬᠢᠶᠠᠨ ᠪᠠᠢᠭᠤᠯᠤᠨ ᠦᠷᠨᠢᠭᠦᠯᠵᠦ ᠂ ᠠᠵᠤ ᠠᠬᠤᠢᠯᠠᠯ ᠤ᠋ᠨ ᠭᠤᠤᠯᠳᠠᠯᠭ᠎ᠠ ᠲᠠᠢ ᠲᠦᠷᠦᠯ ᠵᠦᠢᠯ ᠳ᠋ᠤ 3190 ᠳ᠋ᠦᠩᠰᠢᠭᠤᠷ ᠲᠦᠭᠦᠷᠢᠭ ᠤ᠋ᠨ ᠰᠠᠨᠠᠮᠵᠢ ᠶ᠋ᠢᠨ ᠪᠡᠯᠡ ᠮᠦᠩᠬᠦ᠂ 2926 ᠳ᠋ᠦᠩᠰᠢᠭᠤᠷ ᠲᠦᠭᠦᠷᠢᠭ ᠤ᠋ᠨ ᠵᠦᠪᠯᠡᠯᠴᠡᠭᠡᠷ ᠤ᠋ᠨ ᠪᠡᠯᠡ ᠮᠦᠩᠬᠦ ᠤᠯᠭᠤᠨ᠂ ᠤᠳᠤᠬᠠᠨ ᠪᠤᠯᠳᠠᠯ᠎ᠠ 1837 ᠳ᠋ᠦᠩᠰᠢᠭᠤᠷ ᠲᠦᠭᠦᠷᠢᠭ ᠤ᠋ᠨ ᠪᠡᠯᠡ ᠮᠦᠩᠬᠦ ᠶ᠋ᠢ ᠨᠢᠭᠡᠨᠳᠡ ᠪᠤᠳᠠᠳᠠᠢ ᠳ᠋ᠤ ᠨᠠᠢᠳᠠᠪᠤᠷᠢᠵᠢᠭᠤᠯᠪᠠ; 《ᠦᠨᠳᠦᠷ ᠪᠦᠲᠦᠮᠵᠢᠳᠠᠢ ᠪᠡᠷ ᠶᠠᠪᠤᠳᠠᠯ ᠭᠦᠢᠴᠡᠳᠭᠡᠬᠦ》ᠦᠭᠡᠷᠡᠴᠢᠯᠡᠯᠳᠡ ᠶ᠋ᠢᠨ ᠠᠵᠤ ᠠᠬᠤᠢᠯᠠᠯ ᠳ᠋ᠤ ᠬᠤᠯᠪᠤᠭᠳᠠᠬᠤ 10 ᠭᠤᠤᠯᠳᠠᠯᠭ᠎ᠠ ᠲᠠᠢ ᠠᠵᠢᠯ ᠢ᠋ ᠡᠬᠢᠯᠡᠭᠦᠯᠵᠦ᠂ 4121 ᠬᠡᠷᠡᠭ ᠢ᠋ ᠦᠨᠳᠦᠷ ᠪᠦᠲᠦᠮᠵᠢᠳᠠᠢ ᠪᠡᠷ ᠭᠦᠢᠴᠡᠳᠭᠡᠪᠡ; ᠬᠢᠨᠡᠨ ᠵᠦᠪᠰᠢᠶᠡᠷᠡᠬᠦ ᠦᠢᠯᠡᠴᠢᠯᠡᠭᠡ ᠶ᠋ᠢᠨ 35 ᠤᠨᠴᠠᠭᠠᠢ ᠭᠤᠭᠴᠤᠭ᠎ᠠ ᠶ᠋ᠢ ᠦᠭᠡᠢᠰᠭᠡᠵᠦ᠂ ᠠᠵᠤ ᠠᠬᠤᠢᠯᠠᠯ ᠤ᠋ᠨ ᠬᠢᠨᠡᠨ ᠵᠦᠪᠰᠢᠶᠡᠷᠡᠭᠦᠯᠬᠦ ᠶᠠᠪᠤᠳᠠᠯ ᠢ᠋ ᠭᠦᠢᠴᠡᠳᠭᠡᠬᠦ ᠴᠠᠭ ᠢ᠋ ᠨᠡᠢᠳᠡ 1700 ᠭᠠᠷᠤᠢ ᠠᠵᠢᠯᠯᠠᠬᠤ ᠡᠳᠦᠷ ᠪᠤᠭᠤᠨᠢᠰᠬᠠᠵᠠᠢ᠃ ᠪᠠᠰᠠ ᠭᠤᠤᠯ ᠴᠤᠭᠴᠠ ᠶ᠋ᠢᠨ ᠬᠠᠷᠢᠭᠤᠴᠠᠯᠭ᠎ᠠ ᠶ᠋ᠢᠨ ᠨᠠᠷᠢᠨ ᠳᠠᠩᠰᠠ ᠪᠠ ᠨᠠᠵᠠᠭᠠᠢ ᠬᠡᠷᠡᠭ ᠤ᠋ᠨ ᠨᠠᠷᠢᠨ ᠳᠠᠩᠰᠠ ᠪᠠᠢᠭᠤᠯᠬᠤ ᠪᠡᠷ ᠳᠠᠮᠵᠢᠨ ᠨᠡᠩ ᠡᠷᠬᠡ ᠳᠡᠭᠰᠢ᠂ ᠲᠦᠪ ᠭᠤᠤᠯᠴᠢ ᠪᠦᠭᠡᠳ ᠢᠯᠡ ᠲᠤᠳᠤᠷᠬᠠᠢ ᠳᠠᠭᠠᠭᠠᠴᠢᠯᠠᠯᠳᠠ ᠵᠠᠷᠯᠠᠨ ᠳᠠᠭᠠᠭᠠᠴᠢᠯᠠᠯᠳᠠ ᠬᠦᠯᠢᠶᠡᠬᠦ ᠵᠠᠬ᠎ᠠ ᠳᠡᠯᠭᠡᠭᠦᠷ ᠤ᠋ᠨ ᠤᠷᠴᠢᠨ ᠢ᠋ ᠡᠭᠦᠳᠴᠦ᠂ 《ᠶᠡᠷᠦᠩᠬᠡᠢᠯᠡᠭᠡᠳ ᠨᠢᠭᠡ ᠯᠡ ᠤᠳᠠᠭ᠎ᠠ ᠪᠠᠢᠴᠠᠭᠠᠬᠤ》 ᠦᠭᠡᠷᠡᠴᠢᠯᠡᠯᠳᠡ ᠵᠢᠴᠢ 《ᠺᠤᠳ᠋ ᠰᠢᠷᠪᠢᠨ ᠠᠵᠤ ᠠᠬᠤᠢᠯᠠᠯ ᠳ᠋ᠤ ᠤᠷᠤᠬᠤ》 ᠶ᠋ᠢ ᠬᠠᠮᠵᠢᠯᠴᠠᠭᠤᠯᠤᠨ ᠠᠬᠢᠭᠤᠯᠤᠭᠰᠠᠨ ᠡᠴᠡ ᠪᠦᠬᠦ ᠤᠷᠤᠨ ᠤ᠋ ᠵᠠᠰᠠᠭ ᠵᠠᠬᠢᠷᠭᠠᠨ ᠤ᠋ ᠪᠠᠢᠴᠠᠭᠠᠯᠳᠠ ᠶ᠋ᠢᠨ ᠲᠤᠭ᠎ᠠ ᠬᠡᠮᠵᠢᠶ᠎ᠠ ᠨᠢᠳᠤᠨᠤᠨ ᠤ᠋ ᠬᠢ ᠡᠴᠡ 15.5% ᠪᠡᠷ ᠪᠠᠭᠤᠷᠠᠭᠰᠠᠨ ᠪᠠᠢᠨ᠎ᠠ᠃